ᠤᠨᠲᠠᠵᠤ ᠰᠡᠷᠡᠭᠰᠡᠨ ᠤ ᠳᠠᠷᠠᠭ᠎ᠠ᠂ ᠡᠨᠡ ᠳᠥᠷᠪᠡᠨ ᠮᠠᠭᠤ ᠳᠠᠳᠬᠠᠯ ᠢᠶᠠᠨ ᠵᠠᠪᠠᠯ ᠬᠠᠯᠠᠬᠤ ᠬᠡᠷᠡᠭᠲᠡᠶ︕
ᠨᠡᠶᠢᠲᠡᠯᠡᠭᠰᠡᠨ ᠴᠠᠭ᠄
2024/3/20
    1. ᠬᠡᠷᠪᠡ ᠤᠨᠲᠠᠵᠤ ᠰᠡᠷᠡᠮᠡᠭᠴᠡ ᠪᠠᠷᠢᠨ ᠲᠤᠤᠷ᠎ᠠ  ᠪᠠᠨ ᠤᠷᠤ  ᠠᠴᠠ ᠪᠠᠨ  ᠪᠠᠭᠤᠪᠠᠯ᠂  ᠶᠡᠭᠡ  ᠲᠠᠷᠢᠬᠢᠨ ᠤ  ᠴᠢᠰᠤᠨ ‍ᠤ‌ᠬᠠᠩᠭᠠᠯᠲᠠ ᠬᠦᠷᠦᠯᠴᠡᠬᠦ ᠦᠭᠡᠢ ᠪᠣᠯᠵᠤ᠂ ᠰᠠ ᠡᠪᠡᠳᠴᠢᠨ᠂ ᠭᠡᠨᠡᠳᠲᠡ  ᠦᠬᠦᠬᠦ  ᠵᠡᠷᠭᠡ  ᠭᠡᠨᠡᠳᠲᠡ ᠶᠢᠨ  ᠠᠳᠡᠯ  ᠠᠮᠠᠷᠬᠠᠨ‌ᠭᠠᠷᠴᠤ ᠮᠡᠳᠡᠨ᠎ᠡ᠃  ᠰᠠᠨᠠᠭᠤᠯᠤᠮᠵᠢ᠄  1.ᠰᠠᠶ᠋ᠢ ᠰᠡᠷᠡᠮᠡᠭᠴᠡ᠂ ᠣᠷᠣ ᠳᠡᠭᠡᠷ᠎ᠡ ᠪᠠᠨ 30 ᠰᠧᠺᠦ᠋ᠨ᠋ᠳ᠋ ᠬᠡᠪᠲᠡᠵᠦ᠂ ᠪᠣᠰᠤᠭᠰᠠᠨ ᠤ ᠳᠠᠷᠠᠭ᠎ᠠ  30ᠰᠧᠺᠦ᠋ᠨ᠋ᠳ᠋ ᠰᠠᠭᠤᠵᠤ᠂ ᠲᠠᠷᠠᠭ᠎ᠠ  ᠨᠢ ᠣᠷᠣ ᠶᠢᠨ ᠬᠦᠪᠡᠭᠡ ᠲᠡᠭᠡᠷ᠎ᠡ  ᠪᠠᠨ 30  ᠰᠧᠺᠦ᠋ᠨ᠋ᠳ᠋  ᠰᠠᠭᠤᠬᠰᠠᠨ   ᠤ  ᠬᠤᠶᠢᠨ᠎ᠠ  ᠰᠠᠶ᠋ᠢ‌‍ᠪᠤᠰᠴᠤ ᠶᠠᠪᠤᠨ᠎ᠠ᠃          2. ᠮᠠᠭᠤ ᠳᠠᠳᠬᠠᠯ ᠬᠤᠶᠠᠷ᠄ ᠪᠣᠰᠤᠭᠰᠠᠨ ᠤ ᠳᠠᠷᠠᠭ᠎ᠠ ᠪᠠᠯ ᠲᠠᠢ ᠤᠰᠤ᠂ ᠳᠠᠪᠤᠰᠤ ᠲᠠᠢ ᠤᠰᠤ ᠤᠤᠭᠤᠬᠤ    ᠵᠠᠷᠢᠮ ᠬᠥᠮᠦᠨ ᠥᠷᠯᠥᠭᠡ ᠪᠣᠰᠤᠭᠰᠠᠨ ᠤ ᠳᠠᠷᠠᠭ᠎ᠠ᠂ ᠪᠠᠯ ᠲᠠᠢ ᠤᠰᠤ᠂ ᠳᠠᠪᠤᠰᠤ ᠲᠠᠢ ᠤᠰᠤ  ᠤᠤᠭᠤᠬᠤ  ᠳᠤᠷᠠᠲᠠᠶ‌‍ᠪᠠᠶᠢᠳᠠᠭ ᠪᠦᠭᠡᠳ ᠡᠨᠡ ᠨᠢ ᠭᠠᠳᠠᠭᠠᠯᠠᠬᠤ᠂ ᠬᠤᠤᠷ  ᠢ ᠭᠠᠳᠠᠭᠰᠢᠯᠠᠭᠤᠯᠬᠤ ᠳᠤ  ᠲᠤᠰᠠᠳᠠᠢ  ᠭᠡᠵᠦ  ᠦᠵᠡᠳᠡᠭ᠂  ᠦᠨᠡᠨ ᠳ᠋ᠡᠭᠡᠨ‌ᠢᠩᠭᠢᠵᠦ ᠬᠢᠬᠦ ᠨᠢ ᠪᠤᠷᠤᠭᠤ ᠶᠤᠮ᠃            ᠰᠠᠨᠠᠭᠤᠯᠤᠮᠵᠢ᠄ ᠥᠷᠯᠥᠭᠡ ᠪᠤᠰᠤᠬᠰᠠᠨ  ᠤ ᠨᠢᠭᠡ ᠴᠤᠮᠤ ᠪᠤᠴᠠᠯᠤᠭᠰᠠᠨ ᠤᠰᠤ ᠤᠤᠭᠤᠬᠤ ᠪᠣᠯ  ᠬᠠᠮᠤᠭ ᠤᠨ  ᠰᠠᠶᠢᠨ‌‍ᠰᠣᠩᠭᠤᠯᠲᠠ ᠮᠥᠨ᠃ ᠤᠰᠤ ᠤᠤᠭᠤᠬᠤ ᠳᠠᠭᠠᠨ ᠪᠠᠭ᠎ᠠ ᠬᠡᠮᠵᠢᠶ᠎ᠡ ᠪᠠᠷ ᠣᠯᠠᠨ ᠤᠳᠠᠭ᠎ᠠ  ᠤᠤᠭᠤᠬᠤ  ᠬᠡᠷᠡᠭᠲᠡᠢ᠂  ᠨᠢᠭᠡ  ᠯᠡ‌‍ᠲ᠋ᠡᠭᠡᠷ᠎ᠡ ᠲᠡᠩᠳᠡᠭᠦᠦ ᠠᠷᠪᠢᠨ ᠤᠤᠭᠤᠵᠤ ᠪᠣᠯᠬᠤ  ᠦᠭᠡᠢ᠂  ᠤᠤᠭᠤᠬᠤ  ᠤᠰᠤᠨ ᠤ  ᠬᠡᠮᠵᠢᠶ᠎ᠡ ᠶᠢ  100  ᠮᠢᠯᠢᠯᠢᠲᠷ ᠡᠴᠠ‌‍ᠬᠡᠲᠦᠷᠡᠭᠦᠯᠵᠦ ᠪᠣᠯᠬᠤ ᠦᠭᠡᠢ᠃          3. ᠮᠠᠭᠤ ᠳᠠᠳᠬᠠᠯ ᠭᠤᠷᠪᠠ᠄ ᠭᠠᠳᠠᠭᠠᠯᠠᠬᠤ  ᠳᠠᠭᠠᠨ ᠰᠡᠳᠬᠢᠯ ᠲᠠᠯᠪᠢᠬᠤ ᠦᠭᠡᠢ᠂ ᠬᠡᠲᠦᠷᠬᠡᠶ ᠤᠳᠠᠭᠠᠨ ᠰᠠᠭᠤᠬᠤ  ᠥᠷᠯᠥᠭᠡ ᠪᠣᠰᠤᠭᠰᠠᠨ ᠤ ᠳᠠᠷᠠᠭ᠎ᠠ ᠪᠦᠳᠦᠭᠦᠨ ᠭᠡᠳᠡᠰᠦᠨ ᠤ ᠬᠥᠳᠡᠯᠭᠡᠭᠡᠨ  ᠨᠡᠯᠢᠶᠡᠳ  ᠬᠥᠭᠵᠢᠶᠡᠨ ᠲᠠᠢ  ᠪᠠᠶᠢᠳᠠᠭ᠂ᠴᠥᠭᠡᠨ ᠪᠤᠰᠤ ᠬᠥᠮᠦᠨ  ᠨᠢ ᠡᠨᠡ ᠦᠶ᠎ᠡ ᠳᠤ ᠭᠠᠳᠠᠭᠠᠯᠠᠳᠠᠭ᠂ ᠢᠩᠭᠢᠵᠦ ᠬᠢᠬᠦ ᠨᠢ ᠵᠥᠪ ᠶᠤᠮ᠃ ᠭᠡᠪᠡᠴᠦ ᠵᠠᠷᠢᠮ  ᠬᠥᠮᠦᠨ  ᠨᠢ‌ᠭᠠᠳᠠᠭᠠᠯᠠᠬᠤ  ᠳᠠᠭᠠᠨ ᠭᠠᠷ ᠤᠲᠠᠰᠤ ᠨᠠᠭᠠᠳᠴᠤ᠂ ᠵᠣᠷᠯᠣᠩ ᠳᠤ ᠬᠠᠭᠠᠰ ᠴᠠᠭ  ᠢᠶᠠᠷ ᠰᠠᠭᠤᠳᠠᠭ᠂ ᠢᠩᠭᠢᠪᠡᠯ  ᠱᠠᠮᠪᠠᠷᠠᠮ  ᠤᠯᠵᠤ‌ᠮᠡᠳᠡᠨ᠎ᠡ᠃ ᠲᠠᠬᠢᠪᠠᠯ ᠭᠠᠳᠠᠭᠠᠯᠠᠬᠤ ᠳᠠᠭᠠᠨ ᠬᠡᠲᠦᠷᠬᠡᠢ ᠬᠦᠴᠦᠯᠡᠵᠦ ᠪᠣᠯᠬᠤ ᠦᠭᠡᠢ᠂ ᠬᠡᠲᠦᠷᠬᠡᠢ ᠬᠦᠴᠦᠯᠡᠪᠡᠯ ᠭᠡᠨᠡᠳᠲᠡ ᠦᠬᠦᠬᠦ᠂ᠲᠠᠷᠢᠬᠢᠨ ᠤ ᠴᠢᠰᠤᠨ ᠰᠤᠳᠠᠯ ᠳᠡᠯᠪᠡᠷᠡᠬᠦ ᠵᠡᠷᠭᠡ ᠭᠡᠨᠡᠳᠲᠡ ᠶᠢᠨ ᠠᠳᠡᠯ ᠭᠠᠷᠴᠤ ᠮᠡᠳᠡᠨ᠎ᠡ᠃           4. ᠮᠠᠭᠤ ᠳᠠᠳᠬᠠᠯ ᠳᠥᠷᠪᠡ᠄ ᠴᠠᠭ  ᠲᠠᠭᠠᠨ ᠥᠷᠯᠥᠭᠡᠨ ᠤ ᠬᠤᠭᠤᠯᠠ  ᠪᠠᠨ ᠢᠳᠡᠳᠡᠭ ᠦᠭᠡᠢ          ᠥᠷᠯᠥᠭᠡ ᠶᠠᠭᠤᠮ᠎ᠠ ᠬᠤᠭᠤᠯᠠ ᠢᠳᠡᠬᠦ ᠥᠬᠡᠶ ᠪᠤᠶᠤ ᠨᠡᠯᠢᠶᠡᠳ ᠤᠷᠤᠢ ᠥᠷᠯᠥᠭᠡ ᠶᠢᠨ ᠬᠤᠭᠤᠯᠠ  ᠪᠠᠨ  ᠢᠳᠡᠬᠦ ᠨᠢ‌ᠬᠤᠳᠣᠭᠤᠳᠣᠨ ᠡᠪᠡᠳᠴᠢᠨ᠂ ᠰᠥᠰᠥᠨ ᠤ ᠴᠢᠯᠠᠭᠤᠰᠢᠷᠠᠯ ᠤᠨ ᠲᠦᠭᠰᠢᠭᠦᠷᠢ ᠶᠢ ᠨᠡᠮᠡᠭᠳᠡᠭᠦᠯᠳᠡᠭ ᠪᠦᠭᠡᠳ ᠪᠠᠰᠠ ᠮᠠᠷᠢᠶᠠᠯᠠᠬᠤ ᠪᠠ‌‍ᠲ᠋ᠠᠨᠢᠨ ᠮᠡᠳᠡᠬᠦᠶ ᠶᠢᠨ ᠴᠢᠳᠠᠪᠤᠷᠢ ᠶᠢ ᠪᠠᠭᠤᠷᠠᠭᠤᠯᠵᠤ ᠮᠡᠳᠡᠨ᠎ᠡ᠃ 9᠄ 00  ᠴᠠᠭ ᠠᠴᠠ  ᠰᠡᠭᠦᠯᠡᠷ  ᠥᠷᠯᠥᠭᠡ ᠶᠢᠨ  ᠬᠤᠭᠤᠯᠠ‌ᠢᠳᠡᠵᠦ᠂ 21᠄ 00 ᠴᠠᠭ ᠠᠴᠠ ᠰᠡᠭᠦᠯᠡᠷ ᠣᠷᠣᠢ ᠶᠢᠨ ᠬᠤᠭᠤᠯᠠ ᠢᠳᠡᠬᠦ ᠨᠢ ᠵᠢᠷᠦᠬᠡ ᠴᠢᠰᠤᠨ  ᠰᠤᠳᠠᠯ ᠤᠨ  ᠡᠪᠡᠳᠴᠢᠨ ‍ᠤ‌ᠨᠡᠩ ᠥᠨᠳᠥᠷ ᠲᠦᠭᠰᠢᠭᠦᠷᠢ  ᠶᠢ ᠠᠪᠴᠢᠷᠠᠵᠦ  ᠮᠡᠳᠡᠨ᠎ᠡ᠂  2  ᠬᠡᠯᠪᠡᠷᠢ ᠶᠢᠨ  ᠰᠢᠬᠢᠷ  ᠰᠢᠵᠢᠩ  ᠡᠪᠡᠳᠴᠢᠨ ᠳᠤ ᠨᠡᠷᠪᠡᠭᠳᠡᠬᠦ ᠨᠤᠷᠮ᠎ᠠ ᠨᠢ 59 %  ᠠᠴᠠ ᠥᠨᠳᠥᠷ ᠪᠠᠶᠢᠳᠠᠭ᠃ ᠰᠠᠨᠠᠭᠤᠯᠤᠮᠵᠢ᠄ ᠥᠷᠯᠥᠭᠡ ᠶᠢᠨ ᠬᠤᠭᠤᠯᠨ  ᠪᠠᠨ 7᠄ 00 ᠴᠠᠭ  ᠠᠴᠠ 8᠄00 ᠴᠠᠭ  ᠤᠨ ᠬᠤᠭᠤᠷᠤᠨᠳᠦ ᠢᠳᠡᠪᠡᠯ ᠲᠣᠬᠢᠷᠠᠮᠵᠢᠲᠠᠶ ᠶᠤᠮ᠃      
 
ᠢᠷᠡᠯᠲᠡ᠄ ᠠᠷᠠᠳ ᠤᠨ ᠰᠤᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号