| ᠰᠢᠨᠬᠤᠸᠠ ᠬᠤᠷᠢᠶ᠎ᠠ ᠶᠢᠨ ᠴᠠᠩᠱᠠ ᠶᠢᠨ 3 ᠰᠠᠷ᠎ᠠ ᠶᠢᠨ 20 ᠤ ᠴᠠᠭᠢᠯᠭᠠᠨ ᠮᠡᠳᠡᠭᠡ ᠨᠠᠮ ᠤᠨ ᠲᠥᠪ | ᠬᠤᠷᠢᠶ᠎ᠠ ᠶᠢᠨ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ | ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ 20 ᠤ ᠦᠳᠡ ᠶᠢᠨ ᠬᠤᠶᠢᠨ᠎ᠠ ᠬᠤᠨᠠᠨ ᠮᠤᠵᠢ ᠶᠢᠨ ᠴᠠᠩᠱᠠ | ᠬᠤᠲᠠ ᠳᠤ ᠰᠢᠨ᠎ᠡ ᠴᠠᠭ ᠦᠶ᠎ᠡ ᠶᠢᠨ ᠳᠤᠮᠳᠠ ᠣᠷᠣᠨ ᠤ ᠬᠥᠭᠵᠢᠯ ᠮᠠᠨᠳᠤᠯ ᠢ ᠠᠬᠢᠭᠤᠯᠬᠤ ᠶᠠᠷᠢᠯᠴᠠᠬᠤ ᠬᠤᠷᠠᠯ ᠢ | ᠡᠷᠭᠢᠯᠡᠨ ᠬᠤᠷᠠᠯᠳᠤᠭᠤᠯᠬᠤ ᠶᠢᠨ ᠬᠠᠮᠲᠤ ᠴᠢᠬᠤᠯᠠ ᠶᠠᠷᠢᠶ᠎ᠠ ᠲᠠᠯᠪᠢᠪᠠ᠃ ᠲᠡᠷᠡ᠂ ᠳᠤᠮᠳᠠ ᠣᠷᠣᠨ ᠪᠣᠯ ᠮᠠᠨ ᠤ | ᠤᠯᠤᠰ ᠤᠨ ᠠᠮᠤ ᠪᠤᠳᠠᠭᠠᠨ ᠤ ᠦᠢᠯᠡᠳᠪᠦᠷᠢᠯᠡᠯ ᠤᠨ ᠴᠢᠬᠤᠯᠠ ᠰᠠᠭᠤᠷᠢᠨ᠂ ᠡᠨᠧᠷᠭᠢ ᠶᠢᠨ ᠲᠦᠭᠦᠬᠡᠢ | ᠮᠠᠲ᠋ᠧᠷᠢᠶᠠᠯ ᠤᠨ ᠰᠠᠭᠤᠷᠢᠨ᠂ ᠤᠳᠤ ᠦᠶ᠎ᠡ ᠶᠢᠨ ᠲᠣᠨᠣᠭᠯᠠᠯ ᠦᠢᠯᠡᠳᠬᠦ ᠵᠢᠴᠢ ᠳᠡᠭᠡᠳᠦ ᠮᠡᠷᠭᠡᠵᠢᠯ ᠤᠨ ᠠᠵᠤ | ᠦᠢᠯᠡᠰ ᠤᠨ ᠰᠠᠭᠤᠷᠢᠨ ᠪᠣᠯᠣᠨ ᠶᠡᠷᠦᠩᠬᠡᠶᠢᠯᠡᠭᠰᠡᠨ ᠵᠠᠮ ᠬᠠᠷᠢᠯᠴᠠᠭ᠎ᠠ ᠲᠡᠭᠡᠭᠡᠪᠦᠷᠢ ᠶᠢᠨ ᠬᠦᠢᠰᠦ ᠪᠠᠶᠢᠵᠤ᠂ ᠪᠦᠭᠦ | ᠤᠯᠤᠰ ᠲᠤ ᠮᠠᠰᠢ ᠴᠢᠬᠤᠯᠠ ᠪᠠᠶᠢᠷᠢ ᠰᠠᠭᠤᠷᠢ ᠲᠠᠢ ᠶᠤᠮ᠃ ᠨᠠᠮ ᠤᠨ ᠲᠥᠪ ᠬᠤᠷᠢᠶ᠎ᠠ ᠶᠢᠨ ᠳᠤᠮᠳᠠ ᠣᠷᠣᠨ ᠤ | ᠬᠥᠭᠵᠢᠯ ᠮᠠᠨᠳᠤᠯ ᠢ ᠠᠬᠢᠭᠤᠯᠬᠤ ᠠᠯᠢ ᠤᠯᠠᠨ ᠲᠦᠷᠦ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠲᠤᠭᠤᠰᠢᠯᠠᠭᠤᠯᠤᠨ | ᠨᠠᠶᠢᠳᠠᠪᠤᠷᠢᠵᠢᠭᠤᠯᠬᠤ ᠶᠢ ᠢᠮᠠᠭᠲᠠ ᠰᠠᠶᠢᠲᠤᠷ ᠠᠳᠬᠤᠵᠤ᠂ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ | ᠬᠠᠮᠲᠤᠷᠠᠯ ᠬᠦᠴᠦᠨ ᠢ ᠪᠦᠷᠢᠯᠳᠦᠭᠦᠯᠵᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠪᠦᠲᠦᠭᠡᠨ | ᠪᠠᠶᠢᠭᠤᠯᠤᠯᠲᠠ ᠳᠠᠬᠢ ᠳᠤᠮᠳᠠ ᠣᠷᠣᠨ ᠤ ᠬᠥᠭᠵᠢᠯ ᠮᠠᠨᠳᠤᠯ ᠤᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ | ᠬᠡᠷᠡᠭᠲᠡᠢ ᠭᠡᠵᠦ ᠴᠢᠬᠤᠯᠠᠴᠢᠯᠠᠪᠠ᠃ | 3 ᠰᠠᠷ᠎ᠠ ᠶᠢᠨ 20 ᠤ ᠦᠳᠡ ᠶᠢᠨ ᠬᠤᠶᠢᠨ᠎ᠠ᠂ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ᠂ | ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ | ᠬᠤᠨᠠᠨ ᠮᠤᠵᠢ ᠶᠢᠨ ᠴᠠᠩᠱᠠ ᠬᠤᠲᠠ ᠳᠤ ᠰᠢᠨ᠎ᠡ ᠴᠠᠭ ᠦᠶ᠎ᠡ ᠶᠢᠨ ᠳᠤᠮᠳᠠ ᠣᠷᠣᠨ ᠤ ᠬᠥᠭᠵᠢᠯ ᠮᠠᠨᠳᠤᠯ ᠢ | ᠠᠬᠢᠭᠤᠯᠬᠤ ᠶᠠᠷᠢᠯᠴᠠᠬᠤ ᠬᠤᠷᠠᠯ ᠢ ᠡᠷᠭᠢᠯᠡᠨ ᠬᠤᠷᠠᠯᠳᠤᠭᠤᠯᠬᠤ ᠶᠢᠨ ᠬᠠᠮᠲᠤ ᠴᠢᠬᠤᠯᠠ ᠶᠠᠷᠢᠶ᠎ᠠ ᠲᠠᠯᠪᠢᠪᠠ᠃ | ᠰᠢᠨᠬᠤᠸᠠ ᠬᠤᠷᠢᠶ᠎ᠠ ᠶᠢᠨ ᠰᠤᠷᠪᠤᠯᠵᠢᠯᠠᠬᠴᠢ ᠸᠠᠩ ᠶᠧ ᠰᠡᠭᠦᠳᠡᠷᠯᠡᠪᠡ | ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶ᠎ᠠ ᠶᠢᠨ ᠪᠠᠶᠢᠩᠭᠤ ᠶᠢᠨ ᠭᠡᠰᠢᠭᠦᠨ᠂ | ᠲᠦᠷᠦ ᠶᠢᠨ ᠶᠠᠪᠤᠳᠠᠯ ᠤᠨ ᠬᠤᠷᠢᠶ᠎ᠠ ᠶᠢᠨ ᠶᠡᠷᠦᠩᠬᠡᠢ ᠰᠠᠶᠢᠳ ᠯᠢ ᠴᠢᠶᠠᠩ᠂ ᠨᠠᠮ ᠤᠨ ᠲᠥᠪ ᠬᠤᠷᠢᠶ᠎ᠠ ᠶᠢᠨ ᠤᠯᠤᠰ | ᠲᠦᠷᠦ ᠶᠢᠨ ᠲᠣᠪᠴᠢᠶ᠎ᠠ ᠶᠢᠨ ᠪᠠᠶᠢᠩᠭᠤ ᠶᠢᠨ ᠭᠡᠰᠢᠭᠦᠨ᠂ ᠨᠠᠮ ᠤᠨ ᠲᠥᠪ ᠬᠤᠷᠢᠶ᠎ᠠ ᠶᠢᠨ ᠠᠯᠪᠠᠨ ᠲᠢᠩᠬᠢᠮ ᠤᠨ | ᠡᠷᠭᠢᠯᠡᠭᠴᠢ ᠼᠠᠢ ᠴᠢ᠂ ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶ᠎ᠠ ᠶᠢᠨ ᠪᠠᠶᠢᠩᠭᠤ ᠶᠢᠨ | ᠭᠡᠰᠢᠭᠦᠨ᠂ ᠲᠦᠷᠦ ᠶᠢᠨ ᠶᠠᠪᠤᠳᠠᠯ ᠤᠨ ᠬᠤᠷᠢᠶ᠎ᠠ ᠶᠢᠨ ᠳᠡᠳ᠋ ᠶᠡᠷᠦᠩᠬᠡᠢ ᠰᠠᠶᠢᠳ ᠳ᠋ᠢᠩ ᠰᠢᠤᠸᠠᠢ ᠰᠢᠶᠠᠩ ᠶᠠᠷᠢᠯᠴᠠᠬᠤ | ᠬᠤᠷᠠᠯ ᠳᠤ ᠣᠷᠣᠯᠴᠠᠪᠠ᠃ | ᠶᠠᠷᠢᠯᠴᠠᠬᠤ ᠬᠤᠷᠠᠯ ᠳᠡᠭᠡᠷ᠎ᠡ᠂ ᠤᠯᠤᠰ ᠤᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠤᠨ | ᠡᠷᠭᠢᠯᠡᠭᠴᠢ ᠵᠧᠩ ᠱᠠᠨ ᠵᠢᠶᠧ᠂ ᠱᠠᠨ ᠰᠢ ᠮᠤᠵᠢ ᠶᠢᠨ ᠨᠠᠮ ᠤᠨ ᠬᠤᠷᠢᠶ᠎ᠠ ᠶᠢᠨ ᠱᠦᠵᠢ ᠲᠠᠩ ᠳ᠋ᠧᠩ ᠵᠢᠶᠧ᠂ | ᠠᠨᠾᠦ᠋ᠢ ᠮᠤᠵᠢ ᠶᠢᠨ ᠨᠠᠮ ᠤᠨ ᠬᠤᠷᠢᠶ᠎ᠠ ᠶᠢᠨ ᠱᠦᠵᠢ ᠬᠠᠨ ᠵᠢᠶᠦ᠋ᠨ᠂ ᠵᠢᠶᠠᠩᠰᠢ ᠮᠤᠵᠢ ᠶᠢᠨ ᠨᠠᠮ ᠤᠨ | ᠬᠤᠷᠢᠶ᠎ᠠ ᠶᠢᠨ ᠱᠦᠵᠢ ᠶᠢᠨ ᠬᠤᠩ᠂ ᠾᠧᠨᠠᠨ ᠮᠤᠵᠢ ᠶᠢᠨ ᠨᠠᠮ ᠤᠨ ᠬᠤᠷᠢᠶ᠎ᠠ ᠶᠢᠨ ᠱᠦᠵᠢ ᠯᠧᠦ ᠶᠠᠩ ᠱᠧᠩ᠂ | ᠬᠤᠪᠧᠢ ᠮᠤᠵᠢ ᠶᠢᠨ ᠨᠠᠮ ᠤᠨ ᠬᠤᠷᠢᠶ᠎ᠠ ᠶᠢᠨ ᠱᠦᠵᠢ ᠸᠠᠩ ᠮᠧᠩ ᠬᠤᠢ᠂ ᠬᠤᠨᠠᠨ ᠮᠤᠵᠢ ᠶᠢᠨ ᠨᠠᠮ ᠤᠨ | ᠬᠤᠷᠢᠶ᠎ᠠ ᠶᠢᠨ ᠱᠦᠵᠢ ᠱᠧᠨ ᠰᠢᠶᠣᠣ ᠮᠢᠩ ᠤᠷᠢᠳ ᠬᠤᠵᠢᠳ ᠦᠭᠡ ᠬᠡᠯᠡᠵᠦ᠂ ᠳᠤᠮᠳᠠ ᠣᠷᠣᠨ ᠤ ᠬᠥᠭᠵᠢᠯ | ᠮᠠᠨᠳᠤᠯ ᠢ ᠠᠬᠢᠭᠤᠯᠬᠤ ᠲᠤᠬᠠᠢ ᠠᠵᠢᠯ ᠤᠨ ᠪᠠᠶᠢᠳᠠᠯ ᠢᠶᠠᠨ ᠬᠠᠷᠢᠭᠤ ᠮᠡᠳᠡᠭᠦᠯᠵᠦ᠂ ᠰᠠᠨᠠᠯ ᠰᠠᠨᠠᠭᠤᠯᠭ᠎ᠠ ᠳᠤᠷᠠᠳᠪᠠ᠃ | | ᠤᠯᠠᠨ ᠤ ᠬᠡᠯᠡᠬᠦ ᠶᠢ ᠰᠣᠨᠣᠰᠤᠭᠰᠠᠨ ᠤ ᠳᠠᠷᠠᠭ᠎ᠠ᠂ ᠰᠢ ᠶᠢᠨ ᠫᠢᠩ ᠴᠢᠬᠤᠯᠠ ᠶᠠᠷᠢᠶ᠎ᠠ ᠲᠠᠯᠪᠢᠪᠠ᠃ ᠲᠡᠷᠡ᠂ | ᠳᠡᠭᠡᠷ᠎ᠡ ᠤᠳᠠᠭ᠎ᠠ ᠶᠢᠨ ᠳᠤᠮᠳᠠ ᠣᠷᠣᠨ ᠤ ᠬᠥᠭᠵᠢᠯ ᠮᠠᠨᠳᠤᠯ ᠢ ᠠᠬᠢᠭᠤᠯᠬᠤ ᠶᠠᠷᠢᠯᠴᠠᠬᠤ ᠬᠤᠷᠠᠯ ᠢ | ᠬᠤᠷᠠᠯᠳᠤᠭᠤᠯᠤᠭᠰᠠᠨ ᠠᠴᠠ ᠨᠠᠭᠠᠰᠢᠬᠢ 5 ᠵᠢᠯ ᠤᠨ ᠲᠤᠷᠰᠢ᠂ ᠳᠤᠮᠳᠠ ᠣᠷᠣᠨ ᠤ ᠠᠵᠤ ᠠᠬᠤᠢ ᠶᠡᠷᠦᠩᠬᠡᠢ ᠳᠡᠭᠡᠨ | ᠲᠣᠭᠲᠠᠭᠤᠨ ᠪᠠᠶᠢᠵᠤ᠂ ᠰᠢᠨ᠎ᠡ ᠶᠢ ᠡᠭᠦᠳᠬᠦ ᠬᠥᠭᠵᠢᠯᠲᠡ ᠶᠢᠨ ᠬᠥᠳᠡᠯᠭᠡᠬᠦ ᠴᠢᠳᠠᠪᠤᠷᠢ ᠲᠠᠰᠤᠷᠠᠯᠲᠠ ᠦᠭᠡᠢ | ᠴᠢᠩᠭᠠᠷᠠᠵᠤ᠂ ᠠᠵᠤ ᠦᠢᠯᠡᠰ ᠤᠨ ᠰᠠᠭᠤᠷᠢ ᠢᠯᠡᠳᠲᠡ ᠰᠠᠶᠢᠵᠢᠷᠠᠵᠤ᠂ ᠥᠭᠡᠷᠡᠴᠢᠯᠡᠯᠲᠡ ᠨᠡᠭᠡᠭᠡᠯᠲᠡ ᠰᠢᠨ᠎ᠡ | ᠠᠯᠬᠤᠮ ᠢ ᠠᠯᠬᠤᠵᠤ᠂ ᠨᠡᠶᠢᠭᠡᠮ ᠤᠨ ᠦᠢᠯᠡᠰ ᠪᠦᠭᠦ ᠲᠠᠯ᠎ᠠ ᠪᠠᠷ ᠬᠥᠭᠵᠢᠵᠦ᠂ ᠠᠷᠠᠳ ᠤᠨ ᠠᠮᠢᠳᠤᠷᠠᠯ ᠤᠨ | ᠲᠦᠪᠰᠢᠨ ᠦᠷᠭᠦᠯᠵᠢᠯᠡᠨ ᠳᠡᠭᠡᠭᠰᠢᠯᠡᠵᠦ᠂ ᠪᠣᠬᠢᠷᠳᠤᠯ ᠦᠭᠡᠢ ᠪᠠᠭ᠎ᠠ ᠨᠡᠭᠦᠷᠡᠰᠦᠲᠥ᠋ᠷᠥᠭᠴᠢᠲᠦ ᠲᠡᠶᠢᠰᠢ ᠭᠡᠯᠪᠡᠷᠢ ᠪᠠᠨ | ᠬᠤᠪᠢᠷᠠᠭᠤᠯᠬᠤ ᠠᠯᠬᠤᠮ ᠲᠦᠷᠭᠡᠳᠴᠦ᠂ ᠳᠤᠮᠳᠠ ᠣᠷᠣᠨ ᠤ ᠬᠥᠭᠵᠢᠯᠲᠡ ᠨᠠᠩ ᠥᠨᠳᠥᠷ ᠭᠠᠷᠤᠭ᠎ᠠ ᠳᠡᠭᠡᠷ᠎ᠡ | ᠵᠣᠭᠰᠣᠪᠠ᠃ ᠡᠭᠦᠨ ᠤ ᠬᠠᠮᠲᠤ ᠳᠤᠮᠳᠠ ᠣᠷᠣᠨ ᠤ ᠭᠠᠵᠠᠷ ᠣᠷᠣᠨ ᠤ ᠬᠥᠭᠵᠢᠯ ᠮᠠᠨᠳᠤᠯ ᠢ ᠠᠬᠢᠭᠤᠯᠬᠤ ᠳᠤ ᠮᠥᠨ | ᠯᠡ ᠴᠥᠭᠡᠨ ᠪᠤᠰᠤ ᠬᠦᠴᠢᠷᠳᠡᠯ ᠪᠠ ᠥᠷᠢᠰᠦᠯᠳᠦᠭᠡᠨ ᠳᠤ ᠲᠤᠯᠭᠠᠷᠠᠵᠤ᠂ ᠦᠨᠡᠨ ᠬᠦ ᠰᠤᠳᠤᠯᠤᠨ ᠰᠢᠢᠳᠪᠦᠷᠢᠯᠡᠬᠦ | ᠬᠡᠷᠡᠭᠲᠡᠢ ᠭᠡᠳᠡᠭ ᠢ ᠣᠯᠵᠤ ᠬᠠᠷᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃ | ᠰᠢ ᠶᠢᠨ ᠫᠢᠩ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠪᠠᠷ ᠠᠵᠤ ᠦᠢᠯᠡᠰ ᠤᠨ | ᠰᠢᠨ᠎ᠡ ᠶᠢ ᠡᠭᠦᠳᠬᠦ ᠶᠢ ᠬᠥᠲᠥᠯᠥᠨ ᠳᠠᠭᠠᠭᠤᠯᠵᠤ᠂ ᠰᠢᠨ᠎ᠡ ᠴᠢᠨᠠᠷ ᠪᠦᠬᠦᠢ ᠦᠢᠯᠡᠳᠪᠦᠷᠢᠯᠡᠯ ᠤᠨ ᠬᠦᠴᠦᠨ ᠢ | ᠢᠳᠡᠪᠬᠢᠲᠡᠢ ᠪᠤᠶᠢᠵᠢᠭᠤᠯᠤᠨ ᠬᠥᠭᠵᠢᠭᠦᠯᠬᠦ ᠬᠡᠷᠡᠭᠲᠡᠢ᠃ ᠪᠣᠳᠠᠲᠤ ᠴᠣᠭᠴᠠ ᠶᠢᠨ ᠠᠵᠤ ᠠᠬᠤᠢ ᠭᠡᠬᠦ ᠡᠨᠡ ᠬᠦ | ᠰᠠᠭᠤᠷᠢ ᠳᠤ ᠰᠠᠭᠤᠷᠢᠯᠠᠨ᠂ ᠲᠡᠷᠢᠭᠦᠨ ᠤ ᠦᠢᠯᠡᠳᠬᠦ ᠦᠢᠯᠡᠰ ᠢ ᠪᠤᠵᠠᠭᠠᠶᠢᠷᠠᠭᠤᠯᠤᠨ ᠬᠦᠴᠦᠷᠬᠡᠭᠵᠢᠭᠦᠯᠵᠦ᠂ ᠰᠢᠨ᠎ᠡ | ᠭᠡᠯᠪᠡᠷᠢ ᠶᠢᠨ ᠠᠵᠤ ᠦᠢᠯᠡᠳᠪᠦᠷᠢᠵᠢᠯᠲᠡ ᠶᠢ ᠢᠳᠡᠪᠬᠢᠲᠡᠢ ᠠᠬᠢᠭᠤᠯᠤᠨ᠂ ᠤᠯᠠᠮᠵᠢᠯᠠᠯᠲᠤ ᠠᠵᠤ ᠦᠢᠯᠡᠰ ᠢ | ᠥᠭᠡᠷᠡᠴᠢᠯᠡᠨ ᠳᠡᠭᠡᠭᠰᠢᠯᠡᠭᠦᠯᠵᠦ᠂ ᠰᠢᠨ᠎ᠡ ᠪᠠᠷ ᠮᠠᠨᠳᠤᠭᠰᠠᠨ ᠠᠵᠤ ᠦᠢᠯᠡᠰ ᠢ ᠪᠤᠶᠢᠵᠢᠭᠤᠯᠤᠨ ᠪᠤᠵᠠᠭᠠᠶᠢᠷᠠᠭᠤᠯᠵᠤ᠂ | ᠢᠷᠡᠭᠡᠳᠦᠢ ᠶᠢᠨ ᠠᠵᠤ ᠦᠢᠯᠡᠰ ᠢ ᠤᠷᠢᠳᠴᠢᠯᠠᠨ ᠪᠠᠶᠢᠷᠢᠰᠢᠭᠤᠯᠵᠤ ᠪᠦᠲᠦᠭᠡᠨ ᠪᠠᠶᠢᠭᠤᠯᠵᠤ᠂ ᠲᠡᠷᠢᠭᠦᠨ ᠤ | ᠦᠢᠯᠡᠳᠬᠦ ᠦᠢᠯᠡᠰ ᠢᠶᠠᠷ ᠲᠤᠯᠭᠠᠭᠤᠷᠢᠯᠠᠯ ᠪᠤᠯᠭᠠᠬᠰᠠᠨ ᠣᠳᠣᠬᠢᠴᠢᠯᠠᠭᠰᠠᠨ ᠠᠵᠤ ᠦᠢᠯᠡᠰ ᠤᠨ ᠰᠢᠰᠲ᠋ᠧᠮ ᠢ | ᠲᠦᠷᠭᠡᠳᠬᠡᠨ ᠪᠠᠶᠢᠭᠤᠯᠬᠤ ᠬᠡᠷᠡᠭᠲᠡᠢ᠃ ᠰᠢᠨᠵᠢᠯᠡᠬᠦ ᠤᠬᠠᠭᠠᠨ ᠲᠦ᠋ᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠪᠠ ᠠᠵᠤ | ᠦᠢᠯᠡᠰ ᠤᠨ ᠰᠢᠨ᠎ᠡ ᠶᠢ ᠡᠭᠦᠳᠬᠦ ᠶᠢᠨ ᠭᠦᠨᠵᠡᠭᠡᠢ ᠠᠭᠤᠰᠤᠯᠴᠠᠯ ᠢ ᠨᠡᠩ ᠴᠢᠬᠤᠯᠠᠴᠢᠯᠠᠵᠤ᠂ ᠴᠢᠬᠤᠯᠠ ᠶᠡᠭᠡ | ᠰᠢᠨᠵᠢᠯᠡᠬᠦ ᠤᠬᠠᠭᠠᠨ ᠲᠦ᠋ᠭᠨᠢᠭ ᠮᠡᠷᠭᠡᠵᠢᠯ ᠤᠨ ᠪᠣᠭᠤᠮᠲᠠ ᠰᠢᠪᠲᠤᠯᠬᠤ ᠶᠢ ᠴᠢᠩᠭᠠᠳᠬᠠᠵᠤ᠂ ᠠᠵᠤ ᠦᠢᠯᠡᠰ ᠤᠨ | ᠰᠢᠨ᠎ᠡ ᠶᠢ ᠡᠭᠦᠳᠬᠦ ᠬᠥᠭᠵᠢᠯᠲᠡ ᠶᠢᠨ ᠮᠡᠷᠭᠡᠵᠢᠯ ᠤᠨ ᠲᠤᠯᠭᠠᠭᠤᠷᠢᠯᠠᠬᠤ ᠴᠢᠳᠠᠪᠤᠷᠢ ᠶᠢ ᠨᠡᠮᠡᠭᠳᠡᠭᠦᠯᠬᠦ ᠬᠡᠷᠡᠭᠲᠡᠢ᠃ | ᠠᠵᠤ ᠠᠬᠤᠶᠢᠯᠠᠯ ᠤᠨ ᠰᠢᠨ᠎ᠡ ᠶᠢ ᠡᠭᠦᠳᠬᠦ ᠭᠤᠣᠯ ᠴᠣᠭᠴᠠ ᠶᠢᠨ ᠪᠠᠶᠢᠷᠢ ᠰᠠᠭᠤᠷᠢ ᠶᠢ ᠴᠢᠩᠭᠠᠳᠬᠠᠵᠤ᠂ ᠡᠬᠢᠨ ᠤ | ᠪᠠ ᠡᠴᠦᠰ ᠤᠨ ᠠᠵᠤ ᠦᠢᠯᠡᠰ ᠨᠢᠭᠲᠠ ᠬᠠᠮᠲᠤᠷᠠᠯᠴᠠᠭᠰᠠᠨ ᠰᠢᠨ᠎ᠡ ᠶᠢ ᠡᠭᠦᠳᠬᠦ ᠬᠤᠯᠪᠣᠭᠠᠲᠤ ᠴᠣᠭᠴᠠ ᠶᠢ | ᠪᠠᠶᠢᠭᠤᠯᠵᠤ᠂ ᠦᠢᠯᠡᠳᠪᠦᠷᠢᠯᠡᠯ ᠵᠢᠭᠠᠨ ᠰᠤᠷᠭᠠᠯᠲᠠ ᠰᠤᠳᠤᠯᠭᠠᠨ ᠤ ᠠᠭᠤᠰᠤᠯᠴᠠᠨ ᠨᠡᠪᠲᠡᠷᠡᠯᠴᠡᠵᠦ ᠰᠢᠨ᠎ᠡ ᠶᠢ | ᠡᠭᠦᠳᠬᠦ ᠶᠢ ᠠᠬᠢᠭᠤᠯᠵᠤ᠂ ᠰᠢᠨᠵᠢᠯᠡᠬᠦ ᠤᠬᠠᠭᠠᠨ ᠲᠦ᠋ᠭᠨᠢᠭ ᠮᠡᠷᠭᠡᠵᠢᠯ ᠤᠨ ᠦᠷ᠎ᠡ ᠪᠦᠲᠦᠭᠡᠯ ᠢ ᠪᠣᠳᠠᠲᠤ | ᠦᠢᠯᠡᠳᠪᠦᠷᠢᠯᠡᠯ ᠤᠨ ᠬᠦᠴᠦᠨ ᠪᠣᠯᠭᠠᠨ ᠣᠨᠳᠣᠣᠰᠢᠭᠤᠯᠬᠤ ᠶᠢ ᠲᠦᠷᠭᠡᠳᠬᠡᠬᠦ ᠬᠡᠷᠡᠭᠲᠡᠢ᠃ ᠦᠢᠯᠡᠳᠬᠦ ᠦᠢᠯᠡᠰ ᠤᠨ | ᠴᠢᠬᠤᠯᠠ ᠶᠡᠭᠡ ᠮᠡᠷᠭᠡᠵᠢᠯ ᠤᠨ ᠥᠭᠡᠷᠡᠴᠢᠯᠡᠯᠲᠡ ᠬᠢᠵᠦ ᠲᠡᠰ ᠳᠡᠪᠰᠢᠭᠦᠯᠬᠦ ᠪᠠ ᠶᠡᠭᠡ ᠬᠡᠪᠴᠢᠶᠡᠨ ᠤ ᠲᠤᠨᠤᠭ | ᠲᠥᠬᠦᠭᠡᠷᠦᠮᠵᠢ ᠶᠢ ᠰᠢᠨᠡᠳᠬᠡᠬᠦ ᠢᠨᠵᠧᠨᠧᠷᠢᠩ ᠢ ᠭᠦᠨᠵᠡᠭᠡᠢ ᠬᠡᠷᠡᠭᠵᠢᠭᠦᠯᠵᠦ᠂ ᠦᠢᠯᠡᠳᠬᠦ ᠦᠢᠯᠡᠰ ᠢ ᠳᠡᠭᠡᠳᠦ | ᠲᠡᠰᠵᠢᠭᠦᠯᠭᠦ᠂ ᠣᠶᠤᠨᠴᠢᠯᠠᠬᠤ᠂ ᠪᠣᠬᠢᠷᠳᠤᠯ ᠦᠭᠡᠶᠢᠵᠢᠭᠦᠯᠦᠨ ᠬᠥᠭᠵᠢᠭᠦᠯᠬᠦ ᠶᠢ ᠠᠬᠢᠭᠤᠯᠵᠤ᠂ ᠤᠯᠠᠮᠵᠢᠯᠠᠯᠲᠤ ᠠᠵᠤ | ᠦᠢᠯᠡᠰ ᠢ ᠰᠢᠨ᠎ᠡ ᠠᠮᠢᠵᠢᠷᠠᠯ ᠤᠨ ᠬᠦᠴᠦᠨ ᠲᠠᠢ ᠪᠤᠯᠭᠠᠬᠤ ᠬᠡᠷᠡᠭᠲᠡᠢ ᠭᠡᠵᠦ ᠴᠢᠬᠤᠯᠠᠴᠢᠯᠠᠵᠠᠢ᠃ | ᠰᠢ ᠶᠢᠨ ᠫᠢᠩ᠂ ᠪᠤᠰᠤᠳ ᠴᠢᠬᠤᠯᠠ ᠶᠡᠭᠡ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠯᠤᠭ᠎ᠠ | ᠵᠤᠯᠭᠠᠯᠴᠠᠭᠤᠯᠬᠤ ᠶᠢ ᠴᠢᠩᠭᠠᠳᠬᠠᠵᠤ᠂ ᠰᠢᠨ᠎ᠡ ᠬᠥᠭᠵᠢᠯᠲᠡ ᠶᠢᠨ ᠪᠠᠶᠢᠷᠢᠰᠢᠯ ᠳᠤ ᠨᠡᠩ ᠰᠠᠶᠢᠲᠤᠷ ᠠᠭᠤᠰᠤᠯᠴᠠᠨ | ᠲᠤᠯᠭᠠᠭᠤᠷᠢᠯᠠᠬᠤ ᠬᠡᠷᠡᠭᠲᠡᠢ᠃ ᠪᠡᠭᠡᠵᠢᠩ ᠲᠢᠶᠠᠨᠵᠢᠨ ᠾᠧᠪᠧᠢ᠂ ᠬᠥᠬᠡᠮᠥ᠋ᠷᠡᠨ ᠤ ᠭᠤᠷᠪᠠᠯᠵᠢᠨ ᠬᠤᠶᠢᠭ᠂ | ᠭᠤᠸᠠᠩᠳᠦ᠋ᠩ ᠰᠢᠶᠠᠩᠭᠠᠩ ᠣᠣᠮᠧᠨ ᠤ ᠲᠣᠮᠣ ᠪᠤᠯᠤᠩ ᠤᠨ ᠣᠷᠣᠨ ᠯᠤᠭ᠎ᠠ ᠶᠢᠨ ᠭᠦᠨᠵᠡᠭᠡᠢ ᠵᠣᠯᠭᠠᠯᠴᠠᠭ᠎ᠠ ᠶᠢ | ᠴᠢᠩᠭᠠᠳᠬᠠᠵᠤ᠂ ᠬᠥᠬᠡᠮᠥ᠋ᠷᠡᠨ ᠤ ᠠᠵᠤ ᠠᠬᠤᠢ ᠶᠢᠨ ᠪᠦᠰᠡ ᠶᠢᠨ ᠬᠥᠭᠵᠢᠯᠲᠡ᠂ ᠬᠠᠲᠤᠨ ᠭᠤᠣᠯ ᠤᠨ ᠰᠠᠪᠠ | ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠪᠣᠯᠣᠨ ᠴᠢᠨᠠᠷ ᠰᠠᠶᠢᠲᠠᠢ ᠬᠥᠭᠵᠢᠯᠲᠡ ᠯᠦᠭᠡ ᠶᠢᠨ ᠠᠭᠤᠰᠤᠯᠴᠠᠨ | ᠬᠤᠯᠪᠤᠭᠠᠯᠠᠨ ᠬᠥᠳᠡᠯᠦᠯᠴᠡᠬᠦ ᠶᠢ ᠴᠢᠩᠭᠠᠳᠬᠠᠬᠤ ᠬᠡᠷᠡᠭᠲᠡᠢ᠃ ᠠᠵᠤ ᠦᠢᠯᠡᠰ ᠢ ᠱᠠᠲᠤᠯᠢᠭ ᠰᠢᠯᠵᠢᠭᠦᠯᠬᠦ ᠶᠢ ᠡᠮᠬᠢ | ᠵᠢᠷᠤᠮ ᠲᠠᠢ ᠪᠠᠷ ᠭᠥᠯᠢᠶᠡᠨ ᠠᠪᠴᠤ᠂ ᠠᠵᠤ ᠦᠢᠯᠡᠰ ᠤᠨ ᠪᠠᠶᠢᠷᠢᠰᠢᠭᠤᠯᠤᠯᠲᠠ ᠶᠢ ᠰᠢᠯᠢᠳᠡᠭᠵᠢᠭᠦᠯᠬᠦ ᠬᠡᠷᠡᠭᠲᠡᠢ᠃ | ᠣᠳᠣᠬᠢᠴᠢᠯᠠᠭᠰᠠᠨ ᠵᠠᠮ ᠬᠠᠷᠢᠯᠴᠠᠭᠠᠨ ᠤ ᠰᠠᠭᠤᠷᠢ ᠲᠥᠬᠦᠭᠡᠷᠦᠮᠵᠢ ᠶᠢᠨ ᠰᠢᠰᠲ᠋ᠧᠮ ᠤᠨ ᠪᠦᠲᠦᠭᠡᠨ | ᠪᠠᠶᠢᠭᠤᠯᠤᠯᠲᠠ ᠶᠢ ᠴᠢᠩᠭᠠᠳᠬᠠᠵᠤ᠂ ᠳᠤᠮᠳᠠ ᠣᠷᠣᠨ ᠤ ᠶᠡᠭᠡ ᠨᠡᠪᠲᠡᠷᠡᠬᠦ ᠵᠠᠮ ᠤᠨ ᠪᠠᠶᠢᠷᠢᠰᠢᠯ ᠢ ᠴᠢᠩᠭᠠᠳᠬᠠᠬᠤ | ᠬᠡᠷᠡᠭᠲᠡᠢ᠃ ᠣᠷᠣᠨ ᠪᠦᠰᠡ ᠶᠢᠨ ᠳᠣᠲᠣᠷᠠᠬᠢ ᠮᠤᠵᠢ ᠶᠢᠨ ᠬᠤᠭᠤᠷᠣᠨᠳᠣᠭᠢ ᠬᠠᠮᠲᠤᠷᠠᠯᠴᠠᠭᠠᠨ ᠤ ᠲᠣᠭᠲᠠᠴᠠ ᠶᠢ | ᠪᠠᠶᠢᠭᠤᠯᠤᠨ ᠲᠡᠭᠦᠯᠳᠡᠷᠵᠢᠭᠦᠯᠵᠦ᠂ ᠣᠷᠣᠨ ᠪᠦᠰᠡ ᠶᠢᠨ ᠬᠠᠮᠵᠢᠯᠴᠠᠨ ᠬᠥᠭᠵᠢᠬᠦ ᠲᠦᠪᠰᠢᠨ ᠢ ᠳᠡᠭᠡᠭᠰᠢᠯᠡᠭᠦᠯᠭᠦ | ᠬᠡᠷᠡᠭᠲᠡᠢ᠃ ᠬᠥᠬᠡᠮᠥ᠋ᠷᠡᠨ ᠤ ᠳᠤᠮᠳᠠ ᠤᠷᠤᠰᠬᠠᠯ ᠤᠨ ᠬᠤᠳᠠ ᠶᠢᠨ ᠪᠦᠯᠦᠭᠵᠢᠯ ᠪᠠ ᠳᠤᠮᠳᠠᠳᠤ ᠣᠷᠣᠨ ᠤ | ᠬᠤᠳᠠ ᠶᠢᠨ ᠪᠦᠯᠦᠭᠵᠢᠯ ᠤᠨ ᠬᠥᠭᠵᠢᠯᠲᠡ ᠶᠢ ᠶᠡᠭᠡ ᠪᠠᠷ ᠠᠬᠢᠭᠤᠯᠵᠤ᠂ ᠬᠤᠳᠠ ᠶᠢᠨ ᠬᠦᠷᠢᠶᠡᠨ ᠤ ᠬᠤᠭᠤᠷᠣᠨᠳᠣᠭᠢ | ᠵᠣᠬᠢᠴᠠᠯᠳᠤᠨ ᠬᠤᠯᠪᠣᠯᠳᠤᠬᠤ ᠶᠢ ᠴᠢᠩᠭᠠᠳᠬᠠᠵᠤ᠂ ᠡᠷᠭᠢᠨ ᠲᠣᠭᠤᠷᠢᠨ ᠤ ᠭᠠᠵᠠᠷ ᠣᠷᠣᠨ ᠤ ᠬᠥᠭᠵᠢᠯᠲᠡ ᠶᠢ ᠨᠡᠩ | ᠰᠠᠶᠢᠲᠤᠷ ᠳᠠᠭᠠᠭᠤᠯᠤᠨ ᠳᠠᠶᠢᠴᠢᠯᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃ | ᠰᠢ ᠶᠢᠨ ᠫᠢᠩ᠂ ᠭᠦᠨ ᠳᠠᠪᠬᠤᠷᠭ᠎ᠠ ᠶᠢᠨ ᠥᠭᠡᠷᠡᠴᠢᠯᠡᠯᠲᠡ ᠪᠣᠯᠣᠨ ᠥᠨᠳᠥᠷ ᠲᠦᠪᠰᠢᠨ ᠪᠦᠬᠦᠢ ᠨᠡᠭᠡᠭᠡᠯᠲᠡ ᠶᠢ | ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠨᠡᠩ ᠥᠷᠢᠰᠦᠯᠳᠦᠬᠦ ᠬᠦᠴᠦᠨ ᠲᠠᠢ ᠳᠣᠲᠣᠭᠠᠳᠤ ᠬᠠᠭᠤᠷᠠᠢ ᠶᠢᠨ | ᠨᠡᠭᠡᠭᠡᠯᠲᠡ ᠶᠢᠨ ᠥᠨᠳᠦᠷᠯᠢᠭ ᠢ ᠦᠷᠭᠦᠯᠵᠢᠯᠡᠨ ᠴᠣᠭᠴᠠᠯᠠᠬᠤ ᠬᠡᠷᠡᠭᠲᠡᠢ᠃ ᠡᠯᠧᠮᠧᠨ᠋ᠲ ᠤᠨ ᠵᠠᠬ᠎ᠠ ᠳᠡᠯᠭᠡᠭᠦᠷᠴᠢᠯᠡᠬᠦ | ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠵᠠᠬ᠎ᠠ ᠳᠡᠯᠭᠡᠭᠦᠷ ᠤᠨ ᠠᠵᠤ ᠠᠬᠤᠢ ᠶᠢᠨ ᠰᠠᠭᠤᠷᠢ ᠳᠦᠷᠢᠮ ᠢ | ᠲᠡᠭᠦᠯᠳᠡᠷᠵᠢᠭᠦᠯᠦᠨ᠂ ᠣᠷᠣᠨ ᠨᠤᠲᠤᠭ ᠤᠨ ᠬᠠᠮᠠᠭᠠᠯᠠᠯᠲᠠ ᠶᠢᠨ ᠦᠢᠯᠡ ᠠᠵᠢᠯᠯᠠᠭ᠎ᠠ ᠶᠢ ᠪᠦᠭᠦ ᠲᠠᠯ᠎ᠠ ᠪᠠᠷ | ᠢᠯᠭᠠᠷᠠᠭᠤᠯᠤᠨ ᠵᠠᠯᠠᠷᠠᠭᠤᠯᠵᠤ᠂ ᠡᠯ᠎ᠡ ᠵᠦᠢᠯ ᠤᠨ ᠦᠢᠯᠡᠳᠪᠦᠷᠢᠯᠡᠯ ᠤᠨ ᠬᠦᠴᠦᠨ ᠤ ᠡᠯᠧᠮᠧᠨ᠋ᠲ ᠤᠨ ᠣᠷᠣᠨ ᠪᠦᠰᠡ | ᠠᠯᠤᠰᠯᠠᠨ ᠵᠦᠢ ᠵᠣᠬᠢᠰᠲᠠᠢ ᠪᠠᠷ ᠰᠢᠯᠵᠢᠭᠦ ᠪᠠ ᠰᠢᠯᠢᠳᠡᠭᠵᠢᠭᠦᠯᠦᠨ ᠲᠣᠬᠢᠷᠠᠭᠤᠯᠬᠤ ᠶᠢ ᠠᠬᠢᠭᠤᠯᠵᠤ᠂ ᠪᠦᠭᠦ | ᠤᠯᠤᠰ ᠤᠨ ᠨᠢᠭᠡᠳᠦᠯᠲᠡᠢ ᠲᠣᠮᠣ ᠵᠠᠬ᠎ᠠ ᠳᠡᠯᠭᠡᠭᠦᠷ ᠤᠨ ᠪᠠᠶᠢᠭᠤᠯᠤᠯᠲᠠ ᠳᠤ ᠨᠡᠩ ᠰᠠᠶᠢᠨ ᠣᠷᠤᠯᠴᠠᠬᠤ ᠬᠡᠷᠡᠭᠲᠡᠢ᠃ | ᠳᠦᠷᠢᠮ ᠤᠨ ᠭᠡᠯᠪᠡᠷᠢ ᠶᠢᠨ ᠨᠡᠭᠡᠭᠡᠯᠲᠡ ᠶᠢ ᠯᠠᠪᠳᠠᠭᠤᠨ ᠢᠶᠠᠷ ᠥᠷᠭᠡᠳᠬᠡᠵᠦ᠂ ︽ᠨᠢᠭᠡ ᠪᠦᠰᠡ ᠨᠢᠭᠡ ᠵᠠᠮ︾ ᠢ | ᠬᠠᠮᠲᠤ ᠪᠠᠷ ᠪᠦᠲᠦᠭᠡᠨ ᠪᠠᠶᠢᠭᠤᠯᠬᠤ ᠳᠤ ᠭᠦᠨᠵᠡᠭᠡᠢ ᠠᠭᠤᠰᠤᠯᠴᠠᠵᠤ᠂ ᠰᠢᠨ᠎ᠡ ᠠᠽᠢᠶ᠎ᠠ ᠡᠸᠦ᠋ᠷᠦᠫᠡ ᠶᠢᠨ ᠡᠬᠡ | ᠬᠠᠭᠤᠷᠠᠢ ᠶᠢᠨ ᠬᠥᠭᠦᠷᠭᠡ᠂ ᠪᠠᠷᠠᠭᠤᠨ ᠬᠡᠰᠡᠭ ᠤᠨ ᠡᠬᠡ ᠬᠠᠭᠤᠷᠠᠢ ᠪᠠ ᠲᠡᠯᠡᠶ ᠶᠢᠨ ᠰᠢᠨ᠎ᠡ ᠨᠡᠪᠲᠡᠷᠡᠬᠦ ᠵᠠᠮ ᠳᠤ | ᠰᠠᠨᠠᠭᠠᠴᠢᠯᠠᠭ᠎ᠠ ᠠᠴᠠ ᠪᠠᠨ ᠵᠣᠯᠭᠠᠭᠤᠯᠵᠤ᠂ ᠴᠢᠯᠦᠭᠡᠲᠦ ᠠᠷᠠᠯᠵᠢᠶᠠᠨ ᠤ ᠲᠤᠷᠰᠢᠯᠲᠠ ᠶᠢᠨ ᠣᠷᠣᠨ ᠢ ᠥᠨᠳᠥᠷ | ᠪᠠᠷᠢᠮᠵᠢᠶ᠎ᠠ ᠪᠠᠷ ᠪᠦᠲᠦᠭᠡᠨ ᠪᠠᠶᠢᠭᠤᠯᠵᠤ᠂ ᠨᠠᠩ ᠣᠯᠠᠨ ᠥᠨᠳᠥᠷ ᠴᠢᠳᠠᠮᠵᠢᠲᠤ ᠭᠠᠳᠠᠭᠠᠳᠤ ᠨᠡᠭᠡᠭᠡᠯᠲᠡ ᠶᠢᠨ | ᠬᠠᠮᠲᠤᠷᠠᠯᠴᠠᠭᠠᠨ ᠤ ᠲᠠᠪᠴᠠᠩ ᠢ ᠪᠠᠶᠢᠭᠤᠯᠵᠤ᠂ ᠤᠯᠤᠰ ᠤᠨ ᠳᠣᠲᠣᠭᠠᠳᠤ ᠭᠠᠳᠠᠭᠠᠳᠤ ᠶᠢᠨ ᠬᠤᠣᠰ ᠣᠷᠴᠢᠯ ᠢ | ᠬᠤᠯᠪᠣᠨ ᠨᠡᠪᠲᠡᠷᠡᠭᠦᠯᠬᠦ ᠲᠠᠯ᠎ᠠ ᠪᠠᠷ ᠨᠠᠩ ᠶᠡᠭᠡ ᠦᠢᠯᠡᠳᠦᠯ ᠦᠵᠡᠭᠦᠯᠭᠦ ᠬᠡᠷᠡᠭᠲᠡᠢ᠃ ᠵᠠᠬ᠎ᠠ ᠳᠡᠯᠭᠡᠭᠦᠷᠴᠢᠯᠡᠭᠰᠡᠨ | ᠬᠠᠤᠯᠢᠵᠢᠭᠰᠠᠨ ᠳᠡᠯᠡᠬᠡᠶᠢᠵᠢᠭᠰᠡᠨ ᠬᠤᠳᠠᠯᠳᠤᠭ᠎ᠠ ᠡᠷᠭᠢᠯᠡᠭᠦ ᠣᠷᠴᠢᠨ ᠨᠥᠬᠦᠴᠡᠯ ᠤᠨ ᠪᠠᠶᠢᠭᠤᠯᠤᠯᠲᠠ ᠶᠢ | ᠴᠢᠩᠭᠠᠳᠬᠠᠵᠤ᠂ ᠤᠯᠤᠰ ᠤᠨ ᠳᠣᠲᠣᠭᠠᠳᠤ ᠭᠠᠳᠠᠭᠠᠳᠤ ᠶᠢᠨ ᠡᠯᠧᠮᠧᠨ᠋ᠲ ᠤᠨ ᠡᠬᠢ ᠪᠠᠶᠠᠯᠢᠭ ᠲᠠᠬᠢ ᠲᠠᠲᠠᠬᠤ | ᠬᠦᠴᠦᠨ ᠢ ᠴᠢᠩᠭᠠᠷᠠᠭᠤᠯᠬᠤ ᠬᠡᠷᠡᠭᠲᠡᠢ᠃ ︽ᠬᠤᠶᠠᠷ ᠤᠬᠳᠤ ᠭᠤᠶᠢᠪᠢᠰᠢ ᠦᠭᠡᠢ ᠪᠠᠶᠢᠬᠤ︾ ᠶᠢ ᠪᠠᠷᠢᠮᠲᠠᠯᠠᠵᠤ᠂ | ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠬᠦᠴᠦᠷᠬᠡᠭᠵᠢᠨ ᠰᠢᠯᠢᠳᠡᠭᠵᠢᠵᠦ ᠪᠤᠵᠠᠭᠠᠶᠢᠷᠠᠬᠤ ᠶᠢ ᠲᠡᠮᠵᠢᠵᠦ᠂ | ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠤᠨ ᠬᠥᠭᠵᠢᠯᠲᠡ ᠶᠢᠨ ᠣᠷᠴᠢᠨ ᠨᠥᠬᠦᠴᠡᠯ ᠢ ᠴᠢᠨᠠᠭᠰᠢᠳᠠ | ᠰᠢᠯᠢᠳᠡᠭᠵᠢᠭᠦᠯᠬᠦ ᠬᠡᠷᠡᠭᠲᠡᠢ ᠭᠡᠵᠦ ᠴᠢᠬᠤᠯᠠᠴᠢᠯᠠᠵᠠᠢ᠃ | ᠰᠢ ᠶᠢᠨ ᠫᠢᠩ᠂ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠪᠣᠯᠣᠨ ᠪᠣᠬᠢᠷᠳᠤᠯ ᠦᠭᠡᠢ ᠪᠠᠭ᠎ᠠ | ᠨᠡᠭᠦᠷᠡᠰᠦᠲᠥ᠋ᠷᠥᠭᠴᠢᠲᠦ ᠬᠥᠭᠵᠢᠯᠲᠡ ᠶᠢ ᠬᠠᠮᠵᠢᠯᠴᠠᠨ ᠠᠬᠢᠭᠤᠯᠵᠤ᠂ ᠦᠵᠡᠰᠬᠦᠯᠡᠩᠲᠦ ᠰᠠᠶᠢᠬᠠᠨ ᠳᠤᠮᠳᠠ ᠣᠷᠣᠨ ᠢ | ᠲᠦᠷᠭᠡᠳᠬᠡᠨ ᠪᠦᠲᠦᠭᠡᠨ ᠪᠠᠶᠢᠭᠤᠯᠬᠤ ᠬᠡᠷᠡᠭᠲᠡᠢ᠃ ᠪᠣᠬᠢᠷᠳᠤᠯ ᠢ ᠰᠡᠷᠭᠡᠶᠢᠯᠡᠨ ᠵᠠᠰᠠᠬᠤ ᠪᠣᠭᠤᠮᠲᠠ ᠰᠢᠪᠲᠤᠯᠬᠤ | ᠳᠠᠶᠢᠯᠠᠯᠳᠤᠭᠠᠨ ᠢ ᠦᠷᠭᠦᠯᠵᠢᠯᠡᠨ ᠭᠦᠨᠵᠡᠭᠡᠢ ᠰᠠᠶᠢᠲᠤᠷ ᠬᠢᠵᠦ᠂ ᠶᠡᠭᠡ ᠭᠤᠣᠯ ᠮᠥᠷᠡᠨ ᠪᠠ ᠴᠢᠬᠤᠯᠠ ᠨᠠᠭᠤᠷ | ᠴᠥᠭᠦᠷᠥᠮ ᠤᠨ ᠠᠮᠢ ᠠᠬᠤᠢ ᠣᠷᠴᠢᠨ ᠲᠣᠭᠤᠷᠢᠨ ᠢ ᠰᠢᠰᠲ᠋ᠧᠮ ᠲᠠᠢ ᠵᠠᠰᠠᠬᠤ᠂ ᠶᠡᠷᠦᠩᠬᠡᠶᠢᠯᠡᠨ ᠵᠠᠰᠠᠬᠤ᠂ | ᠬᠠᠮᠵᠢᠯᠴᠠᠨ ᠵᠠᠰᠠᠬᠤ ᠶᠢ ᠴᠢᠩᠭᠠᠳᠬᠠᠵᠤ᠂ ᠬᠤᠳᠠ ᠪᠠᠯᠭᠠᠰᠤᠨ ᠤ ᠠᠮᠢᠳᠤᠷᠠᠯ ᠤᠨ ᠪᠣᠬᠢᠷ ᠤᠰᠤ ᠶᠢ ᠴᠤᠭᠯᠠᠭᠤᠯᠬᠤ | ᠪᠠ ᠰᠢᠢᠳᠪᠦᠷᠢᠯᠡᠬᠦ ᠲᠥᠬᠦᠭᠡᠷᠦᠮᠵᠢ ᠶᠢᠨ ᠳᠤᠲᠠᠭᠤᠳᠠᠯ ᠢ ᠲᠦᠷᠭᠡᠨ ᠨᠥᠬᠦᠪᠦᠷᠢᠯᠡᠬᠦ ᠬᠡᠷᠡᠭᠲᠡᠢ᠃ ᠠᠵᠤ ᠦᠢᠯᠡᠰ᠂ | ᠡᠨᠧᠷᠭᠢ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠪᠦᠲᠦᠴᠡ ᠶᠢᠨ ᠪᠣᠬᠢᠷᠳᠤᠯ ᠦᠭᠡᠢ ᠪᠠᠭ᠎ᠠ ᠨᠡᠭᠦᠷᠡᠰᠦᠲᠥ᠋ᠷᠥᠭᠴᠢᠲᠦ | ᠲᠡᠶᠢᠰᠢ ᠭᠡᠯᠪᠡᠷᠢ ᠪᠠᠨ ᠬᠤᠪᠢᠷᠠᠭᠤᠯᠬᠤ ᠶᠢ ᠠᠬᠢᠭᠤᠯᠵᠤ᠂ ᠪᠣᠬᠢᠷᠳᠤᠯ ᠦᠭᠡᠢ ᠪᠠᠭ᠎ᠠ ᠨᠡᠭᠦᠷᠡᠰᠦᠲᠥ᠋ᠷᠥᠭᠴᠢᠲᠦ ᠠᠵᠤ | ᠦᠢᠯᠡᠰ ᠢ ᠲᠦᠷᠭᠡᠳᠬᠡᠨ ᠪᠤᠶᠢᠵᠢᠭᠤᠯᠤᠨ ᠪᠤᠵᠠᠭᠠᠶᠢᠷᠠᠭᠤᠯᠵᠤ᠂ ᠡᠬᠢ ᠪᠠᠶᠠᠯᠢᠭ ᠢ ᠠᠷᠪᠢᠯᠠᠬᠤ ᠡᠷᠴᠢᠮᠵᠢᠭᠦᠯᠬᠦ | ᠡᠷᠭᠢᠯᠳᠦᠭᠦᠯᠦᠨ ᠠᠰᠢᠭᠯᠠᠬᠤ ᠶᠢ ᠴᠢᠩᠭᠠᠳᠬᠠᠬᠤ ᠬᠡᠷᠡᠭᠲᠡᠢ᠃ ᠰᠠᠪᠠ ᠭᠠᠵᠠᠷ ᠤᠨ ᠬᠥᠨᠳᠡᠯᠡᠨ ᠴᠢᠭᠯᠡᠯ ᠤᠨ ᠠᠮᠢ | ᠠᠬᠤᠢ ᠶᠢᠨ ᠬᠠᠮᠠᠭᠠᠯᠠᠯᠲᠠ ᠶᠢᠨ ᠨᠥᠬᠦᠪᠦᠷᠢ ᠶᠢᠨ ᠲᠣᠭᠲᠠᠴᠠ ᠪᠠ ᠠᠮᠢ ᠠᠬᠤᠢ ᠶᠢᠨ ᠦᠢᠯᠡᠳᠬᠦᠨ ᠤ ᠦᠷᠳᠡᠭ ᠢ | ᠪᠡᠶᠡᠯᠡᠭᠦᠯᠬᠦ ᠲᠣᠭᠲᠠᠴᠠ ᠶᠢ ᠲᠡᠭᠦᠯᠳᠡᠷᠵᠢᠭᠦᠯᠵᠦ᠂ ᠠᠵᠤ ᠦᠢᠯᠡᠰ ᠢ ᠠᠮᠢ ᠠᠬᠤᠶᠢᠵᠢᠭᠤᠯᠬᠤ ᠪᠠ ᠠᠮᠢ ᠠᠬᠤᠢ ᠶᠢ | ᠠᠵᠤ ᠦᠢᠯᠡᠰᠵᠢᠭᠦᠯᠬᠦ ᠶᠢ ᠠᠬᠢᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃ | ᠰᠢ ᠶᠢᠨ ᠫᠢᠩ᠂ ᠬᠤᠳᠠ ᠬᠥᠳᠡᠭᠡ ᠶᠢ ᠠᠭᠤᠰᠤᠯᠴᠠᠭᠤᠯᠤᠨ ᠬᠥᠭᠵᠢᠭᠦᠯᠬᠦ ᠶᠢ ᠪᠠᠷᠢᠮᠲᠠᠯᠠᠵᠤ᠂ ᠬᠥᠳᠡᠭᠡ | ᠲᠣᠰᠬᠤᠨ ᠢ ᠪᠦᠭᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠶᠢ ᠯᠠᠪᠳᠠᠭᠤᠨ ᠪᠠᠲᠤᠲᠠᠢ ᠠᠬᠢᠭᠤᠯᠬᠤ ᠬᠡᠷᠡᠭᠲᠡᠢ᠃ | ᠰᠢᠶᠠᠨ ᠤ ᠬᠤᠳᠠ ᠪᠠᠷ ᠴᠢᠬᠤᠯᠠ ᠠᠴᠢᠶᠠᠯᠠᠪᠤᠷᠢ ᠪᠤᠯᠭᠠᠬᠰᠠᠨ ᠰᠢᠨ᠎ᠡ ᠭᠡᠯᠪᠡᠷᠢ ᠶᠢᠨ ᠬᠤᠳᠠ ᠪᠠᠯᠭᠠᠰᠤᠵᠢᠯᠲᠠ ᠶᠢᠨ | ᠪᠦᠲᠦᠭᠡᠨ ᠪᠠᠶᠢᠭᠤᠯᠤᠯᠲᠠ ᠶᠢ ᠠᠬᠢᠭᠤᠯᠵᠤ᠂ ᠬᠤᠳᠠ ᠬᠥᠳᠡᠭᠡ ᠶᠢᠨ ᠬᠤᠭᠤᠷᠣᠨᠳᠣᠭᠢ ᠤᠯᠠᠨ ᠨᠡᠶᠢᠲᠡ ᠶᠢᠨ ᠡᠬᠢ | ᠪᠠᠶᠠᠯᠢᠭ ᠢ ᠲᠡᠩᠴᠡᠭᠦᠷᠢᠲᠡᠢ ᠲᠣᠬᠢᠷᠠᠭᠤᠯᠬᠤ ᠪᠠ ᠦᠢᠯᠡᠳᠪᠦᠷᠢᠯᠡᠯ ᠤᠨ ᠡᠯᠧᠮᠧᠨ᠋ᠲ ᠢ ᠴᠢᠯᠦᠭᠡᠲᠡᠢ ᠰᠢᠯᠵᠢᠭᠦᠯᠬᠦ ᠶᠢ | ᠠᠬᠢᠭᠤᠯᠵᠤ᠂ ᠬᠤᠳᠠ ᠶᠢᠨ ᠰᠠᠭᠤᠷᠢ ᠲᠥᠬᠦᠭᠡᠷᠦᠮᠵᠢ ᠪᠠ ᠤᠯᠠᠨ ᠨᠡᠶᠢᠲᠡ ᠶᠢᠨ ᠦᠢᠯᠡᠴᠢᠯᠡᠭᠡ ᠶᠢ ᠬᠥᠳᠡᠭᠡ | ᠲᠣᠰᠬᠤᠨ ᠲᠡᠶᠢᠰᠢ ᠤᠷᠲᠤᠳᠬᠠᠬᠤ ᠶᠢ ᠠᠬᠢᠭᠤᠯᠬᠤ ᠬᠡᠷᠡᠭᠲᠡᠢ᠃ ᠬᠥᠳᠡᠭᠡ ᠲᠣᠰᠬᠤᠨ ᠤ ᠰᠠᠭᠤᠷᠢ | ᠲᠥᠬᠦᠭᠡᠷᠦᠮᠵᠢ ᠶᠢ ᠤᠯᠠᠮ ᠴᠢᠨᠠᠭᠰᠢᠳᠠ ᠰᠠᠶᠢᠵᠢᠷᠠᠭᠤᠯᠵᠤ᠂ ᠬᠥᠳᠡᠭᠡ ᠲᠣᠰᠬᠤᠨ ᠤ ᠣᠷᠴᠢᠨ ᠲᠣᠭᠤᠷᠢᠨ ᠤ | ᠴᠡᠭᠴᠡᠯᠡᠨ ᠵᠠᠰᠠᠯᠲᠠ ᠶᠢ ᠴᠢᠩᠭᠠᠳᠬᠠᠵᠤ᠂ ᠲᠠᠷᠢᠶᠠᠯᠠᠩ ᠤᠨ ᠵᠣᠬᠢᠰᠲᠠᠢ ᠭᠡᠪᠴᠢᠶᠡᠵᠢᠯᠳᠤ ᠡᠵᠡᠩᠨᠡᠯᠲᠡ ᠶᠢ ᠠᠬᠢᠭᠤᠯᠵᠤ | ᠂ ᠨᠢᠭᠡᠳᠦᠭᠡᠷ ᠬᠤᠶᠠᠳᠤᠭᠠᠷ ᠭᠤᠷᠪᠠᠳᠤᠭᠠᠷ ᠠᠵᠤ ᠦᠢᠯᠡᠰ ᠤᠨ ᠠᠭᠤᠰᠤᠯᠴᠠᠨ ᠬᠥᠭᠵᠢᠬᠦ ᠶᠢ ᠠᠬᠢᠭᠤᠯᠬᠤ ᠬᠡᠷᠡᠭᠲᠡᠢ᠃ | ᠬᠥᠳᠡᠭᠡ ᠲᠣᠰᠬᠤᠨ ᠤ ᠥᠭᠡᠷᠡᠴᠢᠯᠡᠯᠲᠡ ᠶᠢ ᠤᠯᠠᠮ ᠴᠢᠨᠠᠭᠰᠢᠳᠠ ᠭᠦᠨᠵᠡᠭᠡᠶᠢᠷᠡᠭᠦᠯᠵᠦ᠂ ᠲᠠᠷᠢᠶᠠᠯᠠᠩ ᠢ | ᠬᠦᠴᠦᠷᠬᠡᠭᠵᠢᠭᠦᠯᠦᠨ ᠲᠠᠷᠢᠶᠠᠴᠢᠳ ᠲᠤ ᠠᠰᠢᠭ ᠬᠦᠷᠲᠡᠭᠡᠵᠦ ᠠᠷᠠᠳ ᠢ ᠪᠠᠶᠠᠵᠢᠭᠤᠯᠬᠤ ᠶᠢ ᠳᠡᠮᠵᠢᠬᠦ ᠳᠦᠷᠢᠮ ᠢ | ᠲᠡᠭᠦᠯᠳᠡᠷᠵᠢᠭᠦᠯᠦᠨ᠂ ᠬᠥᠳᠡᠭᠡ ᠠᠵᠤ ᠠᠬᠤᠢ ᠬᠥᠳᠡᠭᠡ ᠲᠣᠰᠬᠤᠨ ᠤ ᠬᠥᠭᠵᠢᠯᠲᠡ ᠶᠢᠨ ᠠᠮᠢᠳᠤᠯᠢᠭ ᠬᠦᠴᠦᠨ ᠢ | ᠭᠦᠢᠴᠡᠳ ᠬᠥᠭᠵᠢᠭᠡᠬᠦ ᠬᠡᠷᠡᠭᠲᠡᠢ᠃ ᠬᠤᠰᠢᠭᠤ ᠰᠢᠶᠠᠨ ᠤ ᠠᠵᠤ ᠠᠬᠤᠢ ᠶᠢ ᠶᠡᠭᠡ ᠪᠠᠷ ᠬᠥᠭᠵᠢᠭᠦᠯᠵᠦ᠂ ᠰᠢᠨ᠎ᠡ | ᠨᠡᠮᠡᠭᠳᠡᠯ ᠤᠨ ᠴᠡᠭ ᠢ ᠪᠤᠶ ᠪᠤᠯᠭᠠᠬᠤ ᠬᠡᠷᠡᠭᠲᠡᠢ᠃ ᠬᠤᠪᠢᠰᠬᠠᠯ ᠤᠨ ᠡᠷᠲᠡ ᠴᠢᠯᠦᠭᠡᠯᠡᠭᠳᠡᠭᠰᠡᠨ ᠣᠷᠣᠨ ᠪᠣᠯᠣᠨ | ᠬᠥᠭᠵᠢᠭᠡᠳᠦᠢ ᠰᠢᠶᠠᠨ ︵ᠬᠤᠲᠠ᠂ ᠲᠣᠭᠤᠷᠢᠭ︶ ᠢ ᠬᠥᠭᠵᠢᠭᠦᠯᠦᠨ ᠮᠠᠨᠳᠤᠭᠤᠯᠬᠤ ᠶᠢ ᠳᠡᠭᠡᠳᠦ ᠬᠡᠮᠵᠢᠶ᠎ᠡ ᠪᠠᠷ | ᠴᠢᠬᠤᠯᠠᠴᠢᠯᠠᠵᠤ᠂ ᠣᠯᠠᠨ ᠨᠡᠶᠢᠲᠡ ᠶᠢᠨ ᠦᠢᠯᠡᠴᠢᠯᠡᠭᠡᠨ ᠤ ᠳᠤᠲᠠᠭᠤᠳᠠᠯ ᠢ ᠨᠥᠬᠦᠪᠦᠷᠢᠯᠡᠨ᠂ ᠣᠨᠴᠠᠯᠢᠭᠲᠤ ᠠᠵᠤ | ᠦᠢᠯᠡᠰ ᠢ ᠬᠥᠭᠵᠢᠭᠦᠯᠦᠨ ᠪᠤᠵᠠᠭᠠᠶᠢᠷᠠᠭᠤᠯᠵᠤ᠂ ᠬᠥᠭᠵᠢᠯᠲᠡ ᠶᠢᠨ ᠳᠣᠲᠣᠭᠠᠳᠤ ᠬᠥᠳᠡᠯᠭᠡᠬᠦ ᠬᠦᠴᠦᠨ ᠢ | ᠴᠢᠩᠭᠠᠷᠠᠭᠤᠯᠬᠤ ᠬᠡᠷᠡᠭᠲᠡᠢ᠃ ᠲᠠᠭᠢᠨ ᠶᠠᠳᠠᠭᠤᠷᠠᠬᠤ ᠶᠢ ᠰᠡᠷᠭᠡᠶᠢᠯᠡᠬᠦ ᠬᠢᠨᠠᠨ ᠬᠡᠮᠵᠢᠵᠦ ᠬᠠᠪᠰᠤᠷᠤᠨ ᠲᠡᠳᠬᠦᠬᠦ | ᠲᠣᠭᠲᠠᠴᠠ ᠶᠢ ᠪᠦᠷᠢᠨᠰᠢᠭᠦᠯᠵᠦ᠂ ᠬᠡᠪᠴᠢᠶᠡᠵᠢᠯ ᠤᠨ ᠴᠢᠨᠠᠷᠲᠠᠢ ᠲᠠᠭᠢᠨ ᠶᠠᠳᠠᠭᠤᠷᠠᠬᠤ ᠶᠢ ᠰᠡᠷᠭᠡᠶᠢᠯᠡᠬᠦ ᠬᠡᠷᠡᠭᠲᠡᠢ᠃ | ᠬᠥᠳᠡᠭᠡ ᠲᠣᠰᠬᠤᠨ ᠤ ᠰᠣᠶᠣᠯ ᠢ ᠬᠥᠭᠵᠢᠭᠦᠯᠦᠨ ᠮᠠᠨᠳᠤᠭᠤᠯᠬᠤ ᠶᠢ ᠶᠡᠭᠡ ᠪᠠᠷ ᠠᠬᠢᠭᠤᠯᠵᠤ᠂ ᠬᠡᠪ ᠵᠠᠩᠰᠢᠯ ᠢ | ᠥᠭᠡᠷᠡᠴᠢᠯᠡᠬᠦ ᠶᠢ ᠠᠬᠢᠭᠤᠯᠬᠤ ᠬᠡᠷᠡᠭᠲᠡᠢ᠃ ᠨᠠᠮ ᠤᠨ ᠵᠣᠬᠢᠶᠠᠨ ᠪᠠᠶᠢᠭᠤᠯᠤᠯᠲᠠ ᠶᠢᠨ ᠤᠳᠤᠷᠢᠳᠤᠭᠰᠠᠨ ᠥᠪᠡᠷᠲᠡᠭᠡᠨ | ᠵᠠᠰᠠᠬᠤ᠂ ᠬᠠᠤᠯᠢ ᠪᠠᠷ ᠵᠠᠰᠠᠬᠤ᠂ ᠮᠣᠷᠠᠯ ᠢᠶᠠᠷ ᠵᠠᠰᠠᠬᠤ ᠶᠢ ᠤᠶᠠᠯᠳᠤᠭᠤᠯᠤᠭᠰᠠᠨ ᠦᠨᠳᠦᠰᠦᠨ ᠱᠠᠲᠤᠨ ᠤ | ᠵᠠᠰᠠᠯᠲᠠ ᠶᠢᠨ ᠰᠢᠰᠲ᠋ᠧᠮ ᠢ ᠪᠦᠷᠢᠨᠰᠢᠭᠦᠯᠵᠦ᠂ ᠰᠢᠨ᠎ᠡ ᠴᠠᠭ ᠦᠶ᠎ᠡ ᠶᠢᠨ ︽ᠹᠧᠩ ᠴᠢᠶᠣᠤ ᠶᠢᠨ ᠲᠤᠷᠰᠢᠯᠭ᠎ᠠ︾ ᠶᠢ | ᠪᠠᠷᠢᠮᠲᠠᠯᠠᠨ ᠬᠥᠭᠵᠢᠭᠦᠯᠵᠦ᠂ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠶᠢ ᠪᠠᠶᠢᠩᠭᠤᠵᠢᠭᠤᠯᠬᠤ ᠶᠢ | ᠪᠡᠶᠡᠯᠡᠭᠦᠯᠵᠦ᠂ ᠢᠳᠡᠪᠬᠢᠲᠡᠢ ᠪᠥᠭᠡᠳ ᠡᠷᠡᠭᠦᠯ ᠨᠡᠶᠢᠭᠡᠮ ᠤᠨ ᠠᠮᠢ ᠠᠬᠤᠢ ᠶᠢ ᠪᠤᠶ ᠪᠤᠯᠭᠠᠬᠤ ᠬᠡᠷᠡᠭᠲᠡᠢ ᠭᠡᠵᠦ | ᠴᠢᠬᠤᠯᠠᠴᠢᠯᠠᠪᠠ᠃ | ᠰᠢ ᠶᠢᠨ ᠫᠢᠩ᠂ ᠴᠢᠨᠠᠷ ᠰᠠᠶᠢᠲᠠᠢ ᠬᠥᠭᠵᠢᠯᠲᠡ ᠪᠣᠯᠣᠨ ᠥᠨᠳᠥᠷ ᠲᠦᠪᠰᠢᠨ ᠪᠦᠬᠦᠢ ᠠᠮᠤᠷ ᠲᠦᠪᠰᠢᠨ ᠢ | ᠬᠠᠷᠢᠯᠴᠠᠨ ᠠᠬᠢᠭᠤᠯᠬᠤ ᠶᠢ ᠪᠠᠷᠢᠮᠲᠠᠯᠠᠵᠤ᠂ ᠠᠮᠤ ᠪᠤᠳᠠᠭ᠎ᠠ ᠡᠨᠧᠷᠭᠢ ᠶᠢᠨ ᠡᠬᠢ ᠪᠠᠶᠠᠯᠢᠭ ᠤᠨ ᠠᠮᠤᠷ ᠲᠦᠪᠰᠢᠨ ᠢ | ᠪᠠᠲᠤᠯᠠᠬᠤ ᠴᠢᠳᠠᠪᠤᠷᠢ ᠪᠠᠨ ᠴᠢᠷᠮᠠᠶᠢᠨ ᠳᠡᠭᠡᠭᠰᠢᠯᠡᠭᠦᠯᠭᠦ ᠬᠡᠷᠡᠭᠲᠡᠢ᠃ ᠠᠮᠤ ᠪᠤᠳᠠᠭᠠᠨ ᠤ ᠦᠢᠯᠡᠳᠪᠦᠷᠢᠯᠡᠯ ᠤᠨ | ᠴᠢᠳᠠᠮᠵᠢᠲᠤ ᠣᠷᠣᠨ᠂ ᠴᠢᠬᠤᠯᠠ ᠲᠠᠷᠢᠶᠠᠯᠠᠩ ᠤᠨ ᠪᠦᠲᠦᠭᠡᠭᠳᠡᠬᠦᠨ ᠤ ᠦᠢᠯᠡᠳᠪᠦᠷᠢᠯᠡᠯ ᠤᠨ ᠬᠠᠮᠠᠭᠠᠯᠠᠯᠲᠠ ᠶᠢᠨ | ᠣᠷᠣᠨ ᠪᠠ ᠣᠨᠴᠠᠯᠢᠭᠲᠤ ᠬᠥᠳᠡᠭᠡ ᠠᠵᠤ ᠠᠬᠤᠢ ᠶᠢᠨ ᠪᠦᠲᠦᠭᠡᠭᠳᠡᠬᠦᠨ ᠤ ᠳᠠᠪᠠᠭᠤᠯᠢᠭ ᠣᠷᠣᠨ ᠤ ᠪᠦᠲᠦᠭᠡᠨ | ᠪᠠᠶᠢᠭᠤᠯᠤᠯᠲᠠ ᠶᠢ ᠴᠢᠨᠠᠷ ᠰᠠᠶᠢᠲᠠᠢ ᠠᠬᠢᠭᠤᠯᠵᠤ᠂ ᠨᠢᠭᠡ ᠪᠦᠯᠦᠭ ᠪᠣᠬᠢᠷᠳᠤᠯ ᠦᠭᠡᠢ ᠬᠥᠳᠡᠭᠡ ᠠᠵᠤ ᠠᠬᠤᠢ ᠶᠢᠨ | ᠪᠦᠲᠦᠭᠡᠭᠳᠡᠬᠦᠨ ᠢ ᠦᠢᠯᠡᠳᠪᠦᠷᠢᠯᠡᠬᠦ ᠪᠤᠯᠪᠠᠰᠤᠷᠠᠭᠤᠯᠬᠤ ᠬᠠᠩᠭᠠᠬᠤ ᠰᠠᠭᠤᠷᠢᠨ ᠢ ᠪᠤᠢ ᠪᠤᠯᠭᠠᠵᠤ᠂ ᠠᠮᠤ ᠪᠤᠳᠠᠭ᠎ᠠ | ᠵᠡᠷᠭᠡ ᠴᠢᠬᠤᠯᠠ ᠬᠥᠳᠡᠭᠡ ᠠᠵᠤ ᠠᠬᠤᠢ ᠶᠢᠨ ᠪᠦᠲᠦᠭᠡᠭᠳᠡᠬᠦᠨ ᠤ ᠲᠣᠭᠲᠠᠭᠤᠨ ᠪᠥᠭᠡᠳ ᠠᠮᠤᠷ ᠲᠦᠪᠰᠢᠨ | ᠬᠠᠩᠭᠠᠯᠭ᠎ᠠ ᠶᠢ ᠦᠨᠡᠨ ᠬᠦ ᠪᠠᠲᠤᠯᠠᠬᠤ ᠬᠡᠷᠡᠭᠲᠡᠢ᠃ ᠨᠡᠭᠦᠷᠡᠰᠦ᠂ ᠬᠤᠪᠣᠷ ᠰᠢᠷᠣᠢ ᠵᠡᠷᠭᠡ ᠡᠬᠢ ᠪᠠᠶᠠᠯᠢᠭ ᠢ ᠨᠡᠭᠡᠭᠡᠨ | ᠠᠰᠢᠭᠯᠠᠬᠤ ᠬᠢᠷᠢ ᠲᠦᠪᠰᠢᠨ ᠢ ᠤᠯᠠᠮ ᠴᠢᠨᠠᠭᠰᠢᠳᠠ ᠳᠡᠭᠡᠭᠰᠢᠯᠡᠭᠦᠯᠵᠦ᠂ ᠨᠡᠭᠦᠷᠡᠰᠦ ᠵᠡᠷᠭᠡ ᠴᠢᠯᠠᠭᠤᠵᠢᠮᠠᠯ | ᠡᠨᠧᠷᠭᠢ ᠶᠢᠨ ᠦᠨᠳᠦᠰᠦᠨ ᠵᠦᠢᠯ ᠢ ᠪᠠᠲᠤᠯᠠᠬᠤ ᠴᠢᠳᠠᠪᠤᠷᠢ ᠶᠢ ᠴᠢᠩᠭᠠᠷᠠᠭᠤᠯᠤᠨ᠂ ᠰᠢᠨ᠎ᠡ ᠮᠠᠶ᠋ᠢᠭ ᠤᠨ ᠡᠨᠧᠷᠭᠢ ᠶᠢᠨ | ᠰᠢᠰᠲ᠋ᠧᠮ ᠢ ᠲᠦᠷᠭᠡᠳᠬᠡᠨ ᠪᠠᠶᠢᠭᠤᠯᠵᠤ᠂ ᠤᠯᠠᠮᠵᠢᠯᠠᠯᠲᠤ ᠡᠨᠧᠷᠭᠢ ᠬᠢᠭᠡᠳ ᠰᠢᠨ᠎ᠡ ᠡᠨᠧᠷᠭᠢ ᠶᠢᠨ ᠣᠯᠠᠨ ᠡᠨᠧᠷᠭᠢ | ᠬᠠᠷᠢᠯᠴᠠᠨ ᠨᠥᠬᠦᠪᠦᠷᠢᠯᠡᠬᠦ᠂ ᠭᠦᠨᠵᠡᠭᠡᠢ ᠠᠭᠤᠰᠤᠯᠴᠠᠭᠤᠯᠬᠤ ᠶᠢ ᠴᠢᠬᠤᠯᠠᠴᠢᠯᠠᠬᠤ ᠬᠡᠷᠡᠭᠲᠡᠢ ᠭᠡᠵᠦ ᠵᠢᠭᠠᠵᠤ ᠭᠠᠷᠭᠠᠪᠠ | ᠃ | ᠰᠢ ᠶᠢᠨ ᠫᠢᠩ ᠬᠠᠮᠤᠭ ᠤᠨ ᠰᠡᠭᠦᠯ ᠳᠤ᠂ ᠲᠥᠪ ᠤᠨ ᠣᠷᠣᠨ ᠪᠦᠰᠡ ᠶᠢᠨ ᠵᠣᠬᠢᠴᠠᠩᠭᠤᠢ ᠬᠥᠭᠵᠢᠯᠲᠡ ᠶᠢᠨ | ᠤᠳᠤᠷᠢᠳᠬᠤ ᠳᠤᠭᠤᠶᠢᠯᠠᠩ ᠨᠢᠭᠡᠳᠦᠯᠲᠡᠢ ᠲᠥᠯᠥᠪᠵᠢᠭᠦᠯᠦᠨ ᠵᠣᠬᠢᠴᠠᠭᠤᠯᠬᠤ ᠪᠠ ᠱᠠᠯᠠᠪᠳᠠᠭᠤᠯᠤᠨ | ᠵᠢᠯᠤᠭᠤᠳᠬᠤ ᠪᠠᠨ ᠴᠢᠩᠭᠠᠳᠬᠠᠵᠤ᠂ ᠲᠥᠪ ᠤᠨ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠳᠡᠮᠵᠢᠬᠦ | ᠡᠷᠴᠢᠮ ᠢᠶᠠᠨ ᠴᠢᠩᠭᠠᠷᠠᠭᠤᠯᠵᠤ᠂ ᠰᠢᠨ᠎ᠡ ᠴᠠᠭ ᠦᠶ᠎ᠡ ᠶᠢᠨ ᠳᠤᠮᠳᠠ ᠣᠷᠣᠨ ᠤ ᠬᠥᠭᠵᠢᠨ ᠮᠠᠨᠳᠤᠬᠤ ᠶᠢ ᠠᠬᠢᠭᠤᠯᠬᠤ | ᠲᠦᠷᠦ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠰᠤᠳᠤᠯᠤᠨ ᠳᠤᠷᠠᠳᠬᠤ ᠬᠡᠷᠡᠭᠲᠡᠢ᠃ ᠣᠷᠣᠨ ᠨᠤᠲᠤᠭ ᠤᠨ ᠨᠠᠮ ᠤᠨ | ᠬᠤᠷᠢᠶ᠎ᠠ ᠪᠣᠯᠣᠨ ᠵᠠᠰᠠᠭ ᠤᠨ ᠣᠷᠳᠣᠨ ᠭᠤᠣᠯ ᠴᠣᠭᠴᠠ ᠶᠢᠨ ᠬᠠᠷᠢᠭᠤᠴᠠᠯᠭ᠎ᠠ ᠪᠠᠨ ᠡᠭᠦᠷᠭᠡᠯᠡᠵᠦ᠂ ᠨᠠᠮ ᠤᠨ ᠲᠥᠪ | ᠬᠤᠷᠢᠶ᠎ᠠ ᠶᠢᠨ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠡᠷᠡᠰ ᠲᠤᠭᠤᠰᠢᠯᠠᠭᠤᠯᠵᠤ᠂ ᠭᠤᠣᠯᠳᠠᠯᠭ᠎ᠠ ᠲᠠᠢ | ᠠᠵᠢᠯ ᠤᠨ ᠡᠭᠦᠷᠭᠡ᠂ ᠴᠢᠬᠤᠯᠠ ᠶᠡᠭᠡ ᠥᠭᠡᠷᠡᠴᠢᠯᠡᠯᠲᠡ ᠶᠢᠨ ᠵᠦᠢᠯᠡᠰ ᠢ ᠪᠣᠳᠠᠲᠠᠢ ᠳᠤ ᠨᠠᠶᠢᠳᠠᠪᠤᠷᠢᠵᠢᠭᠤᠯᠬᠤ ᠶᠢ | ᠠᠬᠢᠭᠤᠯᠬᠤ ᠬᠡᠷᠡᠭᠲᠡᠢ᠃ ᠭᠤᠣᠯ ᠰᠡᠳᠦᠪᠲᠦ ᠬᠥᠮᠦᠵᠢᠯ ᠤᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠵᠦ᠂ | ᠦᠨᠡᠨᠴᠢ ᠰᠢᠳᠤᠷᠭᠤ ᠠᠷᠢᠭᠤᠨ ᠴᠢᠬᠡᠴᠢ ᠬᠠᠷᠢᠭᠤᠴᠠᠯᠭ᠎ᠠ ᠡᠭᠦᠷᠭᠡᠯᠡᠳᠡᠭ ᠥᠨᠳᠥᠷ ᠬᠡᠪ ᠪᠣᠯᠪᠠᠰᠤᠷᠠᠯ ᠲᠠᠢ | ᠲᠤᠰᠬᠠᠶᠢᠵᠢᠭᠰᠠᠨ ᠺᠠᠳ᠋ᠷ ᠤᠨ ᠡᠩᠨᠡᠭᠡ ᠶᠢ ᠬᠦᠴᠦᠯᠡᠨ ᠪᠠᠶᠢᠭᠤᠯᠵᠤ᠂ ᠬᠢᠨᠠᠨ ᠰᠢᠯᠭᠠᠵᠤ ᠤᠷᠮᠠᠰᠢᠭᠤᠯᠬᠤ ᠳᠦᠷᠢᠮ ᠢ | ᠪᠠᠶᠢᠭᠤᠯᠤᠨ ᠪᠦᠷᠢᠨᠰᠢᠭᠦᠯᠵᠦ᠂ ᠺᠠᠳ᠋ᠷ ᠤᠨ ᠵᠣᠷᠢᠭᠲᠠᠢ ᠪᠠᠷ ᠵᠠᠮ ᠨᠡᠭᠡᠭᠡᠬᠦ᠂ ᠬᠠᠷᠢᠭᠤᠴᠠᠯᠭ᠎ᠠ ᠡᠭᠦᠷᠭᠡᠯᠡᠨ ᠵᠢᠳᠬᠦᠯ | ᠴᠢᠷᠮᠠᠶᠢᠯᠭ᠎ᠠ ᠭᠠᠷᠭᠠᠬᠤ ᠶᠢ ᠵᠣᠷᠢᠭᠵᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃ | ᠯᠢ ᠴᠢᠶᠠᠩ ᠶᠠᠷᠢᠶᠠᠨ ᠳᠠᠭᠠᠨ᠂ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠵᠣᠷᠢᠭ | ᠰᠠᠨᠠᠭ᠎ᠠ ᠶᠢ ᠨᠠᠷᠢᠨ ᠬᠢᠨᠠᠮᠠᠭᠠᠢ ᠰᠤᠷᠤᠯᠴᠠᠨ ᠣᠶᠢᠯᠠᠭᠠᠵᠤ᠂ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ | ᠳᠤᠮᠳᠠ ᠣᠷᠣᠨ ᠤ ᠭᠠᠵᠠᠷ ᠣᠷᠣᠨ ᠢ ᠪᠦᠭᠦ᠋ᠢᠯᠡ ᠤᠯᠤᠰ ᠤᠨ ᠨᠤᠲᠤᠭ ᠳᠡᠪᠢᠰᠬᠡᠷ ᠳᠤᠮᠳᠠ ᠲᠠᠯᠪᠢᠵᠤ᠂ ᠰᠢᠨ᠎ᠡ | ᠬᠥᠭᠵᠢᠯᠲᠡ ᠶᠢᠨ ᠪᠠᠶᠢᠷᠢᠰᠢᠯ ᠢ ᠪᠠᠶᠢᠭᠤᠯᠬᠤ ᠶᠢ ᠲᠤᠯᠭᠠᠭᠤᠷᠢᠯᠠᠬᠤ ᠳᠤᠮᠳᠠ ᠪᠠᠶᠢᠷᠢ ᠲᠣᠭᠲᠠᠭᠠᠨ ᠪᠣᠳᠣᠯᠬᠢᠯᠠᠵᠤ᠂ | ᠣᠷᠣᠨ ᠪᠠᠶᠢᠷᠢ ᠶᠢᠨ ᠳᠠᠪᠠᠭᠤᠯᠢᠭ᠂ ᠡᠬᠢ ᠪᠠᠶᠠᠯᠢᠭ ᠤᠨ ᠳᠠᠪᠠᠭᠤᠯᠢᠭ ᠢ ᠬᠥᠭᠵᠢᠯᠲᠡ ᠶᠢᠨ ᠳᠠᠪᠠᠭᠤᠯᠢᠭ ᠪᠣᠯᠭᠠᠨ | ᠬᠤᠪᠢᠷᠠᠭᠤᠯᠬᠤ ᠪᠠᠷ ᠴᠢᠷᠮᠠᠶᠢᠬᠤ ᠬᠡᠷᠡᠭᠲᠡᠢ᠃ ᠳᠤᠮᠳᠠ ᠣᠷᠣᠨ ᠤ ᠭᠠᠵᠠᠷ ᠣᠷᠣᠨ ᠤ ᠬᠢᠨ ᠪᠤᠰᠤᠳ ᠣᠷᠣᠨ | ᠪᠦᠰᠡ ᠶᠢᠨ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠲᠠᠢ ᠰᠠᠨᠠᠭᠠᠴᠢᠯᠠᠭ᠎ᠠ ᠠᠴᠠ ᠪᠠᠨ ᠵᠤᠯᠭᠠᠯᠴᠠᠵᠤ᠂ ᠵᠡᠭᠦᠨ | ᠣᠷᠣᠨ ᠤ ᠭᠠᠵᠠᠷ ᠣᠷᠣᠨ ᠤ ᠠᠵᠤ ᠦᠢᠯᠡᠰ ᠤᠨ ᠰᠢᠨ᠎ᠡ ᠶᠢ ᠡᠭᠦᠳᠬᠦ ᠡᠬᠢ ᠪᠠᠶᠠᠯᠢᠭ ᠢ ᠢᠳᠡᠪᠬᠢᠲᠡᠢ ᠪᠠᠷ | ᠣᠷᠣᠭᠤᠯᠤᠨ ᠠᠪᠴᠢᠷᠠᠵᠤ᠂ ᠪᠠᠷᠠᠭᠤᠨ ᠣᠷᠣᠨ ᠤ ᠭᠠᠵᠠᠷ ᠣᠷᠣᠨ ᠢ ᠨᠥᠯᠥᠭᠡᠯᠡᠨ ᠳᠠᠶᠢᠴᠢᠯᠠᠬᠤ ᠦᠢᠯᠡᠳᠦᠯ ᠢᠶᠠᠨ | ᠴᠢᠩᠭᠠᠳᠬᠠᠨ᠂ ᠭᠠᠳᠠᠭᠠᠳᠤ ᠨᠡᠭᠡᠭᠡᠯᠲᠡ ᠶᠢᠨ ᠬᠢᠷᠢ ᠲᠦᠪᠰᠢᠨ ᠢᠶᠠᠨ ᠳᠡᠭᠡᠭᠰᠢᠯᠡᠭᠦᠯᠭᠦ ᠬᠡᠷᠡᠭᠲᠡᠢ᠃ ᠳᠠᠪᠠᠭᠤᠯᠢᠭ | ᠲᠠᠯ᠎ᠠ ᠪᠠᠨ ᠳᠠᠪᠲᠠᠨ ᠪᠤᠯᠪᠠᠰᠤᠷᠠᠭᠤᠯᠵᠤ ᠳᠤᠲᠠᠭᠤᠳᠠᠯ ᠢᠶᠠᠨ ᠨᠥᠬᠦᠪᠦᠷᠢᠯᠡᠵᠦ᠂ ᠰᠢᠨ᠎ᠡ ᠭᠡᠯᠪᠡᠷᠢ ᠶᠢᠨ ᠬᠤᠲᠠ | ᠪᠠᠯᠭᠠᠰᠤᠵᠢᠯᠲᠠ᠂ ᠪᠣᠬᠢᠷᠳᠤᠯ ᠦᠭᠡᠢ ᠪᠠᠭ᠎ᠠ ᠨᠡᠭᠦᠷᠡᠰᠦᠲᠥ᠋ᠷᠥᠭᠴᠢᠲᠦ ᠬᠥᠭᠵᠢᠯᠲᠡ ᠵᠡᠷᠭᠡ ᠲᠠᠯ᠎ᠠ ᠪᠠᠷ | ᠳᠠᠪᠠᠭᠤᠯᠢᠭ ᠢᠶᠠᠨ ᠪᠠᠳᠠᠷᠠᠭᠤᠯᠵᠤ᠂ ᠳᠠᠯᠳᠠ ᠴᠢᠳᠠᠪᠤᠷᠢ ᠪᠠᠨ ᠪᠠᠳᠠᠷᠠᠭᠤᠯᠵᠤ᠂ ᠣᠷᠣᠨ ᠪᠦᠰᠡ ᠶᠢᠨ ᠳᠣᠲᠣᠭᠠᠳᠤ ᠶᠢᠨ | ᠬᠠᠮᠲᠤᠷᠠᠯᠴᠠᠭ᠎ᠠ ᠪᠠᠨ ᠴᠢᠩᠭᠠᠳᠬᠠᠬᠤ᠂ ᠪᠦᠬᠦᠯᠢ ᠴᠣᠭᠴᠠ ᠪᠠᠷ ᠬᠤᠯᠪᠤᠭᠠᠯᠠᠨ ᠬᠥᠳᠡᠯᠦᠯᠴᠡᠬᠦ ᠶᠢ ᠠᠬᠢᠭᠤᠯᠵᠤ᠂ | ᠳᠤᠮᠳᠠ ᠣᠷᠣᠨ ᠤ ᠪᠦᠬᠦᠯᠢ ᠴᠣᠭᠴᠠ ᠶᠢᠨ ᠪᠣᠳᠠᠲᠤ ᠬᠦᠴᠦᠨ ᠪᠠ ᠥᠷᠢᠰᠦᠯᠳᠦᠬᠦ ᠬᠦᠴᠦᠨ ᠢ ᠳᠡᠭᠡᠭᠰᠢᠯᠡᠭᠦᠯᠭᠦ | ᠬᠡᠷᠡᠭᠲᠡᠢ ᠭᠡᠵᠦ ᠢᠯᠡᠳᠬᠡᠪᠡ᠃ | ᠳ᠋ᠢᠩ ᠰᠢᠤᠸᠠᠢ ᠰᠢᠶᠠᠩ ᠶᠠᠷᠢᠶᠠᠨ ᠳᠠᠭᠠᠨ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠪᠣᠯᠣᠨ | ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ | ᠲᠤᠭᠤᠰᠢᠯᠠᠭᠤᠯᠵᠤ᠂ ᠴᠢᠨᠠᠷ ᠰᠠᠶᠢᠲᠠᠢ ᠬᠥᠭᠵᠢᠯᠲᠡ ᠶᠢᠨ ᠱᠠᠭᠠᠷᠳᠠᠯᠭ᠎ᠠ ᠶᠢ ᠴᠢᠩᠭ᠎ᠠ ᠡᠵᠡᠮᠳᠡᠵᠦ᠂ ᠳᠤᠮᠳᠠ ᠣᠷᠣᠨ ᠤ | ᠬᠥᠭᠵᠢᠯ ᠮᠠᠨᠳᠤᠯ ᠤᠨ ᠲᠠᠰᠤᠷᠠᠯᠳᠠ ᠦᠭᠡᠢ ᠰᠢᠨ᠎ᠡ ᠦᠷ᠎ᠡ ᠪᠦᠲᠦᠮᠵᠢ ᠣᠯᠬᠤ ᠶᠢ ᠠᠬᠢᠭᠤᠯᠬᠤ ᠬᠡᠷᠡᠭᠲᠡᠢ᠃ | ᠰᠢᠨᠵᠢᠯᠡᠬᠦ ᠤᠬᠠᠭᠠᠨ ᠲᠦ᠋ᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠪᠠ ᠠᠵᠤ ᠦᠢᠯᠡᠰ ᠤᠨ ᠰᠢᠨ᠎ᠡ ᠶᠢ ᠡᠭᠦᠳᠬᠦ ᠶᠢᠨ | ᠭᠦᠨᠵᠡᠭᠡᠢ ᠠᠭᠤᠰᠤᠯᠴᠠᠯ ᠢ ᠴᠢᠩᠭᠠᠳᠬᠠᠵᠤ᠂ ᠭᠠᠵᠠᠷ ᠣᠷᠣᠨ ᠤ ᠪᠠᠶᠢᠳᠠᠯ ᠳᠤᠨᠢ ᠲᠣᠬᠢᠷᠠᠭᠤᠯᠤᠨ ᠰᠢᠨ᠎ᠡ ᠴᠢᠨᠠᠷ | ᠪᠦᠬᠦᠢ ᠦᠢᠯᠡᠳᠪᠦᠷᠢᠯᠡᠯ ᠤᠨ ᠬᠦᠴᠦᠨ ᠢ ᠲᠦᠷᠭᠡᠳᠬᠡᠨ ᠬᠥᠭᠵᠢᠭᠦᠯᠬᠦ ᠬᠡᠷᠡᠭᠲᠡᠢ᠃ ᠠᠮᠤ ᠪᠤᠳᠠᠭ᠎ᠠ᠂ ᠡᠨᠧᠷᠭᠢ ᠶᠢᠨ | ᠡᠬᠢ ᠪᠠᠶᠠᠯᠢᠭ ᠤᠨ ᠠᠮᠤᠷ ᠲᠦᠪᠰᠢᠨ ᠢ ᠪᠠᠲᠤᠯᠠᠬᠤ ᠴᠢᠳᠠᠪᠤᠷᠢ ᠶᠢ ᠶᠡᠭᠡ ᠪᠠᠷ ᠳᠡᠭᠡᠭᠰᠢᠯᠡᠭᠦᠯᠵᠦ᠂ ᠴᠢᠨᠠᠷ ᠰᠠᠶᠢᠲᠠᠢ | ᠬᠥᠭᠵᠢᠯᠲᠡ ᠪᠠ ᠥᠨᠳᠥᠷ ᠲᠦᠪᠰᠢᠨ ᠪᠦᠬᠦᠢ ᠠᠮᠤᠷ ᠲᠦᠪᠰᠢᠨ ᠤ ᠰᠠᠶᠢᠨ ᠬᠤᠷᠰᠢᠯ ᠢ ᠪᠡᠶᠡᠯᠡᠭᠦᠯᠬᠦ ᠬᠡᠷᠡᠭᠲᠡᠢ᠃ | ᠪᠦᠭᠦ ᠤᠯᠤᠰ ᠤᠨ ᠨᠢᠭᠡᠳᠦᠯᠲᠡᠢ ᠲᠣᠮᠣ ᠵᠠᠬ᠎ᠠ ᠳᠡᠯᠭᠡᠭᠦᠷ ᠤᠨ ᠪᠠᠶᠢᠭᠤᠯᠤᠯᠲᠠ ᠪᠠ ᠥᠨᠳᠥᠷ ᠲᠦᠪᠰᠢᠨ ᠪᠦᠬᠦᠢ | ᠨᠡᠭᠡᠭᠡᠯᠲᠡᠲᠤ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠵᠦ᠂ ᠬᠥᠭᠵᠢᠯᠲᠡ ᠶᠢᠨ ᠳᠣᠲᠣᠭᠠᠳᠤ ᠬᠥᠳᠡᠯᠭᠡᠬᠦ ᠬᠦᠴᠦᠨ ᠪᠠ | ᠠᠮᠢᠵᠢᠷᠠᠯ ᠤᠨ ᠬᠦᠴᠦᠨ ᠢ ᠲᠠᠰᠤᠷᠠᠯᠲᠠ ᠦᠭᠡᠢ ᠴᠢᠩᠭᠠᠷᠠᠭᠤᠯᠬᠤ ᠬᠡᠷᠡᠭᠲᠡᠢ᠃ ᠠᠮᠢ ᠠᠬᠤᠢ ᠣᠷᠴᠢᠨ ᠲᠣᠭᠤᠷᠢᠨ ᠤ | ᠬᠠᠮᠠᠭᠠᠯᠠᠯᠲᠠ ᠶᠢ ᠴᠥᠬᠦᠷᠡᠰᠢ ᠦᠭᠡᠢ ᠰᠠᠶᠢᠲᠤᠷ ᠠᠳᠬᠤᠵᠤ᠂ ᠴᠢᠨᠠᠷ ᠰᠠᠶᠢᠲᠠᠢ ᠬᠥᠭᠵᠢᠯᠲᠡ ᠶᠢᠨ ᠪᠣᠬᠢᠷᠳᠤᠯ ᠦᠭᠡᠢ | ᠳᠡᠪᠢᠰᠬᠡᠷ ᠥᠩᠭᠡ ᠶᠢ ᠵᠤᠵᠠᠭᠠᠳᠬᠠᠬᠤ ᠬᠡᠷᠡᠭᠲᠡᠢ ᠭᠡᠵᠦ ᠢᠯᠡᠳᠬᠡᠪᠡ᠃ | ᠯᠢ ᠭᠠᠨ ᠵᠢᠶᠧ᠂ ᠾᠧ ᠯᠢ ᠹᠧᠩ᠂ ᠦ᠋ ᠵᠧᠩ ᠯᠦᠩ᠂ ᠮᠦ ᠬᠤᠩ ᠶᠠᠷᠢᠯᠴᠠᠬᠤ ᠬᠤᠷᠠᠯ ᠳᠤ ᠣᠷᠣᠯᠴᠠᠵᠤ᠂ | ᠲᠥᠪ ᠤᠨ ᠪᠠ ᠲᠥᠷᠥ ᠶᠢᠨ ᠪᠠᠶᠢᠭᠤᠯᠭ᠎ᠠ ᠶᠢᠨ ᠬᠤᠯᠪᠣᠭᠳᠠᠯ ᠪᠦᠬᠦᠢ ᠰᠠᠯᠠᠭ᠎ᠠ ᠮᠥᠴᠢᠷ᠂ ᠬᠤᠯᠪᠣᠭᠳᠠᠯ ᠪᠦᠬᠦᠢ | ᠣᠷᠣᠨ ᠨᠤᠲᠤᠭ᠂ ᠬᠤᠯᠪᠣᠭᠳᠠᠯ ᠪᠦᠬᠦᠢ ᠠᠵᠤ ᠠᠬᠤᠶᠢᠯᠠᠯ ᠤᠨ ᠬᠠᠷᠢᠭᠤᠴᠠᠯᠭᠠᠲᠠᠨ ᠨᠥᠬᠦᠳ ᠶᠠᠷᠢᠯᠴᠠᠬᠤ | ᠬᠤᠷᠠᠯ ᠳᠤ ᠣᠷᠣᠯᠴᠠᠪᠠ᠃ | ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ |