ᠬᠡᠷᠡᠭᠯᠡᠭᠴᠢᠳ ᠤᠨ ᠡᠷᠬᠡ ᠠᠰᠢᠭ ᠢ ᠬᠠᠮᠠᠭᠠᠯᠠᠵᠤ ᠪᠠᠶᠢᠨ᠎ᠠ
ᠨᠡᠶᠢᠲᠡᠯᠡᠭᠰᠡᠨ ᠴᠠᠭ᠄
2024/3/20
     ᠲᠥᠪ ᠤᠨ ᠷᠠᠳᠢᠣ᠋ ᠲᠧᠯᠸᠢᠰ  ᠤᠨ ᠶᠡᠷᠦᠩᠬᠡᠢ  ᠬᠤᠷᠢᠶᠠᠨ   ᠤ  ︽3  ᠰᠠᠷ᠎ᠠ   ᠶᠢᠨ  15︾   ᠤ  ᠦᠳᠡᠰᠢᠯᠡᠭᠡ  ᠳ᠋ᠥ‌ᠢᠯᠡᠴᠢᠯᠡᠭᠰᠡᠨ ᠬᠡᠷᠡᠭᠯᠡᠭᠴᠢᠳ  ᠤᠨ ᠡᠷᠬᠡ ᠠᠰᠢᠭ  ᠢ ᠬᠤᠬᠢᠷᠠᠭᠤᠯᠤᠭᠰᠠᠨ ᠣᠯᠠᠨ ᠬᠡᠷᠡᠭ  ᠲᠤ ᠴᠢᠭᠯᠡᠭᠦᠯᠦᠨ ᠵᠠᠬ᠎ᠠ  ᠳᠡᠯᠭᠡᠭᠦᠷ  ᠲᠥ‌‍ᠬᠢᠨᠠᠯᠲᠠ ᠲᠠᠯᠪᠢᠵᠤ ᠬᠠᠮᠢᠶᠠᠷᠬᠤ ᠶᠡᠷᠦᠩᠬᠡᠢ ᠲᠣᠪᠴᠢᠶ᠎ᠠ ᠳᠡᠭᠡᠳᠦ ᠬᠡᠮᠵᠢᠶ᠎ᠡ   ᠪᠠᠷ  ᠴᠢᠬᠤᠯᠠᠴᠢᠯᠠᠵᠤ᠂  ᠡᠯ᠎ᠡ  ᠭᠠᠵᠠᠷ   ᠤᠨ  ᠵᠠᠬ᠎ᠠ‌‍ᠲ᠋ᠡᠯᠭᠡᠭᠦᠷ  ᠲᠤ ᠬᠢᠨᠠᠯᠲᠠ ᠲᠠᠯᠪᠢᠵᠤ ᠬᠠᠮᠢᠶᠠᠷᠬᠤ ᠲᠣᠪᠴᠢᠶ᠎ᠠ  ᠳᠠᠷᠤᠶᠢᠬᠠᠨ  ᠬᠥᠳᠡᠯᠦᠯᠴᠡᠨ  ᠬᠠᠤᠯᠢ  ᠬᠡᠷᠡᠭᠵᠢᠭᠦᠯᠬᠦ  ᠠᠵᠢᠯᠯᠠᠭ᠎ᠠ ᠥᠷᠨᠢᠭᠦᠯᠵᠦ᠂ ᠥᠪᠡᠷ ᠥᠪᠡᠷᠰᠡᠳ  ᠤᠨ  ᠬᠠᠮᠢᠶᠠᠷᠤᠯᠲᠠ   ᠶᠢᠨ  ᠴᠠᠷ  ᠬᠦᠷᠢᠶᠡᠨ   ᠳᠤ  ᠣᠷᠣᠰᠢᠵᠤ  ᠪᠠᠶᠢᠭ᠎ᠠ  ᠬᠠᠤᠯᠢ   ᠶᠢ ᠵᠥᠷᠢᠴᠡᠭᠰᠡᠨ ᠠᠵᠢᠯᠯᠠᠭ᠎ᠠ  ᠨᠤᠭᠤᠳ  ᠢ ᠬᠠᠷᠭᠤᠭᠤᠯᠤᠨ ᠪᠠᠶᠢᠴᠠᠭᠠᠨ ᠰᠢᠢᠳᠪᠦᠷᠢᠯᠡᠵᠦ ᠪᠠᠶᠢᠨ᠎ᠠ᠃                             ᠣᠳᠣ ᠵᠠᠬ᠎ᠠ ᠳᠡᠯᠭᠡᠭᠦᠷ  ᠲᠤ ᠬᠢᠨᠠᠯᠲᠠ ᠲᠠᠯᠪᠢᠵᠤ ᠬᠠᠮᠢᠶᠠᠷᠬᠤ ᠪᠠ  ᠳᠣᠲᠣᠭᠠᠳᠤ   ᠶᠢ  ᠬᠠᠮᠠᠭᠠᠯᠠᠬᠤ  ᠵᠡᠷᠭᠡ  ᠰᠠᠯᠠᠭ᠎ᠠ ᠮᠥᠴᠢᠷ ᠬᠡᠷᠡᠭ  ᠲᠤ ᠬᠤᠯᠪᠣᠭᠳᠠᠭᠰᠠᠨ ᠡᠳᠡᠭᠡᠷ ᠠᠵᠤ ᠠᠬᠤᠶᠢᠯᠠᠯ  ᠢ ᠭᠦᠨᠵᠡᠭᠡᠢ ᠪᠠᠶᠢᠴᠠᠭᠠᠵᠤ ᠪᠠᠶᠢᠨ᠎ᠠ᠃ ᠳᠠᠷᠠᠭ᠎ᠠ ᠠᠯᠬᠤᠮ  ᠳᠤ᠂ᠵᠠᠬ᠎ᠠ ᠳᠡᠯᠭᠡᠭᠦᠷ  ᠲᠤ ᠬᠢᠨᠠᠯᠲᠠ ᠲᠠᠯᠪᠢᠵᠤ ᠬᠠᠮᠢᠶᠠᠷᠬᠤ ᠶᠡᠷᠦᠩᠬᠡᠢ ᠲᠣᠪᠴᠢᠶ᠎ᠠ᠂ ᠬᠠᠮᠢᠶᠠᠲᠠᠢ ᠭᠠᠵᠠᠷ   ᠤᠨ  ᠵᠠᠬ᠎ᠠ  ᠳᠡᠯᠭᠡᠭᠦᠷ  ᠲᠥ‌‍ᠬᠢᠨᠠᠯᠲᠠ ᠲᠠᠯᠪᠢᠵᠤ ᠬᠠᠮᠢᠶᠠᠷᠬᠤ ᠰᠠᠯᠠᠭ᠎ᠠ ᠮᠥᠴᠢᠷ   ᠢ  ᠱᠠᠭᠠᠷᠳᠠᠨ  ︽3  ᠰᠠᠷ᠎ᠠ   ᠶᠢᠨ  15︾   ᠤ  ᠦᠳᠡᠰᠢᠯᠡᠭᠡ  ᠳᠡᠭᠡᠷ᠎ᠡ ᠢᠯᠡᠴᠢᠯᠡᠭᠰᠡᠨ ᠬᠠᠤᠯᠢ ᠪᠤᠰᠤ ᠠᠵᠢᠯᠯᠠᠭ᠎ᠠ  ᠶᠢ ᠲᠤᠶᠢᠯᠪᠤᠷᠢᠲᠠᠢ ᠪᠠᠶᠢᠴᠠᠭᠠᠵᠤ᠂ ᠴᠢᠩᠭ᠎ᠠ ᠴᠣᠬᠢᠯᠲᠠ ᠥᠭᠬᠦ᠂  ᠬᠡᠷᠡᠭᠯᠡᠭᠴᠢᠳ  ᠤᠨ ᠡᠷᠬᠡ ᠠᠰᠢᠭ  ᠢ ᠬᠠᠮᠠᠭᠠᠯᠠᠬᠤ᠂ ᠮᠢᠬᠠᠨ  ᠤ ᠪᠦᠲᠦᠭᠡᠭᠳᠡᠬᠦᠨ  ᠢ ᠬᠠᠤᠯᠢ  ᠪᠤᠰᠤ   ᠪᠠᠷ  ᠦᠢᠯᠡᠳᠪᠦᠷᠢᠯᠡᠨ  ᠪᠣᠷᠣᠯᠠᠭᠤᠯᠬᠤ  ᠶᠠᠯᠠᠲᠤ ᠠᠵᠢᠯᠯᠠᠭ᠎ᠠ  ᠶᠢ ᠲᠤᠰᠬᠠᠶᠢᠯᠠᠨ ᠴᠡᠭᠴᠡᠯᠡᠨ ᠵᠠᠰᠠᠬᠤ ᠵᠡᠷᠭᠡ ᠲᠤᠰᠬᠠᠢ ᠲᠥᠷᠥᠯ  ᠤᠨ  ᠠᠵᠢᠯᠯᠠᠭ᠎ᠠ   ᠶᠢ  ᠭᠦᠨᠵᠡᠭᠡᠢ  ᠥᠷᠨᠢᠭᠦᠯᠵᠦ᠂ ᠬᠡᠷᠡᠭᠯᠡᠭᠴᠢᠳ  ᠤᠨ ᠬᠠᠤᠯᠢ ᠶᠣᠰᠣᠨ  ᠤ ᠡᠷᠬᠡ ᠠᠰᠢᠭ  ᠢ ᠦᠨᠡᠨ ᠬᠦ ᠬᠠᠮᠠᠭᠠᠯᠠᠬᠤ ᠪᠠᠷ ᠪᠠᠶᠢᠨ᠎ᠠ᠃          
 
ᠢᠷᠡᠯᠲᠡ᠄ ᠲᠤᠮᠳᠠᠳᠣ ᠣᠯᠣᠰ ᠤᠨ ᠮᠣᠩᠭᠤᠯ ᠷᠠᠳᠢᠣ᠋ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号