2024 ᠣᠨ ᠤ 3 ᠰᠠᠷ᠎ᠠ ᠶᠢᠨ 12 ᠤᠨ ᠡᠳᠦᠷ ᠪᠣᠯ ᠪᠥᠬᠦ ᠤᠯᠤᠰ ᠤᠨ 46 ᠳ᠋ᠤᠭᠠᠷ ᠮᠣᠳᠣ ᠳᠠᠷᠢᠬᠤ | ᠡᠳᠦᠷ ᠪᠣᠯᠤᠨ᠎ᠠ᠂ ᠥᠪᠥᠷ ᠮᠣᠩᠭᠤᠯ ᠤᠨ ᠡᠯ᠎ᠡ ᠭᠠᠵᠠᠷ ᠤᠨ ᠬᠢᠨ ᠠᠳᠠᠯᠢ ᠪᠤᠰᠤ ᠬᠡᠯᠪᠡᠷᠢ ᠪᠠᠷ ᠳᠠᠮᠵᠢᠭᠤᠯᠤᠨ ᠠᠯᠪᠠᠨ | ᠵᠢᠷᠤᠮ ᠤᠨ ᠮᠣᠳᠣ ᠳᠠᠷᠢᠬᠤ ᠭᠤᠤᠯ ᠰᠡᠳᠦᠪᠲᠦ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠵᠦ᠂ ᠣᠯᠠᠨ ᠨᠡᠶᠢᠲᠡ ᠳᠤ | 11 ᠣᠶᠢᠵᠢᠭᠤᠯᠵᠤ ᠨᠣᠭᠤᠭᠠᠷᠠᠭᠤᠯᠬᠤ ᠲᠥᠷᠥᠯ᠂ 9 ᠪᠤᠶᠢᠵᠢᠭᠤᠯᠤᠨ ᠬᠠᠮᠢᠶᠠᠷᠴᠤ ᠬᠠᠮᠠᠭᠠᠯᠠᠬᠤ ᠲᠥᠷᠥᠯ᠂ 36 | ᠰᠠᠶᠢᠨ ᠳᠤᠷ᠎ᠠ ᠶᠢᠨ ᠦᠢᠯᠡᠴᠢᠯᠡᠭᠡᠨ ᠤ ᠲᠥᠷᠥᠯ ᠤᠨ ᠠᠯᠪᠠᠨ ᠵᠢᠷᠤᠮ ᠤᠨ ᠮᠣᠳᠣ ᠳᠠᠷᠢᠬᠤ ᠡᠭᠦᠷᠭᠡ | ᠬᠠᠷᠢᠭᠤᠴᠠᠯᠭ᠎ᠠ ᠪᠠᠨ ᠭᠦᠢᠴᠡᠳᠬᠡᠬᠦ ᠬᠡᠯᠪᠡᠷᠢ ᠶᠢ ᠲᠦᠭᠡᠮᠡᠯᠵᠢᠭᠦᠯᠵᠦ᠂ ᠠᠯᠪᠠᠨ ᠵᠢᠷᠤᠮ ᠤᠨ ᠮᠣᠳᠣ ᠳᠠᠷᠢᠬᠤ ᠪᠠ | ᠤᠯᠤᠰ ᠤᠨ ᠨᠤᠲᠤᠭ ᠳᠡᠪᠢᠰᠬᠡᠷ ᠤᠨ ᠨᠣᠭᠤᠭᠠᠷᠠᠭᠤᠯᠤᠯᠲᠠ ᠶᠢ ᠪᠥᠬᠦ ᠨᠡᠶᠢᠭᠡᠮ ᠢᠶᠠᠷ ᠢᠶᠠᠨ ᠬᠠᠯᠠᠮᠵᠢᠯᠠᠬᠤ᠂ ᠳᠡᠮᠵᠢᠬᠦ᠂ | ᠣᠷᠣᠯᠴᠠᠬᠤ ᠰᠠᠶᠢᠨ ᠰᠠᠶᠢᠬᠠᠨ ᠠᠭᠤᠷ ᠠᠮᠢᠰᠬᠤᠯ ᠢ ᠪᠣᠶ ᠪᠣᠯᠭᠠᠪᠠ᠃ ᠥᠪᠥᠷ ᠮᠣᠩᠭᠤᠯ ᠢᠮᠠᠭᠲᠠ ᠠᠯᠪᠠᠨ | ᠵᠢᠷᠤᠮ ᠤᠨ ᠮᠣᠳᠣ ᠳᠠᠷᠢᠬᠤ ᠪᠠ ᠣᠶᠢᠵᠢᠭᠤᠯᠵᠤ ᠨᠣᠭᠤᠭᠠᠷᠠᠭᠤᠯᠬᠤ ᠠᠵᠢᠯ ᠢ ᠣᠷᠭᠠᠨᠢᠭ ᠢᠶᠠᠷ ᠤᠶᠠᠯᠳᠤᠭᠤᠯᠵᠤ᠂ | ᠠᠯᠪᠠᠨ ᠵᠢᠷᠤᠮ ᠤᠨ ᠮᠣᠳᠣ ᠳᠠᠷᠢᠬᠤ ᠬᠠᠷᠢᠶ᠎ᠠ ᠭᠠᠵᠠᠷ ᠤᠨ ᠬᠠᠮᠢᠶᠠᠷᠤᠯᠲᠠ ᠶᠢ ᠲᠠᠰᠤᠷᠠᠯᠲᠠᠥᠬᠡᠶ ᠴᠢᠩᠭᠠᠳᠬᠠᠵᠤ᠂ | ᠣᠶᠢᠵᠢᠭᠤᠯᠵᠤ ᠨᠣᠭᠤᠭᠠᠷᠠᠭᠤᠯᠬᠤ᠂ ᠠᠷᠠᠴᠢᠯᠠᠨ ᠬᠠᠮᠢᠶᠠᠷᠴᠤ ᠬᠠᠮᠠᠭᠠᠯᠠᠬᠤ᠂ ᠳᠠᠷᠢᠬᠤ ᠠᠷᠠᠴᠢᠯᠠᠬᠤ᠂ ᠪᠠᠶᠢᠭᠠᠯᠢ ᠶᠢᠨ | ᠬᠠᠮᠠᠭᠠᠯᠠᠯᠲᠠ᠂ ᠡᠳ᠋ ᠪᠣᠳᠠᠰ ᠬᠠᠨᠳᠢᠪᠯᠠᠬᠤ᠂ ᠲᠣᠨᠤᠭ ᠲᠥᠬᠦᠭᠡᠷᠦᠮᠵᠢ ᠪᠠᠶᠢᠭᠤᠯᠬᠤ ᠵᠡᠷᠭᠡ ᠣᠯᠠᠨ ᠵᠦᠢᠯ ᠤᠨ | ᠬᠡᠯᠪᠡᠷᠢ ᠪᠠᠷ ᠨᠡᠶᠢᠭᠡᠮ ᠤᠨ ᠡᠯ᠎ᠡ ᠡᠲᠡᠭᠡᠳ ᠤᠨ ᠬᠥᠮᠦᠰ ᠢ ᠥᠷᠭᠡᠨᠢᠶ᠋ᠠᠷ ᠳᠠᠶᠢᠴᠢᠯᠠᠨ ᠪᠥᠬᠦ ᠠᠷᠠᠳ ᠢ ᠠᠯᠪᠠᠨ | ᠵᠢᠷᠤᠮ ᠤᠨ ᠮᠣᠳᠣ ᠳᠠᠷᠢᠬᠤ ᠠᠵᠢᠯᠯᠠᠭ᠎ᠠ ᠳᠤ ᠢᠳᠡᠪᠬᠢᠲᠡᠶ ᠣᠷᠣᠯᠴᠠᠭᠤᠯᠵᠠᠶ᠃ ᠨᠠᠮ ᠤᠨ ᠠᠷᠪᠠᠨ ᠨᠠᠢᠮᠠᠳᠤᠭᠠᠷ ᠶᠡᠭᠡ | ᠬᠤᠷᠠᠯ ᠠᠴᠠ ᠨᠠᠰᠢ᠂ ᠪᠥᠬᠦ ᠣᠷᠣᠨ ᠤ ᠠᠯᠪᠠᠨ ᠵᠢᠷᠤᠮ ᠤᠨ ᠮᠣᠳᠣ ᠳᠠᠷᠢᠬᠤ ᠠᠵᠢᠯᠯᠠᠭ᠎ᠠ ᠳᠤ ᠣᠷᠣᠯᠴᠠᠭᠰᠠᠨ | ᠬᠥᠮᠦᠨ ᠤ ᠲᠤᠭ᠎ᠠ ᠨᠡᠶᠢᠲᠡ 11000 ᠲᠦᠮᠡᠨ ᠬᠥᠮᠦᠨ ᠤᠳᠠᠭ᠎ᠠ ᠳᠤ ᠬᠦᠷᠴᠦ᠂ 57000 ᠲᠦᠮᠡᠨ ᠰᠠᠭᠤᠷᠢ | ᠮᠣᠳᠣ ᠲᠠᠷᠢᠪᠠ᠃ ᠵᠥᠪᠬᠡᠨ 2023 ᠣᠨ ᠳᠤ᠂ᠪᠥᠬᠦ ᠣᠷᠣᠨ ᠤ ᠠᠯᠪᠠᠨ ᠵᠢᠷᠤᠮ ᠤᠨ ᠮᠣᠳᠣ ᠳᠠᠷᠢᠬᠤ | ᠠᠵᠢᠯᠯᠠᠭ᠎ᠠ ᠳᠤ ᠣᠷᠣᠯᠴᠠᠭᠰᠠᠨ ᠬᠥᠮᠦᠨ 930 ᠭᠠᠷᠤᠶ ᠲᠦᠮᠡ ᠳ᠋ᠤ᠋ᠬᠦ᠋ᠷᠴᠦ᠂ ᠨᠡᠶᠢᠲᠡ 3700 ᠲᠦᠮᠡᠨ ᠰᠠᠭᠤᠷᠢ | ᠮᠤᠳᠤ ᠲᠠᠷᠢᠵᠤ᠂ ᠠᠯᠪᠠᠨ ᠵᠢᠷᠤᠮ ᠤᠨ ᠮᠣᠳᠣ ᠳᠠᠷᠢᠬᠤ ᠰᠠᠭᠤᠷᠢᠨ ᠭᠠᠵᠠᠷ ᠢ 124 ᠰᠢᠨ᠎ᠡ ᠪᠠᠷ | ᠪᠠᠶᠢᠭᠤᠯᠤᠭᠰᠠᠨ ᠪᠤᠶᠤ ᠥᠷᠭᠡᠳᠬᠡᠨ ᠪᠠᠶᠢᠭᠤᠯᠤᠭᠰᠠᠨ ᠪᠠᠶᠢᠨ᠎ᠠ᠃ ᠪᠥᠬᠦ ᠠᠷᠠᠳ ᠤᠨ ᠡᠭᠦᠷᠭᠡ ᠬᠠᠷᠢᠭᠤᠴᠠᠯᠭ᠎ᠠ ᠪᠠᠨ | ᠭᠦᠢᠴᠡᠳᠬᠡᠬᠦ ᠣᠯᠠᠨ ᠶᠠᠩᠵᠤ ᠶᠢᠨ ᠱᠠᠭᠠᠷᠳᠠᠯᠭ᠎ᠠ ᠶᠢ ᠬᠠᠩᠭᠠᠬᠤ ᠶᠢᠨ ᠲᠥᠯᠥᠭᠡ᠂ ᠡᠨᠡ ᠵᠢᠯ᠂ ᠥᠪᠥᠷᠮᠣᠩᠭᠤᠯ | ︽ᠢᠨᠲ᠋ᠧᠷ ᠰᠦᠯᠵᠢᠶ᠎ᠡ + ᠪᠥᠬᠦ ᠠᠷᠠᠳ ᠤᠨ ᠠᠯᠪᠠᠨ ᠵᠢᠷᠤᠮ ᠤᠨ ᠮᠣᠳᠣ ᠳᠠᠷᠢᠬᠤ ᠠᠵᠢᠯᠯᠠᠭ᠎ᠠ︾ ᠶᠢ ᠢᠳᠡᠪᠬᠢᠲᠡᠶ | ᠠᠬᠢᠭᠤᠯᠵᠤ᠂ ᠣᠳᠣᠬᠠᠨ ᠳᠤ ᠨᠢᠭᠡᠨᠲᠡ ᠪᠥᠬᠦ ᠠᠷᠠᠳ ᠤᠨ ᠠᠯᠪᠠᠨ ᠵᠢᠷᠤᠮ ᠤᠨ ᠮᠣᠳᠣ ᠳᠠᠷᠢᠬᠤ ᠰᠦᠯᠵᠢᠶᠡᠨ | ᠳᠡᠭᠡᠷᠡᠬᠢ 80 ᠭᠠᠷᠤᠶ ᠬᠥᠳᠡᠯᠮᠦᠷᠢ ᠶᠢᠨ ᠬᠠᠷᠢᠭᠤᠴᠠᠯᠭ᠎ᠠ ᠪᠠᠨ ᠭᠦᠢᠴᠡᠳᠬᠡᠬᠦ ᠲᠥᠷᠥᠯ ᠢ ᠪᠡᠶᠡᠯᠡᠭᠦᠯᠵᠦ᠂ ᠪᠣᠶ ᠪᠥᠬᠦᠶ | ᠨᠠᠰᠤᠨ ᠳᠤ ᠬᠦᠷᠦᠭᠰᠡᠨᠠᠷᠠᠳ ᠢᠷᠭᠡᠳ ᠴᠥᠮ ᠪᠥᠬᠦ ᠠᠷᠠᠳ ᠤᠨ ᠠᠯᠪᠠᠨ ᠵᠢᠷᠤᠮ ᠤᠨ ᠮᠣᠳᠣ ᠳᠠᠷᠢᠬᠤ | ᠰᠦᠯᠵᠢᠶ᠎ᠡ ᠪᠠᠷ ᠳᠡᠮᠵᠢᠨ ᠨᠡᠷ᠎ᠡ ᠮᠡᠳᠡᠭᠦᠯᠦᠨᠣᠷᠣᠯᠴᠠᠵᠤ᠂ ︽ᠪᠥᠬᠦ ᠵᠢᠯ ᠳᠤ ᠬᠠᠷᠢᠭᠤᠴᠠᠯᠭ᠎ᠠ ᠪᠠᠨ ᠭᠦᠢᠴᠡᠳᠬᠡᠬᠦ᠂ | ᠣᠯᠠᠨ ᠶᠠᠩᠵᠤ ᠶᠢᠨ ᠬᠠᠷᠢᠭᠤᠴᠠᠯᠭ᠎ᠠ ᠪᠠᠨ ᠭᠦᠢᠴᠡᠳᠬᠡᠬᠦ᠂ ᠲᠥᠬᠦᠮ ᠦᠵᠡᠭᠦᠯᠵᠦ ᠬᠠᠷᠢᠭᠤᠴᠠᠯᠭ᠎ᠠ ᠪᠠᠨ ᠭᠦᠢᠴᠡᠳᠬᠡᠬᠦ︾ | ᠶᠢ ᠪᠡᠶᠡᠯᠡᠭᠦᠯᠵᠦ᠂ 2024 ᠣᠨ ᠳᠤ᠂ ᠪᠥᠬᠦ ᠣᠷᠣᠨ ᠳᠤ3000 ᠲᠦᠮᠡᠨ ᠰᠠᠭᠤᠷᠢ ᠮᠤᠳᠤ ᠲᠠᠷᠢᠬᠤ ᠶᠢ | ᠪᠡᠶᠡᠯᠡᠭᠦᠯᠬᠦ ᠪᠠᠷ ᠲᠥᠯᠥᠪᠯᠡᠵᠦ᠂ ᠤᠮᠠᠷᠠᠲᠤ ᠶᠢᠨ ᠭᠤᠷᠪᠠᠨ ᠤᠷᠤᠨ ᠤ ᠢᠨᠵᠧᠨᠧᠷᠢᠩ ᠤᠨ ᠰᠢᠪᠲᠤᠯᠤᠯᠲᠠ ᠶᠢᠨ | ᠳᠠᠶᠢᠯᠠᠯᠳᠤᠭᠠᠨ ᠪᠠ ᠭᠤᠷᠪᠠᠨ ᠶᠡᠭᠡ ᠪᠡᠯᠭᠡ ᠲᠡᠮᠳᠡᠭ ᠤᠨ ᠴᠢᠨᠠᠷᠲᠠᠶ ᠳᠠᠶᠢᠯᠠᠯᠳᠤᠭᠠᠨ ᠢ ᠰᠠᠶᠢᠲᠤᠷ ᠬᠢᠨ᠎ᠡ᠃ | | | |