ᠡᠯ᠎ᠡ ᠭᠠᠵᠠᠷ ᠤᠨ ᠬᠢᠨ ᠰᠢᠨ᠎ᠡ ᠴᠠᠭ ᠦᠶ᠎ᠡ ᠶᠢᠨ ᠦᠵᠡᠯ ᠰᠠᠨᠠᠭ᠎ᠠ ᠤᠯᠤᠰ ᠲᠥᠷᠥ ᠶᠢᠨ ᠬᠢᠴᠢᠶᠡᠯ ᠤᠨ ᠥᠭᠡᠷᠡᠴᠢᠯᠡᠯᠲᠡ ᠰᠢᠨᠡᠴᠢᠯᠡᠯᠲᠡ ᠶᠢ ᠭᠦᠨᠵᠡᠭᠡᠢ ᠠᠬᠢᠭᠤᠯᠵᠤ ᠪᠠᠶᠢᠨ᠎ᠠ
ᠨᠡᠶᠢᠲᠡᠯᠡᠭᠰᠡᠨ ᠴᠠᠭ᠄
2024/3/20
       ᠦᠵᠡᠯ ᠰᠠᠨᠠᠭ᠎ᠠ ᠤᠯᠤᠰ ᠲᠥᠷᠥ  ᠶᠢᠨ ᠠᠵᠢᠯ  ᠢ ᠰᠠᠶᠢᠨ ᠬᠢᠬᠦ ᠪᠣᠯ ᠶᠡᠷᠦᠩᠬᠡᠢ ᠱᠦᠵᠢ ᠰᠢ  ᠶᠢᠨ  ᠫᠢᠩ   ᠤᠨ  ᠮᠠᠰᠢ‌ᠠᠩᠬᠠᠷᠤᠯ ᠲᠠᠯᠪᠢᠭᠰᠠᠭᠠᠷ ᠢᠷᠡᠭᠰᠡᠨ ᠶᠠᠪᠤᠳᠠᠯ ᠪᠣᠯᠬᠤ ᠶᠤᠮ᠃ 5 ᠵᠢᠯ  ᠤᠨ ᠡᠮᠦᠨ᠎ᠡ ᠰᠤᠷᠭᠠᠭᠤᠯᠢ  ᠶᠢᠨ ᠦᠵᠡᠯ ᠰᠠᠨᠠᠭ᠎ᠠ ᠤᠯᠤᠰ‌‍ᠲ᠋ᠥ᠋ᠷᠥ  ᠶᠢᠨ ᠣᠨᠣᠯ  ᠤᠨ ᠬᠢᠴᠢᠶᠡᠯ  ᠤᠨ ᠪᠠᠭᠰᠢ ᠨᠠᠷ  ᠤᠨ ᠶᠠᠷᠢᠯᠴᠠᠬᠤ ᠬᠤᠷᠠᠯ  ᠢ  ᠡᠷᠬᠢᠯᠡᠨ  ᠬᠢᠬᠦ  ᠦᠶ᠎ᠡ  ᠶᠡᠷᠦᠩᠬᠡᠢ  ᠱᠦᠵᠢ‌‍ᠴᠢᠬᠤᠯᠠᠴᠢᠯᠠᠬᠤ  ᠳᠠᠭᠠᠨ᠂ ᠦᠵᠡᠯ ᠰᠠᠨᠠᠭ᠎ᠠ ᠤᠯᠤᠰ ᠲᠥᠷᠥ  ᠶᠢᠨ ᠣᠨᠣᠯ  ᠤᠨ ᠬᠢᠴᠢᠶᠡᠯ  ᠢ ᠰᠠᠶᠢᠨ ᠡᠷᠬᠢᠯᠡᠬᠦ   ᠳᠤ  ᠬᠠᠮᠤᠭ  ‍ᠣᠨ‌ᠦᠨᠳᠦᠰᠦᠨ ᠵᠦᠢᠯ ᠪᠣᠯ ᠨᠠᠮ  ᠤᠨ ᠰᠤᠷᠭᠠᠨ ᠬᠥᠮᠥᠵᠢᠯ  ᠤᠨ ᠴᠢᠭᠯᠡᠯᠲᠡ  ᠶᠢ ᠪᠦᠬᠦ ᠲᠠᠯ᠎ᠠ  ᠪᠠᠷ ᠲᠤᠤᠱᠯᠠᠭᠤᠯᠵᠦ᠂ ᠶᠠᠮᠠᠷ  ᠬᠥᠮᠥᠨ‌‍ᠬᠥ᠋ᠮᠥᠵᠢᠭᠦᠯᠬᠦ᠂ ᠶᠠᠭᠠᠬᠢᠵᠤ ᠬᠥᠮᠥᠵᠢᠭᠦᠯᠬᠦ᠂ ᠬᠡᠨ  ᠤ ᠲᠥᠯᠥᠭᠡ ᠬᠥᠮᠥᠨ ᠬᠥᠮᠥᠵᠢᠭᠦᠯᠬᠦ  ᠭᠡᠰᠡᠨ  ᠦᠨᠳᠦᠰᠦᠨ  ᠠᠰᠠᠭᠤᠳᠠᠯ  ᠢ‌‍ᠰᠠᠶᠢᠨ ᠰᠢᠢᠳᠪᠦᠷᠢᠯᠡᠬᠦ  ᠳᠤ ᠪᠠᠶᠢᠨ᠎ᠠ ᠭᠡᠵᠡᠢ᠃ ᠡᠨᠡ  ᠨᠢ ᠦᠵᠡᠯ ᠰᠠᠨᠠᠭ᠎ᠠ ᠤᠯᠤᠰ ᠲᠥᠷᠥ  ᠶᠢᠨ ᠪᠠᠶᠢᠭᠤᠯᠤᠯᠲᠠ  ᠶᠢ  ᠠᠬᠢᠭᠤᠯᠬᠤ‌‍ᠳᠣ ᠤᠷᠤᠭᠰᠢᠯᠠᠬᠤ ᠴᠢᠭᠯᠡᠯ  ᠢ ᠵᠢᠭᠠᠵᠤ᠂ ᠦᠨᠳᠦᠰᠦᠨ ᠵᠢᠷᠤᠮᠯᠠᠯ ᠬᠠᠩᠭᠠᠭᠰᠠᠨ ᠪᠠᠶᠢᠨ᠎ᠠ᠃ ᠶᠡᠷᠦᠩᠬᠡᠢ ᠱᠦᠵᠢ  ᠶᠢᠨ  ᠨᠠᠶᠢᠳᠠᠯᠭ᠎ᠠ‌ᠵᠢ ᠪᠠᠲᠤ ᠴᠡᠭᠡᠵᠢᠯᠡᠵᠦ᠂ 5 ᠵᠢᠯ  ᠤᠨ ᠲᠤᠷᠰᠢ  ᠳᠤ᠂ ᠡᠯ᠎ᠡ ᠭᠠᠵᠠᠷ  ᠤᠨ ᠰᠤᠷᠭᠠᠨ ᠬᠥᠮᠥᠵᠢᠯ   ᠤᠨ  ᠰᠠᠯᠠᠭ᠎ᠠ  ᠮᠥᠴᠢᠷ  ᠪᠣᠯᠣᠨ‌‍ᠰᠤᠷᠭᠠᠭᠤᠯᠢ  ᠶᠢᠨ ᠰᠢᠰᠲ᠋ᠧᠮ  ᠤᠨ  ᠬᠢᠨ ᠦᠵᠡᠯ ᠰᠠᠨᠠᠭ᠎ᠠ ᠤᠯᠤᠰ ᠲᠥᠷᠥ  ᠶᠢᠨ ᠬᠢᠴᠢᠶᠡᠯ  ᠤᠨ  ᠥᠭᠡᠷᠡᠴᠢᠯᠡᠯᠲᠡ  ᠰᠢᠨᠡᠴᠢᠯᠡᠯᠲᠡ‌ᠵᠢ ᠭᠦᠨᠵᠡᠭᠡᠢ ᠠᠬᠢᠭᠤᠯᠵᠤ᠂ ᠦᠨᠳᠦᠰᠦᠲᠡᠨ  ᠢᠶᠠᠨ ᠰᠡᠷᠭᠦᠭᠡᠨ ᠮᠠᠨᠳᠤᠭᠤᠯᠬᠤ ᠬᠦᠨᠳᠦ ᠡᠭᠦᠷᠭᠡ  ᠶᠢ ᠡᠭᠦᠷᠭᠡᠯᠡᠬᠦ ᠴᠠᠭ ᠦᠶ᠎ᠡ  ᠵᠢᠨ‌‍ᠰᠢᠨ᠎ᠡ ᠬᠥᠮᠥᠨ  ᠢ ᠴᠢᠷᠮᠠᠶᠢᠨ ᠬᠥᠮᠥᠵᠢᠭᠦᠯᠵᠦ ᠪᠠᠶᠢᠨ᠎ᠠ᠃                    ᠡᠨᠡ ᠰᠢᠨ᠎ᠡ ᠰᠤᠷᠤᠯᠭ᠎ᠠ ᠶᠢᠨ  ᠬᠤᠭᠤᠴᠠᠭᠠᠨ ᠳᠤ᠂  ᠱᠠᠩᠬᠠᠢ ᠶᠢᠨ  ᠵᠠᠮ  ᠬᠠᠷᠢᠯᠴᠠᠭᠠᠨ ᠤ  ᠶᠡᠭᠡ  ᠰᠤᠷᠭᠠᠭᠤᠯᠢ ᠳᠤ︽ᠥᠨᠳᠥᠷ ᠬᠢᠷᠢ ᠲᠦᠪᠰᠢᠨ   ᠲᠠᠢ  ᠰᠢᠨᠵᠢᠯᠡᠬᠦ  ᠤᠬᠠᠭᠠᠨ  ᠲᠧᠭᠨᠢᠭ  ᠮᠡᠷᠭᠡᠵᠢᠯ ᠤᠨ  ᠬᠦᠷᠢᠶᠡᠨ ᠳᠤ  ᠪᠡᠶ᠎ᠡ ᠪᠠᠨ  ᠳᠠᠭᠠᠭᠠᠨ‌‍ᠬᠦ᠋ᠴᠦᠷᠬᠡᠭᠵᠢᠵᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠬᠤ ᠪᠠᠶᠢᠭᠤᠯᠤᠯᠲᠠ ᠶᠢ ᠠᠬᠢᠭᠤᠯᠬᠤ︾ ᠭᠡᠰᠡᠨ  ᠰᠡᠳᠦᠪ ‍ᠤᠨ‌‍ᠲ᠋ᠣᠭᠤᠷᠢᠨ ᠳᠤ᠂ ᠶᠡᠭᠡ ᠰᠣᠷᠭᠠᠭᠤᠯᠢ ᠳᠤᠮᠳᠠᠳᠤ ᠪᠠᠭ᠎ᠠ ᠰᠤᠷᠭᠠᠭᠤᠯᠢ ᠶᠢᠨ ᠦᠵᠡᠯ ᠰᠠᠨᠠᠭ᠎ᠠ ᠤᠯᠤᠰ ᠲᠥᠷᠥ ᠶᠢᠨ  ᠬᠢᠴᠢᠶᠡᠯ ‍ᠦᠨ‌‍ᠪᠠᠭᠰᠢ ᠨᠠᠷ ᠬᠠᠮᠲᠤ ᠪᠠᠷ ᠬᠢᠴᠢᠶᠡᠯ ᠪᠡᠯᠡᠳᠬᠡᠵᠦ᠂ ᠡᠭᠦᠨ ᠤ ᠬᠠᠮᠲᠤ ᠪᠠᠰᠠ ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢᠳ ᠲᠤ᠋‌‍ᠪᠡᠶᠡᠴᠢᠯᠠᠨ ᠣᠶᠢᠯᠠᠭᠠᠵᠤ ᠮᠡᠳᠡᠷᠡᠵᠦ ᠳᠡᠶᠢᠯᠬᠦ ᠲᠡᠷᠢᠭᠦᠨ ᠤ ᠰᠢᠨᠵᠢᠯᠡᠬᠦ ᠤᠬᠠᠭᠠᠨ  ᠲᠧᠭᠨᠢᠭ  ᠮᠡᠷᠭᠡᠵᠢᠯ ᠢ  ᠬᠠᠷᠠᠭᠤᠯᠤᠨ᠂  ᠲᠡᠳᠡ‌ᠨᠠᠷ ᠲᠤ ᠡᠭᠦᠳᠦᠯᠲᠡ ᠰᠢᠨᠡᠴᠢᠯᠡᠯᠲᠡ ᠶᠢᠨ ᠬᠥᠳᠡᠯᠭᠡᠭᠴᠢ ᠬᠦᠴᠦᠨ ᠢ ᠮᠡᠳᠡᠷᠡᠭᠦᠯᠦᠭᠰᠡᠨ ᠪᠠᠶᠢᠨ᠎ᠠ᠃         ᠶᠡᠷᠦᠩᠬᠡᠢ ᠱᠦᠵᠢ ᠰᠢ  ᠶᠢᠨ ᠫᠢᠩ ᠵᠢᠭᠠᠬᠤ ᠳᠠᠭᠠᠨ᠂ ᠵᠠᠯᠠᠭᠤᠴᠤᠳ ᠪᠠᠭᠠᠴᠤᠳ ᠪᠣᠯ ᠡᠬᠡ  ᠣᠷᠣᠨ ᠤ  ᠢᠷᠡᠭᠡᠳᠦᠢ᠂ᠦᠨᠳᠦᠰᠦᠲᠡᠨ ᠤ ᠬᠦᠰᠡᠯ ᠡᠷᠡᠮᠡᠯᠵᠡᠯ ᠮᠥᠨ᠃ ᠶᠡᠭᠡ ᠰᠣᠷᠭᠠᠭᠤᠯᠢ ᠳᠤᠮᠳᠠᠳᠤ ᠪᠠᠭ᠎ᠠ ᠰᠤᠷᠭᠠᠭᠤᠯᠢ ᠳᠤ ᠦᠵᠡᠯ ᠰᠠᠨᠠᠭ᠎ᠠ ᠤᠯᠤᠰ‌‍ᠲ᠋ᠥ᠋ᠷᠥ ᠶᠢᠨ ᠣᠨᠣᠯ ᠤᠨ ᠬᠢᠴᠢᠶᠡᠯ ᠢ ᠠᠯᠬᠤᠮ ᠠᠯᠬᠤᠮ ᠢᠶᠠᠷ᠂ ᠱᠠᠲᠤ ᠱᠠᠲᠤ ᠪᠠᠷ ᠲᠣᠬᠢᠷᠠᠭᠤᠯᠬᠤ  ᠨᠢ ᠲᠤᠩ ᠴᠢᠬᠤᠯᠠ  ᠶᠤᠮ᠃ᠡᠨᠡ ᠪᠣᠯ ᠦᠶ᠎ᠡ ᠦᠶ᠎ᠡ ᠶᠢᠨ ᠨᠡᠶᠢᠭᠡᠮ ᠵᠢᠷᠤᠮ ᠤᠨ ᠪᠦᠲᠦᠭᠡᠨ ᠪᠠᠶᠢᠭᠤᠯᠤᠭᠴᠢᠳ ᠪᠣᠯᠣᠨ  ᠵᠠᠯᠭᠠᠮᠵᠢᠯᠠᠭᠴᠢᠳ ᠢ  ᠬᠥᠮᠥᠵᠢᠭᠦᠯᠬᠦ‌‍ᠴᠢᠬᠤᠯᠠ ᠪᠠᠲᠤᠯᠠᠭ᠎ᠠ ᠪᠣᠯᠣᠨ᠎ᠠ ᠭᠡᠵᠡᠢ᠃ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠶᠡᠷᠦᠩᠬᠡᠢ  ᠱᠦᠵᠢ  ᠰᠢ‌ᠵᠢᠨ ᠫᠢᠩ ᠰᠤᠷᠭᠠᠭᠤᠯᠢ ᠶᠢᠨ ᠦᠵᠡᠯ ᠰᠠᠨᠠᠭ᠎ᠠ ᠤᠯᠤᠰ ᠲᠥᠷᠥ ᠣᠨᠣᠯ ᠤᠨ ᠬᠢᠴᠢᠶᠡᠯ ᠤᠨ ᠪᠠᠭᠰᠢ ᠨᠠᠷ  ᠲᠠᠢ ᠬᠢᠭᠰᠡᠨ ᠶᠠᠷᠢᠯᠴᠠᠬᠤ‌ᠬᠤᠷᠠᠯ ᠠᠴᠠ ᠳᠡᠭᠡᠷ᠎ᠡ ᠨᠠᠨᠳᠢᠨ ᠬᠦᠰᠡᠯ ᠨᠠᠶᠢᠳᠠᠯᠭ᠎ᠠ ᠪᠠᠨ ᠲᠠᠯᠪᠢᠭᠰᠠᠨ ᠠᠴᠠ ᠠᠪᠤᠭᠠᠳ᠂ ᠰᠤᠷᠭᠠᠭᠤᠯᠢ ᠳᠤ ᠬᠦᠷᠴᠦ ᠪᠠᠶᠢᠴᠠᠭᠠᠨ‌‍ᠰᠤᠳᠤᠯᠵᠤ᠂ ᠵᠠᠬᠢᠶ᠎ᠠ ᠵᠢᠭᠠᠪᠤᠷᠢ ᠪᠠᠨ ᠥᠭᠬᠦ ᠬᠦᠷᠲᠡᠯ᠎ᠡ᠂ ᠪᠦᠷ  ᠦᠨᠳᠦᠰᠦᠲᠡᠨ ᠤ  ᠰᠡᠷᠭᠦᠨ  ᠮᠠᠨᠳᠤᠯ ᠤᠨ  ᠶᠡᠭᠡ  ᠡᠭᠦᠷᠭᠡ ᠵᠢ‌ᠡᠭᠦᠷᠭᠡᠯᠡᠨ ᠠᠪᠬᠤ ᠴᠠᠭ ᠦᠶ᠎ᠡ ᠶᠢᠨ ᠰᠢᠨ᠎ᠡ ᠬᠥᠮᠥᠨ ᠢ ᠬᠥᠮᠥᠵᠢᠭᠦᠯᠬᠦ ᠥᠨᠳᠥᠷᠴᠡ ᠳᠡᠭᠡᠷ᠎ᠡ  ᠵᠣᠭᠰᠣᠵᠤ᠂  ᠦᠵᠡᠯ  ᠰᠠᠨᠠᠭ᠎ᠠ‌ᠤᠯᠤᠰ ᠲᠥᠷᠥ ᠶᠢᠨ ᠬᠢᠴᠢᠶᠡᠯ ᠢ ᠰᠠᠶᠢᠨ  ᠵᠢᠭᠠᠬᠤ᠂  ᠰᠤᠷᠭᠠᠭᠤᠯᠢ ᠶᠢᠨ  ᠦᠵᠡᠯ  ᠰᠠᠨᠠᠭ᠎ᠠ  ᠤᠯᠤᠰ  ᠲᠥᠷᠥ ᠶᠢᠨ  ᠠᠵᠢᠯ ᠢ‌‍ᠴᠢᠩᠭᠠᠳᠬᠠᠬᠤ ᠲᠤᠬᠠᠢ ᠣᠯᠠᠨ ᠤᠳᠠᠭ᠎ᠠ ᠲᠣᠳᠣᠷᠬᠠᠢ ᠱᠠᠭᠠᠷᠳᠠᠯᠭ᠎ᠠ ᠳᠤᠷᠠᠳᠤᠭᠰᠠᠨ ᠶᠤᠮ᠃                   ᠨᠠᠮ ᠤᠨ ᠡᠭᠦᠳᠦᠯᠲᠡ ᠰᠢᠨᠡᠴᠢᠯᠡᠯᠲᠡ ᠶᠢᠨ ᠣᠨᠣᠯ ᠢᠶᠠᠷ ᠬᠥᠮᠥᠰ ᠤᠨ ᠰᠦᠭ ᠰᠦᠨᠡᠰᠦ ᠶᠢ  ᠴᠣᠭᠴᠠᠯᠠᠬᠤ  ᠬᠡᠷᠡᠭᠲᠡᠢ᠃ᠣᠳᠣᠬᠠᠨ ᠳᠤ᠂ ᠪᠦᠬᠦ ᠤᠯᠤᠰ ᠤᠨ ᠶᠡᠭᠡ ᠳᠡᠭᠡᠳᠦ ᠰᠤᠷᠭᠠᠭᠤᠯᠢ ᠳᠤ ᠪᠦᠷ ︽ᠰᠢ  ᠶᠢᠨ  ᠫᠢᠩ ᠤᠨ  ᠰᠢᠨ᠎ᠡ  ᠴᠠᠭ  ᠦᠶ᠎ᠡ ᠵᠢᠨ‌‍ᠲ᠋ᠤᠮᠳᠠᠳᠤ  ᠤᠯᠤᠰ ᠤᠨ  