| | | ᠲᠥᠷᠦ ᠶᠢᠨ ᠶᠠᠪᠤᠳᠠᠯ ᠤᠨ ᠬᠤᠷᠢᠶᠠᠨ ᠤ ᠰᠣᠨᠢᠨ ᠮᠡᠳᠡᠭᠡᠨ ᠤ ᠠᠯᠪᠠᠨ ᠭᠡᠷ ᠤᠨ ᠬᠢᠨ ᠭᠤᠷᠪᠠᠳᠤᠭᠠᠷ | ᠰᠠᠷ᠎ᠠ ᠶᠢᠨ18 ᠤ ᠡᠳᠦᠷ ᠰᠣᠨᠢᠨ ᠮᠡᠳᠡᠭᠡ ᠨᠡᠶᠢᠲᠡᠯᠡᠬᠦ ᠬᠤᠷᠠᠯ ᠬᠢᠵᠦ᠂ ᠤᠯᠤᠰ ᠤᠨ ᠲᠤᠭ᠎ᠠ ᠪᠦᠷᠢᠦᠨᠬᠡᠯ ᠤᠨ | ᠲᠣᠪᠴᠢᠶ᠎ᠠ ᠬᠠᠮᠢᠶᠠᠲᠠᠢ ᠲᠤᠭ᠎ᠠᠪᠠᠷᠢᠮᠲᠠ ᠶᠢ ᠨᠡᠶᠢᠲᠡᠯᠡᠵᠡᠢ᠂ ᠡᠭᠦᠨ ᠳᠤ 1-2 ᠳ᠋ᠤᠭᠠᠷ ᠰᠠᠷ᠎ᠠ ᠪᠣᠯᠲᠠᠯ᠎ᠠ᠂ ᠡᠯ᠎ᠡ | ᠵᠦᠢᠯ ᠤᠨ ᠶᠡᠭᠡ ᠲᠠᠯ᠎ᠠ ᠶᠢᠨ ᠲᠥᠷᠦ ᠵᠢᠨᠪᠣᠳᠤᠯᠭ᠎ᠠ ᠶᠢᠨ ᠦᠷ᠎ᠡ ᠠᠰᠢᠭ ᠢᠯᠡᠷᠬᠡᠢ ᠪᠣᠯᠵᠤ᠂ ᠤᠯᠤᠰ ᠠᠷᠠᠤᠨ ᠤᠨ | ᠠᠵᠤ ᠠᠬᠤᠢ ᠦᠷᠭᠦᠯᠵᠢᠯᠡᠨ ᠰᠠᠶᠢᠵᠢᠷᠠᠬᠤ ᠬᠠᠨᠳᠤᠰᠢᠲ᠋ᠠᠢ ᠪᠣᠯᠣᠭᠰᠠᠨ ᠪᠠᠶᠢᠨ᠎ᠠ᠃ | 1-2 ᠳ᠋ᠤᠭᠠᠷ ᠰᠠᠷ᠎ᠠ ᠪᠣᠯᠲᠠᠯ᠎ᠠ᠂ ᠪᠦᠬᠦ ᠤᠯᠤᠰ ᠤᠨ ᠬᠡᠪᠴᠢᠶᠡᠵᠢᠭᠰᠡᠨ ᠠᠵᠤ ᠦᠢᠯᠡᠦᠨᠪᠦᠷᠢ ᠶᠢᠨ ᠨᠡᠮᠡᠭᠳᠡᠯ | ᠥᠷᠲᠡᠭ7.0% ᠢᠶᠠᠷ ᠨᠡᠮᠡᠭᠳᠡᠵᠦ᠂ ᠨᠢᠳᠤᠨᠤᠨ ᠤ 12 ᠳ᠋ᠤᠭᠠᠷ ᠰᠠᠷ᠎ᠠ ᠠᠴᠠ ᠵᠠᠭᠤᠨ ᠤ 0.2 ᠢᠶᠠᠷ ᠨᠡᠮᠡᠭᠲᠡᠵᠡᠢ᠃ | ᠦᠢᠯᠡᠴᠢᠯᠡᠭᠡᠨ ᠦᠦᠢᠯᠡᠰ ᠨᠡᠯᠢᠶᠡᠦᠨ ᠰᠠᠶᠢᠵᠢᠷᠠᠬᠤ ᠬᠠᠨᠳᠤᠰᠢ ᠲᠠᠢ ᠪᠠᠶᠢᠨ᠎ᠠ᠂ ᠪᠦᠬᠦ ᠤᠯᠤᠰ ` ᠤᠨ | ᠦᠢᠯᠡᠴᠢᠯᠡᠭᠡᠨ ᠤ ᠠᠵᠤ ᠦᠢᠯᠡᠰ ᠦᠨᠵᠢᠭᠠᠯᠲᠠ ᠲᠤᠭ᠎ᠠ ᠠᠳᠠᠯᠢ ᠬᠤᠭᠤᠴᠠᠭᠠᠨ ᠤ ᠬᠢ ᠠᠴᠠ 5.8% ᠪᠠᠷ | ᠨᠡᠮᠡᠭᠳᠡᠵᠡᠢ᠃ ᠵᠣᠴᠢᠤᠨ ᠤᠨ ᠪᠠᠭᠤᠳᠠᠯ ᠪᠠ ᠢᠳᠡᠭᠡᠨᠤᠮᠳᠠᠭᠠᠨ ᠤ ᠦᠢᠯᠡᠰ᠂ ᠵᠠᠮ ᠨᠡᠪᠲᠡᠷᠡᠯᠭᠡ ᠠᠴᠢᠶ᠎ᠠ | ᠵᠥᠭᠡᠭᠡᠪᠦᠷᠢ ᠰᠠᠩ ᠬᠥᠮᠦᠷᠭᠡ ᠰᠢᠤᠳᠠᠨ ᠬᠤᠯᠪᠣᠭ᠎ᠠ ᠶᠢᠨ ᠦᠢᠯᠡᠰ ᠨᠡᠯᠢᠶᠡᠦᠨᠲ᠋ᠦ᠋ᠷᠭᠡᠨ ᠨᠡᠮᠡᠭᠳᠡᠯ ᠲᠠᠢ ᠪᠣᠯᠵᠤ᠂ | ᠬᠦᠮᠦᠨ ᠬᠠᠷ᠎ᠠ ᠶᠢᠨ ᠨᠠᠭᠠᠰᠢ ᠴᠠᠭᠠᠰᠢ ᠠᠶᠠᠯᠠᠬᠤ᠂ ᠪᠤᠳᠠᠰ ᠤᠨ ᠭᠦᠢᠯᠭᠡᠭᠡ ᠵᠡᠷᠭᠡ ᠨᠡᠩᠬᠥ᠋ᠭᠵᠢᠶᠡᠨ ᠲᠠᠢ | ᠪᠣᠯᠵᠤ᠂ ᠡᠨᠡ ᠵᠢᠯ ᠤᠨ ᠲᠦᠷᠦᠭᠦᠦ ᠬᠤᠶᠠᠷ ᠰᠠᠷ᠎ᠠ ᠳᠤ᠂ ᠡᠵᠡᠩᠨᠡᠯᠲᠡ ᠶᠢᠨ ᠴᠢᠨᠠᠷ ᠲᠠᠢ | ᠠᠶᠠᠨᠴᠢᠨ ᠤᠵᠥ᠋ᠭᠡᠭᠡᠪᠦᠷᠢ ᠶᠢᠨ ᠬᠡᠮᠵᠢᠶ᠎ᠡ 27.4% ᠪᠠᠷ ᠨᠡᠮᠡᠭᠳᠡᠭᠰᠡᠨ ᠪᠠᠶᠢᠨ᠎ᠠ᠂ ᠦᠢᠯᠡᠴᠢᠯᠡᠭᠡᠨ ᠤ ᠵᠢᠵᠢᠭᠯᠡᠨ | ᠪᠣᠷᠣᠯᠠᠭᠤᠯᠤᠭᠰᠠᠨᠥᠷᠲᠡᠭ ᠤᠨ ᠨᠡᠮᠡᠭᠳᠡᠯ 12.3% ᠳᠤ ᠬᠦᠷᠴᠦ᠂ ᠬᠡᠷᠡᠭᠯᠡᠭᠴᠢᠦᠨ ᠤᠨ ᠱᠠᠭᠠᠷᠳᠠᠯᠭ᠎ᠠ ᠶᠢ | ᠥᠷᠭᠡᠦᠨᠬᠡᠬᠦ ᠳᠤ ᠬᠦᠴᠦᠨ ᠲᠡᠭᠦᠯᠳᠡᠷᠲ᠋ᠡᠮᠵᠢᠯᠭᠡ ᠬᠠᠩᠭᠠᠵᠠᠢ᠃ ᠦᠢᠯᠡᠴᠢᠯᠡᠭᠡᠨ ᠤ ᠬᠡᠷᠡᠭᠯᠡᠭᠡᠨ ᠤ ᠱᠠᠭᠠᠷᠳᠠᠯᠭ᠎ᠠ ᠶᠢᠨ | ᠳᠠᠶᠢᠴᠢᠯᠠᠯᠲᠠ ᠪᠠᠷ ᠦᠢᠯᠡᠴᠢᠯᠡᠭᠡᠨ ᠤ ᠦᠢᠯᠡᠰᠲ᠋ᠠᠷᠠᠭᠠᠯᠠᠨ ᠬᠤᠶᠠᠷ ᠰᠠᠷ᠎ᠠ ᠨᠡᠮᠡᠭᠳᠡᠯ ᠲᠠᠢ ᠪᠣᠯᠵᠤ᠂ ᠲᠤᠰᠬᠠᠢ | ᠠᠵᠢᠯ ᠲᠥᠷᠦᠯ ᠤᠨ ᠵᠢᠱᠢᠯᠲᠡ ᠶᠢᠨ ᠵᠢᠭᠠᠯᠲᠠ ᠲᠤᠭᠠᠦᠷᠭᠦᠯᠵᠢᠯᠡᠨ ᠨᠡᠯᠢᠶᠡᠦᠨ ᠰᠠᠶᠢᠵᠢᠷᠠᠬᠤ ᠬᠠᠨᠳᠤᠰᠢ ᠲᠠᠢ | ᠪᠣᠯᠵᠤ ᠪᠠᠶᠢᠨ᠎ᠠ᠃ | ᠬᠠᠩᠭᠠᠯᠭ᠎ᠠ ᠶᠢᠨ ᠪᠦᠲᠦᠴᠡ ᠶᠢᠨ ᠪᠠᠶᠢᠳᠠᠯ ᠠᠴᠠ ᠦᠵᠡᠪᠡᠯ᠂ ᠠᠵᠤ ᠦᠢᠯᠡᠦᠨᠪᠦᠷᠢ ᠶᠢᠨ ᠶᠢᠰᠦᠨ | ᠬᠤᠪᠢ ᠡᠴᠡᠢᠯᠡᠭᠦᠦ ᠠᠵᠢᠯ ᠲᠥᠷᠦᠯ᠂ ᠵᠢᠷᠭᠤᠭᠠᠨ ᠬᠤᠪᠢ ᠠᠴᠠ ᠢᠯᠡᠭᠦᠦ ᠪᠠᠷᠠᠭ᠎ᠠ ᠪᠦᠲᠦᠭᠡᠭᠳᠡᠭᠦᠨ ᠠᠳᠠᠯᠢ | ᠬᠤᠭᠤᠴᠠᠭᠠᠨ ᠤ ᠬᠢ ᠡᠴᠡᠨᠡᠮᠡᠭᠳᠡᠯ ᠲᠠᠢ ᠪᠣᠯᠣᠭᠰᠠᠨ ᠪᠠᠶᠢᠨ᠎ᠠ᠃ ᠬᠡᠷᠡᠭᠯᠡᠭᠡᠨ ᠤ ᠪᠠᠷᠠᠭ᠎ᠠ ᠲᠠᠸᠠᠷ ᠦᠢᠯᠡᠳᠦᠨ | ᠪᠦᠲᠦᠭᠡᠳᠡᠭ ᠠᠵᠤ ᠦᠢᠯᠡᠰ ᠪᠠ ᠥᠨᠳᠦᠷᠰᠢᠨᠡ ᠮᠡᠷᠭᠡᠵᠢᠯ ᠤᠨ ᠦᠢᠯᠡᠳᠦᠨ ᠪᠦᠲᠦᠭᠡᠬᠦ ᠠᠵᠤ ᠦᠢᠯᠡᠰ ᠤᠨ | ᠨᠡᠮᠡᠭᠳᠡᠯ ᠲᠦᠷᠭᠡᠨ ᠪᠣᠯᠵᠤ ᠪᠠᠶᠢᠨ᠎ᠠ᠃ | ᠱᠠᠭᠠᠷᠳᠠᠯᠭ᠎ᠠ ᠠᠴᠠ ᠦᠵᠡᠪᠡᠯ᠂ ᠵᠠᠬ᠎ᠠ ᠳᠡᠯᠭᠡᠭᠦᠷ ᠤᠨ ᠪᠤᠷᠤᠯᠠᠭᠤᠯᠭ᠎ᠠ ᠦᠷᠭᠦᠯᠵᠢᠯᠡᠨ ᠰᠡᠷᠭᠦᠵᠦ᠂ | ᠰᠢᠯᠢᠳᠡᠭᠵᠢᠭᠰᠡᠨᠪᠠᠷᠠᠭᠠ ᠲᠠᠸᠠᠷ ᠤᠨ ᠪᠤᠷᠤᠯᠠᠭᠤᠯᠭ᠎ᠠ ᠶᠢᠨ ᠳᠠᠯᠳᠠ ᠬᠦᠴᠦᠨ ᠨᠡᠮᠡᠭᠳᠡᠵᠦ ᠪᠠᠶᠢᠨ᠎ᠠ᠃ 1-2 | ᠳ᠋ᠤᠭᠠᠷ ᠰᠠᠷ᠎ᠠ ᠪᠣᠯᠲᠠᠯ᠎ᠠ᠂ᠨᠡᠶᠢᠭᠡᠮ ᠤᠨ ᠬᠡᠷᠡᠭᠯᠡᠭᠡᠨ ᠤ ᠪᠠᠷᠠᠭ᠎ᠠ ᠲᠠᠸᠠᠷ ᠤᠨ ᠵᠢᠵᠢᠭᠯᠡᠨ ᠪᠤᠷᠤᠯᠠᠭᠤᠯᠤᠭᠰᠠᠨ | ᠬᠡᠮᠵᠢᠶ᠎ᠡ 81307 ᠳ᠋ᠦᠩᠰᠢᠭᠤᠷᠲ᠋ᠥ᠋ᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 5. | 5% ᠪᠠᠷ ᠨᠡᠮᠡᠭᠳᠡᠵᠡᠢ᠃ ᠴᠢᠮᠡᠭᠡ ᠬᠤᠯᠪᠣᠭᠠᠨ ᠤᠬᠡᠷᠡᠭᠰᠡᠯ ᠤᠨ ᠲᠥᠷᠦᠯ᠂ ᠲᠠᠮᠢᠷ ᠴᠡᠩᠭᠡᠭᠦᠨ ᠤ ᠬᠡᠷᠡᠭᠯᠡᠭᠡᠨ ᠤ | ᠪᠠᠷᠠᠭ᠎ᠠ ᠲᠠᠸᠠᠷ ᠤᠨ ᠪᠤᠷᠤᠯᠠᠭᠤᠯᠭ᠎ᠠ ᠶᠢᠨ ᠥᠷᠲᠡᠭ ᠬᠤᠶᠠᠷᠣᠷᠤᠨᠲᠤ ᠲᠤᠭ᠎ᠠ ᠶᠢᠨ ᠨᠡᠮᠡᠭᠳᠡᠯ ᠢᠶᠠᠨ ᠪᠠᠲᠤᠯᠠᠭᠰᠠᠨ | ᠪᠠᠶᠢᠨ᠎ᠠ᠃ | ᠪᠡᠯᠡ ᠣᠷᠤᠭᠤᠯᠤᠯᠲᠠ ᠠᠴᠠ ᠦᠵᠡᠪᠡᠯ᠂ 1-2 ᠳ᠋ᠤᠭᠠᠷ ᠰᠠᠷ᠎ᠠ ᠪᠣᠯᠲᠠᠯ᠎ᠠ᠂ ᠪᠦᠬᠦ ᠤᠯᠤᠰ ᠤᠨ | ᠪᠡᠶᠡᠯᠡᠭᠦᠯᠦᠭᠰᠡᠨᠲ᠋ᠣᠭᠲᠠᠮᠠᠯ ᠬᠦᠷᠦᠩᠭᠡ ᠶᠢᠨ ᠪᠡᠯᠡ ᠣᠷᠤᠭᠤᠯᠤᠯᠲᠠ 50847 ᠳ᠋ᠦᠩᠰᠢᠭᠤᠷ | ᠲᠥᠭᠦᠷᠢᠭ ᠲᠤ ᠬᠦᠷᠴᠦ᠂ ᠠᠳᠠᠯᠢᠬᠤᠭᠤᠴᠠᠭᠠᠨ ᠤ ᠬᠢ ᠠᠴᠠ 4.2% ᠪᠠᠷ ᠨᠡᠮᠡᠭᠳᠡᠨ᠂ ᠨᠡᠮᠡᠭᠳᠡᠯ ᠤᠨ | ᠬᠤᠷᠳᠤᠴᠠ ᠨᠢ 2023 ᠣᠨ ᠤ ᠬᠢ ᠠᠴᠠ ᠵᠠᠭᠤᠨ ᠤ1.2 ᠪᠠᠷ ᠲᠦᠷᠭᠡᠨ ᠪᠣᠯᠣᠭᠰᠠᠨ ᠪᠠᠶᠢᠨ᠎ᠠ᠃ | ᠲᠤᠷᠤᠨ᠎ᠠ | ᠲᠤᠮᠳᠠᠳᠣ ᠣᠯᠣᠰ ᠤᠨ ᠮᠣᠩᠭᠤᠯ ᠷᠠᠳᠢᠣ᠋ ᠰᠦᠯᠵᠢᠶ᠎ᠡ | | | |