ᠮᠥᠩᠭᠦᠨ ᠭᠦᠢᠯᠭᠡᠭᠡᠨ ᠤ ᠬᠡᠷᠡᠭᠯᠡᠭᠴᠢᠳ ᠬᠤᠪᠢ ᠬᠥᠮᠦᠨ ᠤ ᠮᠡᠳᠡᠭᠡ ᠵᠠᠩᠭᠢ ᠪᠠᠨ ᠰᠠᠶᠢᠲᠤᠷ ᠬᠢᠮᠠᠭᠠᠳᠠᠨ ᠬᠠᠮᠢᠶᠠᠷᠬᠤ ᠭᠡᠷᠡᠭᠳᠡᠢ  ᠡᠳᠡᠭᠡᠷ ᠠᠶᠤᠯ ᠲᠦᠭᠰᠢᠭᠦᠷᠢ ᠶᠢ ᠠᠩᠬᠠᠷᠬᠤ ᠬᠡᠷᠡᠭᠲᠡᠶ ᠭᠡᠵᠦ ᠰᠠᠨᠠᠭᠤᠯᠪᠠ
ᠨᠡᠶᠢᠲᠡᠯᠡᠭᠰᠡᠨ ᠴᠠᠭ᠄
2024/3/20
       ᠬᠤᠪᠢ ᠬᠥᠮᠦᠨ ᠤ ᠮᠡᠳᠡᠭᠡ ᠵᠠᠩᠭᠢ ᠶᠢ ᠬᠠᠮᠠᠭᠠᠯᠠᠬᠤ  ᠲᠠᠯ᠎ᠠ ᠪᠠᠷ᠂  ᠣᠯᠠᠨ  ᠭᠠᠵᠠᠷ ᠤᠨ  ᠮᠥᠩᠭᠦᠨ  ᠬᠦᠢᠯᠭᠡᠭᠡᠨ ‍ᠤ‌‍ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠠᠴᠠ ᠮᠥᠩᠭᠦᠨ ᠬᠦᠢᠯᠭᠡᠭᠡᠨ ᠤ ᠬᠡᠷᠡᠭᠯᠡᠭᠴᠢᠳ ᠬᠤᠪᠢ  ᠬᠥᠮᠦᠨ ᠤ  ᠪᠡᠶ᠎ᠡ ᠵᠢᠨ‌ᠦᠨᠡᠮᠯᠡᠯ ᠵᠢᠴᠢ ᠪᠠᠩᠬᠢ ᠶᠢᠨ ᠺᠠᠷᠲ ᠵᠡᠷᠭᠡ ᠲᠠᠩᠰᠠᠨ ᠡᠷᠦᠬᠡ ᠶᠢᠨ ᠭᠡᠷᠡᠴᠢ ᠪᠠᠷᠢᠮᠲᠠ ᠪᠠᠨ ᠲᠣᠬᠢᠲᠠᠶ  ᠬᠢᠮᠠᠭᠠᠳᠠᠨ  ᠬᠠᠮᠢᠶᠠᠷᠴᠤ᠂ᠠᠷᠠᠯᠵᠢᠶᠠᠨ ᠤ ᠮᠡᠳᠡᠭᠡ ᠵᠠᠩᠭᠢ ᠵᠢᠴᠢ ᠪᠡᠶ᠎ᠡ ᠬᠡᠮ ᠢ ᠰᠢᠯᠭᠠᠨ ᠨᠤᠲᠠᠯᠠᠭᠰᠠᠨ ᠮᠡᠳᠡᠭᠡ ᠵᠠᠩᠭᠢ ᠪᠠᠨ ᠭᠠᠳᠠᠭᠰᠢ ᠵᠠᠳᠠᠷᠠᠭᠤᠯᠵᠤ ᠪᠣᠯᠬᠤ‌ᠥᠬᠡᠶ︔  ᠮᠥᠩᠭᠦᠨ  ᠭᠦᠢᠯᠭᠡᠭᠡᠨ ᠤ  ᠲᠤᠬᠠᠶᠢᠯᠠᠭᠰᠠᠨ  ᠠᠵᠢᠯ ᠢ  ᠭᠦᠢᠴᠡᠳᠬᠡᠬᠦ ᠳᠡᠭᠡᠨ  ᠲᠤᠰ  ᠬᠥᠮᠦᠨ ᠨᠢ  ᠥᠪᠡᠷ ᠵᠶ᠋ᠠᠨ‌‍ᠰᠢᠢᠳᠪᠦᠷᠢᠯᠡᠪᠡᠯ ᠬᠠᠮᠤᠭ ᠤᠨ ᠰᠠᠶᠢᠨ︔ ᠢᠷᠡᠯᠲᠡ ᠨᠢ ᠲᠣᠳᠣᠷᠬᠠᠶ ᠦᠭᠡᠢ ᠬᠤᠯᠪᠤᠭᠠᠰᠤ  ᠶᠢ ᠳᠤᠷ᠎ᠠ ᠪᠠᠷ ᠢᠶᠠᠨ ᠲᠤᠪᠰᠢᠬᠤ ᠪᠤᠶᠤ‌ᠢᠷᠡᠯᠲᠡ ᠨᠢ ᠲᠣᠳᠣᠷᠬᠠᠶ ᠦᠭᠡᠢ ᠬᠤᠶᠠᠷ ᠬᠡᠮᠵᠢᠯᠳᠦ ᠲᠡᠮᠳᠡᠭ ᠢ ᠳᠤᠷ᠎ᠠ ᠪᠠᠷ ᠢᠶᠠᠨ ᠰᠢᠷᠪᠢᠵᠦ ᠪᠤᠯᠬᠤ ᠦᠭᠡᠢ᠃              ᠮᠥᠩᠭᠦᠨ ᠭᠦᠢᠯᠭᠡᠭᠡᠨ ᠤ ᠦᠢᠯᠡᠳᠬᠦᠨ ᠢ  ᠬᠤᠳᠠᠯᠳᠤᠨ  ᠠᠪᠬᠤ ᠳᠤ  ᠥᠪᠡᠷ ᠤᠨ  ᠳᠠᠭᠠᠭᠠᠬᠤ  ᠴᠢᠳᠠᠪᠤᠷᠢ ᠳ᠋ᠠᠭᠠᠨ‌‍ᠲ᠋ᠤᠬᠢᠷᠠᠭᠰᠠᠨ ᠮᠥᠩᠭᠦᠨ ᠭᠦᠢᠯᠭᠡᠭᠡᠨ ᠤ ᠦᠢᠯᠡᠳᠬᠦᠨ ᠢ ᠰᠣᠩᠭᠤᠵᠤ᠂ ᠮᠥᠩᠭᠦᠨ ᠭᠦᠢᠯᠭᠡᠭᠡᠨ ᠤ  ᠪᠠᠶᠢᠭᠤᠯᠤᠮᠵᠢ ᠶᠢᠨ  ᠯᠠᠩᠭᠦᠢ᠂ᠥᠪᠡᠰᠦᠪᠡᠨ ᠦᠢᠯᠡᠴᠢᠯᠡᠬᠦ ᠮᠠᠰᠢᠨ ᠪᠠᠭᠠᠵᠢ᠂ ᠭᠠᠷ ᠤᠲᠠᠰᠤᠨ ᠤ ᠪᠠᠩᠬᠢ ᠵᠡᠷᠭᠡ ᠵᠢᠩᠬᠢᠨᠢ ᠠᠷᠭ᠎ᠠ ᠵᠠᠮ ᠢᠶᠠᠷ ᠬᠤᠳᠠᠯᠳᠤᠨ ᠠᠪᠬᠤ‌‍ᠬᠡᠷᠡᠭᠲᠡᠢ᠂ ᠬᠠᠤᠯᠢ ᠪᠤᠰᠤ ᠵᠠᠭᠤᠴᠢ ᠶᠢᠨ ᠲᠠᠨᠢᠯᠴᠠᠭᠤᠯᠭ᠎ᠠ ᠶᠢ ᠶᠠᠭᠠᠬᠢᠭᠰᠠᠨ ᠴᠤ ᠢᠲᠡᠭᠡᠵᠦ ᠪᠣᠯᠬᠤ ᠦᠭᠡᠢ᠃ ᠢᠯᠠᠩᠭᠤᠶ᠎ᠠ ᠬᠠᠤᠯᠢ‌‍ᠪᠤᠰᠤ ᠵᠠᠭᠤᠴᠢ ᠶᠢᠨ ︽ᠢᠲᠡᠭᠡᠮᠵᠢ ᠨᠢ ᠬᠡᠪ ᠤᠨ ᠪᠤᠰᠤ ᠪᠣᠯᠤᠭᠰᠠᠨ ᠴᠤ  ᠵᠢᠭᠡᠯᠡᠯᠭᠡ  ᠠᠪᠴᠤ  ᠪᠣᠯᠤᠨ᠎ᠠ︾  ᠭᠡᠰᠡᠨ  ᠨᠡᠷ᠎ᠡ ᠪᠠᠷ‌‍ᠬᠡᠷᠡᠭᠯᠡᠭᠴᠢᠳ ᠲᠤ ᠵᠢᠭᠡᠯᠡᠯᠭᠡ ᠵᠢᠭᠡᠯᠡᠬᠦᠯᠬᠦ  ᠶᠢ ᠰᠡᠷᠭᠡᠶᠢᠯᠡᠬᠦ ᠬᠡᠷᠡᠭᠲᠡᠶ ᠭᠡᠵᠦ ᠰᠠᠨᠠᠭᠤᠯᠵᠠᠶ᠃             ᠡᠭᠦᠨ ᠠᠴᠠ ᠭᠠᠳᠠᠨ᠎ᠠ᠂ ᠪᠠᠰᠠ᠄  ᠬᠤᠪᠢ  ᠬᠥᠮᠦᠨ ᠤ  ᠨᠡᠷ᠎ᠡ  ᠳᠤᠤᠷᠠᠬᠢ  ᠪᠠᠩᠬᠢ ᠶᠢᠨ  ᠲᠠᠩᠰᠠᠨ  ᠺᠠᠷᠲ  ᠵᠢᠨᠨ‌‍ᠲ᠋ᠦ᠋ᠷᠢᠶᠡᠰᠦᠯᠡᠬᠦ᠂ ᠵᠢᠭᠡᠯᠡᠭᠦᠯᠬᠦ᠂ ᠬᠤᠳᠠᠯᠳᠤᠵᠤ ᠪᠣᠯᠬᠤ ᠥᠬᠡᠶ᠂ ᠬᠠᠤᠯᠢ ᠪᠤᠰᠤ ᠡᠲᠡᠭᠡᠳ  ᠤᠨ ᠵᠣᠭᠤᠰ ᠤᠬᠢᠶᠠᠬᠤ᠂  ᠴᠠᠬᠢᠯᠭᠠᠨ‌ᠬᠤᠯᠪᠣᠭ᠎ᠠ ᠰᠦᠯᠵᠢᠶ᠎ᠡ ᠪᠠᠷ ᠮᠡᠬᠡᠯᠡᠬᠦ᠂ ᠭᠠᠶᠢᠯᠢ ᠠᠴᠠ ᠵᠠᠶᠢᠯᠠᠬᠤ ᠪᠠ ᠬᠢᠯᠢ  ᠠᠯᠤᠰᠯᠠᠨ  ᠰᠦᠯᠵᠢᠶ᠎ᠡ ᠪᠠᠷ  ᠵᠣᠭᠤᠰ  ᠮᠦᠷᠦᠶᠢᠴᠡᠬᠦ‌ᠵᠡᠷᠭᠡ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠬᠢᠬᠦ  ᠳᠤ ᠠᠰᠢᠬᠯᠠᠬᠳᠠᠬᠤ  ᠠᠴᠠ  ᠪᠠᠨ  ᠬᠢᠴᠢᠶᠡᠬᠦ  ᠬᠡᠷᠡᠭᠲᠡᠶ᠃  ᠬᠤᠪᠢ‌‍ᠬᠥ᠋ᠮᠦᠨ ᠤ ᠨᠡᠷ᠎ᠡ ᠲᠤᠤᠷᠠᠬᠢ ᠪᠠᠩᠬᠢ ᠶᠢᠨ ᠺᠠᠷᠲ ᠲᠠᠢ ᠴᠢᠨᠢ ᠬᠤᠯᠪᠤᠬᠳᠠᠬᠤ  ᠳᠤ  ᠬᠦᠷᠪᠡᠯ᠂  ᠬᠤᠶᠢᠰᠢᠳᠠ  ᠡᠯ᠎ᠡ  ᠲᠥᠷᠥᠯ ‍ᠤᠨ‌ᠮᠥ᠋ᠩᠭᠦᠨ ᠬᠦᠢᠯᠭᠡᠭᠡᠨ ᠤ ᠲᠤᠬᠠᠶᠢᠯᠠᠭᠰᠠᠨ ᠠᠵᠢᠯ ᠢ ᠬᠦᠢᠴᠡᠳᠭᠡᠬᠦ  ᠶᠢ ᠨᠥᠯᠥᠭᠡᠯᠡᠨ᠎ᠠ ᠭᠡᠵᠦ ᠠᠩᠬᠠᠷᠤᠭᠤᠯᠪᠠ᠃      
 
ᠢᠷᠡᠯᠲᠡ᠄ ᠠᠷᠠᠳ ᠤᠨ ᠰᠤᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号