ᠣᠨᠴᠠᠯᠢᠭ   ᠲᠠᠢ  ᠨᠡᠶᠢᠭᠡᠮ  ᠵᠢᠷᠤᠮ ᠤᠨ  ᠦᠵᠡᠯ  ᠰᠠᠨᠠᠭᠠᠨ ᠤ  ᠲᠣᠶᠢᠮᠣ︾  ᠭᠡᠰᠡᠨ   ᠬᠢᠴᠢᠶᠡᠯ ᠢ‌‍ᠲ᠋ᠣᠬᠢᠷᠠᠭᠤᠯᠤᠭᠰᠠᠨ ᠶᠤᠮ᠃ ᠶᠡᠭᠡ ᠰᠣᠷᠭᠠᠭᠤᠯᠢ ᠳᠤᠮᠳᠠᠳᠤ ᠪᠠᠭ᠎ᠠ ᠰᠤᠷᠭᠠᠭᠤᠯᠢ ᠶᠢᠨ  ᠦᠵᠡᠯ  ᠰᠠᠨᠠᠭ᠎ᠠ  ᠤᠯᠤᠰ  ᠲᠥᠷᠥ ᠵᠢᠨ‌‍ᠬᠢᠴᠢᠶᠡᠯ ᠢ ᠨᠢᠭᠡ ᠴᠣᠭᠴᠠᠴᠢᠯᠠᠨ ᠪᠠᠶᠢᠭᠤᠯᠬᠤ ᠶᠢᠨ ᠲᠥᠯᠥᠭᠡ ᠪᠠᠰᠠ ᠡᠯ᠎ᠡ ᠰᠤᠷᠤᠯᠭ᠎ᠠ ᠶᠢᠨ ᠱᠠᠲᠤ ᠦᠶ᠎ᠡ ᠳᠤ  ᠵᠣᠷᠢᠭᠤᠯᠤᠭᠰᠠᠨ︽ᠰᠢ  ᠶᠢᠨ ᠫᠢᠩ ᠤᠨ ᠰᠢᠨ᠎ᠡ ᠴᠠᠭ ᠦᠶ᠎ᠡ ᠶᠢᠨ  ᠳᠤᠮᠳᠠᠳᠤ  ᠤᠯᠤᠰ ᠤᠨ  ᠣᠨᠴᠠᠯᠢᠭ   ᠲᠠᠢ  ᠨᠡᠶᠢᠭᠡᠮ  ᠵᠢᠷᠤᠮ ᠤᠨ  ᠦᠵᠡᠯ‌‍ᠰᠠᠨᠠᠭᠠᠨ ᠤ ᠰᠤᠷᠤᠭᠴᠢᠳ ᠤᠨ ᠤᠩᠰᠢᠬᠤ ᠨᠣᠮ︾ ᠢ ᠨᠠᠶᠢᠷᠠᠭᠤᠯᠵᠠᠢ᠃                   ᠣᠳᠣ ᠪᠣᠯᠲᠠᠯ᠎ᠠ᠂ ᠪᠦᠬᠦ ᠤᠯᠤᠰ ᠤᠨ ᠶᠡᠭᠡ ᠳᠡᠭᠡᠳᠦ  ᠰᠤᠷᠭᠠᠭᠤᠯᠢ ᠶᠢᠨ  ᠦᠵᠡᠯ  ᠰᠠᠨᠠᠭ᠎ᠠ  ᠤᠯᠤᠰ  ᠲᠥᠷᠥ ᠵᠢᠨ‌‍ᠬᠢᠴᠢᠶᠡᠯ ᠤᠨ ᠲᠤᠰᠬᠠᠢ ᠪᠠᠭᠰᠢ ᠪᠣᠯᠣᠨ ᠬᠠᠪᠰᠤᠷᠭᠠᠨ ᠬᠠᠷᠢᠭᠤᠴᠠᠭᠰᠠᠨ ᠪᠠᠭᠰᠢ 14  ᠲᠦᠮᠡ  5000  ᠪᠣᠯᠵᠤ᠂  ᠡᠭᠦᠨ ‍ᠦ‌‍ᠲ᠋ᠣᠲᠣᠷ᠎ᠠ ᠲᠤᠰᠬᠠᠢ ᠵᠢᠭᠠᠨ ᠰᠤᠷᠭᠠᠯᠲᠠ ᠶᠢᠨ ᠪᠠᠭᠰᠢ 11  ᠲᠦᠮᠡ  3000  ᠪᠠᠶᠢᠨ᠎ᠠ᠃  ᠳᠤᠮᠳᠠᠳᠤ  ᠵᠡᠷᠭᠡ ᠶᠢᠨ  ᠠᠵᠢᠯ‌ᠮᠡᠷᠭᠡᠵᠢᠯ ᠤᠨ ᠰᠤᠷᠭᠠᠭᠤᠯᠢ ᠶᠢ ᠪᠠᠭᠲᠠᠭᠠᠭᠰᠠᠨ ᠳᠤᠮᠳᠠᠳᠤ ᠪᠠᠭ᠎ᠠ  ᠰᠤᠷᠭᠠᠭᠤᠯᠢ ᠶᠢᠨ  ᠦᠵᠡᠯ  ᠰᠠᠨᠠᠭ᠎ᠠ  ᠤᠯᠤᠰ  ᠲᠥᠷᠥ ᠵᠢᠨ‌‍ᠬᠢᠴᠢᠶᠡᠯ ᠤᠨ ᠪᠠᠭᠰᠢ ᠲᠠᠪᠤᠨ ᠵᠢᠯ ᠤᠨ ᠡᠮᠦᠨ᠎ᠡ 62 ᠲᠦᠮᠡ 7000 ᠪᠠᠶᠢᠭᠰᠠᠨ ᠢᠶᠠᠨ ᠣᠳᠣ 73 ᠲᠦᠮᠡ 2000 ᠪᠣᠯᠵᠤ‌ᠨᠡᠮᠡᠭᠳᠡᠵᠡᠢ᠃  ᠥᠷᠭᠡᠨ  ᠣᠯᠠᠨ  ᠦᠵᠡᠯ  ᠰᠠᠨᠠᠭ᠎ᠠ  ᠤᠯᠤᠰ  ᠲᠥᠷᠥ ᠶᠢᠨ  ᠬᠢᠴᠢᠶᠡᠯ ᠤᠨ  ᠪᠠᠭᠰᠢ  ᠨᠠᠷ   ᠢᠳᠡᠪᠬᠢᠵᠢᠯ᠂ᠰᠠᠨᠠᠭᠠᠴᠢᠯᠠᠭᠠᠲᠤ ᠴᠢᠨᠠᠷ᠂ ᠡᠭᠦᠳᠦᠨ ᠪᠦᠲᠦᠭᠡᠬᠦ ᠴᠢᠨᠠᠷ ᠢᠶᠠᠨ ᠲᠠᠰᠤᠷᠠᠯᠲᠠ ᠦᠭᠡᠢ ᠪᠠᠳᠠᠷᠠᠭᠤᠯᠵᠤ᠂ ᠰᠤᠷᠤᠭᠴᠢᠳ ᠤᠨ  ᠰᠡᠳᠬᠢᠯ‌ᠵᠢᠷᠦᠬᠡᠨ ᠳᠤ ᠦᠨᠡᠨ ᠰᠠᠶᠢᠨ  ᠰᠠᠶᠢᠬᠠᠨ ᠤ  ᠦᠨᠳᠦᠰᠦ  ᠮᠥᠴᠢᠷ ᠢ  ᠬᠠᠳᠬᠤᠵᠤ᠂  ᠰᠤᠷᠤᠭᠴᠢᠳ ᠤᠨ  ᠠᠤᠭ᠎ᠠ  ᠬᠦᠰᠡᠯᠡᠩ‌ᠡᠪᠦᠷᠯᠡᠵᠦ᠂ ᠲᠡᠮᠡᠴᠡᠨ ᠤᠷᠤᠭᠰᠢᠯᠠᠬᠤ ᠶᠢ  ᠨᠢ ᠲᠠᠰᠤᠷᠠᠯᠲᠠ ᠦᠭᠡᠢ ᠵᠣᠷᠢᠭᠵᠢᠭᠤᠯᠵᠤ ᠪᠠᠶᠢᠨ᠎ᠠ᠃      
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号