ᠬᠥᠯᠥᠰᠦ ᠣᠯᠭᠤᠮᠵᠢ ᠥᠭᠬᠦ᠂ ᠠᠵᠢᠯᠯᠠᠵᠤ | ᠠᠮᠠᠷᠠᠬᠤ ᠵᠡᠷᠭᠡ ᠠᠰᠠᠭᠤᠳᠠᠯ ᠳᠤ | ᠴᠢᠭᠯᠡᠭᠦᠯᠦᠭᠰᠡ ᠵᠢᠯᠣᠭᠤᠳᠤᠮᠵᠢ ᠵᠦᠭᠯᠡᠭᠦᠷ | ᠭᠠᠷᠭᠠᠪᠠ | – ᠰᠢᠨ᠎ᠡ ᠬᠡᠯᠪᠡᠷᠢ ᠪᠠᠷ ᠠᠵᠢᠯ ᠣᠯᠣᠭᠰᠠᠨ | ᠬᠥᠳᠡᠯᠮᠦᠷᠢᠴᠢᠳ ᠤᠨ ᠡᠷᠬᠡ ᠠᠰᠢᠭ ᠢ ᠨᠠᠩ | ᠰᠠᠶᠢᠲᠤᠷ ᠪᠠᠲᠤᠯᠠᠨ᠎ᠠ | | | | ᠨᠡᠶᠢᠲᠡᠯᠡᠭᠰᠡᠨ ᠴᠠᠭ᠄2024/2/29 | | | | ᠣᠶᠢᠷ᠎ᠠ ᠳᠤ᠂ ᠬᠥᠮᠥᠨ ᠤ ᠬᠦᠴᠦᠨ ᠤ ᠡᠬᠢ | ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ | ᠶᠠᠮᠤᠨ ︽ᠰᠢᠨ᠎ᠡ ᠬᠡᠯᠪᠡᠷᠢ ᠪᠠᠷ ᠠᠵᠢᠯ | ᠣᠯᠣᠭᠰᠠᠨ ᠬᠥᠳᠡᠯᠮᠦᠷᠢᠴᠢᠳ ᠤᠨ ᠠᠮᠠᠷᠠᠯᠲᠠ ᠪᠠ | ᠬᠥᠳᠡᠯᠮᠦᠷᠢ ᠶᠢᠨ ᠬᠥᠯᠥᠰᠦ ᠣᠯᠭᠤᠮᠵᠢ ᠶᠢᠨ | ᠡᠷᠬᠡ ᠠᠰᠢᠭ ᠢ ᠪᠠᠲᠤᠯᠠᠬᠤ ᠵᠢᠯᠣᠭᠤᠳᠤᠮᠵᠢ︾ | ︽ᠰᠢᠨ᠎ᠡ ᠬᠡᠯᠪᠡᠷᠢ ᠪᠠᠷ ᠠᠵᠢᠯ ᠣᠯᠣᠭᠰᠠᠨ | ᠬᠥᠳᠡᠯᠮᠦᠷᠢᠴᠢᠳ ᠤᠨ ᠬᠥᠳᠡᠯᠮᠦᠷᠢ ᠶᠢᠨ | ᠳᠦᠷᠢᠮ ᠢ ᠵᠠᠷᠯᠠᠨ ᠨᠡᠶᠢᠲᠡᠯᠡᠬᠦ | ᠵᠢᠯᠣᠭᠤᠳᠤᠮᠵᠢ︾ ︽ᠰᠢᠨ᠎ᠡ ᠬᠡᠯᠪᠡᠷᠢ ᠪᠠᠷ | ᠠᠵᠢᠯ ᠣᠯᠣᠭᠰᠠᠨ ᠬᠥᠳᠡᠯᠮᠦᠷᠢᠴᠢᠳ ᠤᠨ ᠡᠷᠬᠡ | ᠠᠰᠢᠭ ᠢ ᠬᠠᠮᠠᠭᠠᠯᠠᠬᠤ ᠦᠢᠯᠡᠴᠢᠯᠡᠭᠡᠨ ᠤ | ᠵᠦᠭᠯᠡᠭᠦᠷ︾ ᠢ ᠨᠡᠶᠢᠲᠡᠯᠡᠪᠡ᠃ ᠰᠢᠤᠳᠠᠨ | ᠬᠦᠷᠭᠡᠭᠴᠢ᠂ ᠰᠦᠯᠵᠢᠶ᠎ᠡ ᠪᠠᠷ ᠪᠣᠯᠵᠣᠬᠤ | ᠮᠠᠰᠢᠨ ᠤ ᠵᠢᠯᠣᠭᠤᠴᠢ᠂ ᠭᠡᠷ ᠠᠬᠤᠢ ᠶᠢᠨ | ᠦᠢᠯᠡᠴᠢᠯᠡᠭᠴᠢ ᠵᠡᠷᠭᠡ ᠠᠵᠢᠯ ᠤᠨ ᠬᠥᠯᠥᠰᠦ | ᠣᠯᠭᠤᠮᠵᠢ ᠥᠭᠬᠦ᠂ ᠠᠵᠢᠯᠯᠠᠵᠤ ᠠᠮᠠᠷᠠᠬᠤ᠂ | ᠬᠥᠳᠡᠯᠮᠦᠷᠢ ᠶᠢᠨ ᠵᠢᠭᠤᠷᠠᠯᠳᠤᠭᠠᠨ ᠵᠡᠷᠭᠡ | ᠠᠰᠠᠭᠤᠳᠠᠯ ᠤᠳ ᠢ ᠪᠣᠳᠠᠲᠠᠢ ᠵᠢᠯᠣᠭᠤᠳᠤᠨ᠂ | ᠠᠵᠤ ᠠᠬᠤᠶᠢᠯᠠᠯ ᠤᠨ ᠲᠣᠭᠲᠠᠭᠠᠯ ᠳᠤ | ᠨᠡᠶᠢᠴᠡᠭᠦᠯᠦᠨ ᠠᠵᠢᠯᠴᠢᠨ ᠬᠡᠷᠡᠭᠯᠡᠬᠦ ᠶᠢ | ᠨᠠᠩ ᠰᠠᠶᠢᠲᠤᠷ ᠬᠠᠪᠰᠤᠷᠴᠤ᠂ ᠰᠢᠨ᠎ᠡ | ᠬᠡᠯᠪᠡᠷᠢ ᠪᠠᠷ ᠠᠵᠢᠯ ᠣᠯᠣᠭᠰᠠᠨ | ᠬᠥᠳᠡᠯᠮᠦᠷᠢᠴᠢᠳ ᠤᠨ ᠡᠷᠬᠡ ᠠᠰᠢᠭ ᠢ ᠦᠨᠡᠨ ᠬᠦ | ᠰᠠᠶᠢᠲᠤᠷ ᠬᠠᠮᠠᠭᠠᠯᠠᠬᠤ ᠪᠣᠯᠣᠨ᠎ᠠ᠃ | ᠣᠶᠢᠷ᠎ᠠ ᠶᠢᠨ ᠬᠡᠳᠦᠨ ᠵᠢᠯ ᠤᠳ ᠲᠤ᠂ | ᠲᠠᠪᠴᠠᠩ ᠤᠨ ᠠᠵᠤ ᠠᠬᠤᠢ ᠦᠳᠲᠡᠷ ᠲᠦᠷᠭᠡᠨ | ᠬᠥᠭᠵᠢᠵᠦ᠂ ᠶᠡᠭᠡ ᠬᠡᠮᠵᠢᠶᠡᠨ ᠤ ᠠᠵᠢᠯ ᠣᠯᠬᠤ | ᠲᠣᠬᠢᠶᠠᠯ ᠢ ᠡᠭᠦᠳᠴᠦ᠂ ᠢᠨᠲ᠋ᠧᠷ ᠰᠦᠯᠵᠢᠶᠡᠨ | ᠲᠠᠪᠴᠠᠩ ᠳᠤ ᠨᠡᠶᠢᠲᠡᠯᠡᠭᠰᠡᠨ ᠲᠣᠬᠢᠷᠠᠭᠤᠯᠤᠨ | ᠬᠦᠷᠭᠡᠬᠦ᠂ ᠶᠠᠪᠤᠵᠤ ᠰᠠᠭᠤᠬᠤ᠂ | ᠲᠡᠭᠡᠭᠡᠪᠦᠷᠢᠯᠡᠬᠦ᠂ ᠭᠡᠷ ᠠᠬᠤᠢ ᠶᠢᠨ | ᠦᠢᠯᠡᠴᠢᠯᠡᠭᠡ ᠶᠢ ᠰᠦᠯᠵᠢᠶᠡᠨ ᠳᠡᠭᠡᠷ᠎ᠡ ᠠᠴᠠ | ᠭᠥᠯᠢᠶᠡᠨ ᠠᠪᠤᠭᠰᠠᠨ ᠬᠥᠳᠡᠯᠮᠦᠷᠢᠴᠢᠳ ᠤᠨ | ᠡᠷᠬᠡ ᠠᠰᠢᠭ ᠨᠢ ᠨᠡᠶᠢᠭᠡᠮ ᠨᠡᠶᠢᠲᠡ ᠶᠢᠨ | ᠠᠩᠬᠠᠷᠤᠯ ᠢ ᠶᠡᠬᠡᠳᠡ ᠲᠠᠲᠠᠵᠤ ᠪᠠᠶᠢᠨ᠎ᠠ᠃ | ᠲᠠᠪᠴᠠᠩ ᠤᠨ ᠠᠵᠤ ᠠᠬᠤᠶᠢᠯᠠᠯ ᠤᠳ ᠨᠢ | ᠡᠶᠢᠮᠦᠷᠬᠦᠦ ᠰᠢᠨ᠎ᠡ ᠬᠡᠯᠪᠡᠷᠢ ᠪᠠᠷ ᠠᠵᠢᠯ | ᠣᠯᠣᠭᠰᠠᠨ ᠬᠥᠳᠡᠯᠮᠦᠷᠢᠴᠢᠳ ᠲᠤ ᠤᠯᠠᠨ | ᠵᠦᠢᠯ ᠤᠨ ᠵᠣᠬᠢᠶᠠᠨ ᠪᠠᠶᠢᠭᠤᠯᠤᠯᠲᠠ ᠪᠠ | ᠬᠠᠮᠢᠶᠠᠷᠤᠯᠲᠠ ᠶᠢᠨ ᠵᠠᠭᠪᠤᠷ ᠲᠠᠢ | ᠪᠠᠶᠢᠳᠠᠭ᠃ ᠵᠢᠱᠢᠶᠡᠯᠡᠪᠡᠯ᠂ ᠵᠠᠬᠢᠶᠠᠯᠠᠭ᠎ᠠ | ᠬᠦᠷᠭᠡᠬᠦ ᠠᠵᠢᠯᠴᠢᠨ ᠬᠡᠷᠡᠭᠯᠡᠬᠦ ᠵᠠᠭᠪᠤᠷ ᠲᠤ | ᠲᠤᠰᠬᠠᠢ ᠤᠨᠤᠭᠠᠴᠢᠨ᠂ ᠨᠡᠶᠢᠲᠡ ᠶᠢᠨ | ᠳᠠᠭᠠᠭᠠᠴᠢᠯᠠᠯᠲᠠ ᠶᠢᠨ ᠤᠨᠤᠭᠠᠴᠢᠨ ᠭᠡᠵᠦ | ᠪᠣᠶ᠂ ᠰᠦᠯᠵᠢᠶ᠎ᠡ ᠪᠠᠷ ᠮᠠᠰᠢᠨ ᠪᠣᠯᠵᠣᠬᠤ | ᠠᠵᠢᠯᠴᠢᠨ ᠬᠡᠷᠡᠭᠯᠡᠬᠦ ᠵᠠᠭᠪᠤᠷ ᠲᠤ C2C | ᠵᠠᠭᠪᠤᠷ᠂ B2C ᠵᠠᠭᠪᠤᠷ ᠪᠠ ᠴᠤᠭᠯᠠᠷᠠᠯ ᠤᠨ | ᠵᠠᠭᠪᠤᠷ ᠭᠡᠵᠦ ᠪᠣᠶ᠃ ᠠᠵᠢᠯᠴᠢᠨ ᠬᠡᠷᠡᠭᠯᠡᠬᠦ | ᠠᠳᠠᠯᠢ ᠪᠤᠰᠤ ᠵᠠᠭᠪᠤᠷ ᠨᠢ ᠤᠯᠠᠮᠵᠢᠯᠠᠯᠲᠤ | ᠠᠵᠢᠯᠴᠢᠨ ᠬᠡᠷᠡᠭᠯᠡᠬᠦ ᠬᠠᠮᠢᠶᠠᠷᠤᠯᠲᠠ᠂ ᠠᠵᠢᠯ | ᠣᠯᠣᠯᠲᠠ ᠶᠢᠨ ᠦᠢᠯᠡᠴᠢᠯᠡᠭᠡ᠂ | ᠬᠥᠳᠡᠯᠮᠦᠷᠢ ᠶᠢᠨ ᠪᠠᠲᠤᠯᠠᠭ᠎ᠠ ᠶᠢᠨ ᠡᠷᠬᠡ | ᠠᠰᠢᠭ ᠲᠤ ᠰᠢᠨ᠎ᠡ ᠥᠷᠢᠰᠦᠯᠳᠦᠭᠡᠨ ᠢ | ᠳᠤᠷᠠᠳᠤᠭᠰᠠᠨ ᠪᠠᠶᠢᠨ᠎ᠠ᠃ ᠡᠭᠦᠨ ᠳᠤ᠂ | ᠠᠵᠢᠯᠯᠠᠬᠤ ᠴᠠᠭ ᠨᠢ ᠬᠡᠲᠦ ᠣᠷᠳᠣ᠂ ᠨᠠᠭᠠᠲᠤ | ᠵᠠᠬ᠎ᠠ ᠶᠢᠨ ᠴᠠᠯᠢᠩ ᠤᠨ ᠪᠠᠷᠢᠮᠵᠢᠶ᠎ᠠ ᠶᠢ | ᠬᠡᠷᠡᠭᠯᠡᠭᠰᠡᠨ ᠨᠢ ᠲᠣᠳᠣ ᠦᠭᠡᠢ᠂ ᠲᠠᠪᠴᠠᠩ ᠤᠨ | ᠳᠦᠷᠢᠮ ᠢ ᠲᠣᠭᠲᠠᠭᠠᠭᠰᠠᠨ ᠨᠢ ᠢᠯᠡ ᠪᠤᠰᠤ᠂ | ᠡᠷᠬᠡ ᠪᠠᠨ ᠬᠠᠮᠠᠭᠠᠯᠠᠬᠤ ᠳᠤ ᠬᠦᠴᠢᠷᠳᠡᠯ | ᠶᠡᠭᠡ ᠵᠡᠷᠭᠡ ᠰᠢᠨ᠎ᠡ ᠪᠠᠶᠢᠳᠠᠯ ᠰᠢᠨ᠎ᠡ | ᠠᠰᠠᠭᠤᠳᠠᠯ ᠤᠨ ᠲᠤᠰᠬᠠᠯ ᠨᠡᠯᠢᠶᠡᠳ | ᠲᠣᠪᠣᠶᠢᠮ᠎ᠠ ᠪᠠᠶᠢᠨ᠎ᠠ᠃ | 2021 ᠣᠨ ᠳᠤ ᠬᠥᠮᠥᠨ ᠤ ᠬᠦᠴᠦᠨ ᠤ ᠡᠬᠢ | ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ | ᠶᠠᠮᠤᠨ ︽ᠰᠢᠨ᠎ᠡ ᠬᠡᠯᠪᠡᠷᠢ ᠪᠠᠷ ᠠᠵᠢᠯ | ᠣᠯᠣᠭᠰᠠᠨ ᠬᠥᠳᠡᠯᠮᠦᠷᠢᠴᠢᠳ ᠤᠨ | ᠬᠥᠳᠡᠯᠮᠦᠷᠢ ᠶᠢᠨ ᠪᠠᠲᠤᠯᠠᠭ᠎ᠠ ᠶᠢᠨ ᠡᠷᠬᠡ | ᠠᠰᠢᠭ ᠢ ᠬᠠᠮᠠᠭᠠᠯᠠᠬᠤ ᠲᠤᠬᠠᠢ ᠵᠢᠯᠤᠭᠤᠳᠬᠤ | ᠰᠠᠨᠠᠯ︾ ᠢ ᠨᠡᠶᠢᠲᠡᠯᠡᠭᠰᠡᠨ ᠤ ᠳᠠᠷᠠᠭ᠎ᠠ᠂ | ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ | ᠪᠠᠰᠠ ᠵᠠᠬᠢᠶᠠᠯᠠᠭ᠎ᠠ ᠬᠦᠷᠭᠡᠭᠴᠢ᠂ | ᠰᠦᠯᠵᠢᠶ᠎ᠡ ᠪᠠᠷ ᠪᠣᠯᠵᠣᠬᠤ ᠮᠠᠰᠢᠨ ᠤ | ᠵᠢᠯᠣᠭᠤᠴᠢ ᠵᠡᠷᠭᠡ ᠭᠤᠣᠯᠳᠠᠯᠭ᠎ᠠ ᠲᠠᠢ | ᠬᠥᠮᠥᠰ ᠲᠤ ᠬᠠᠨᠳᠤᠭᠤᠯᠤᠭᠰᠠᠨ ᠲᠤᠰᠬᠠᠢ ᠡᠷᠬᠡ | ᠠᠰᠢᠭ ᠤᠨ ᠪᠠᠲᠤᠯᠠᠭ᠎ᠠ ᠶᠢᠨ ᠠᠷᠭ᠎ᠠ | ᠬᠡᠮᠵᠢᠶ᠎ᠡ ᠶᠢ ᠣᠯᠠᠨᠲᠠ ᠨᠡᠶᠢᠲᠡᠯᠡᠭᠰᠡᠨ | ᠪᠠᠶᠢᠨ᠎ᠠ᠃ ᠬᠥᠮᠥᠨ ᠤ ᠬᠦᠴᠦᠨ ᠤ ᠡᠬᠢ ᠪᠠᠶᠠᠯᠢᠭ | ᠪᠠ ᠨᠡᠶᠢᠭᠡᠮ ᠤᠨ ᠪᠠᠲᠤᠯᠠᠭ᠎ᠠ ᠶᠢᠨ ᠶᠠᠮᠤᠨ ᠤ | ᠬᠥᠳᠡᠯᠮᠦᠷᠢ ᠶᠢᠨ ᠬᠠᠷᠢᠴᠠᠭᠠᠨ ᠤ ᠵᠤᠷᠭᠠᠨ ᠤ | ᠬᠤᠯᠪᠣᠭᠳᠠᠯ ᠪᠦᠬᠦᠢ ᠬᠠᠷᠢᠭᠤᠴᠠᠯᠭᠠᠲᠠᠨ | ᠢᠯᠡᠷᠬᠡᠶᠢᠯᠡᠬᠦ ᠳᠤ ᠪᠠᠨ᠂ ᠡᠲᠡᠭᠡᠷ ᠠᠷᠭ᠎ᠠ | ᠬᠡᠮᠵᠢᠶ᠎ᠡ ᠨᠢ ᠠᠵᠤ ᠠᠬᠤᠶᠢᠯᠠᠯ ᠤᠨ | ᠬᠥᠳᠡᠯᠮᠦᠷᠢ ᠶᠢᠨ ᠬᠠᠮᠠᠭᠠᠯᠠᠯᠲᠠ ᠶᠢᠨ | ᠬᠠᠷᠢᠭᠤᠴᠠᠯᠭ᠎ᠠ ᠶᠢ ᠵᠦᠢ ᠵᠣᠬᠢᠰᠲᠠᠢ | ᠵᠠᠭᠠᠭᠯᠠᠵᠤ᠂ ᠰᠢᠨ᠎ᠡ ᠬᠡᠯᠪᠡᠷᠢ ᠪᠠᠷ ᠠᠵᠢᠯ | ᠣᠯᠣᠭᠰᠠᠨ ᠬᠥᠳᠡᠯᠮᠦᠷᠢᠴᠢᠳ ᠤᠨ ᠡᠷᠬᠡ ᠠᠰᠢᠭ ᠢ | ᠪᠠᠲᠤᠯᠠᠬᠤ ᠳᠦᠷᠢᠮ ᠤᠨ ᠲᠣᠭᠲᠠᠴᠠ ᠳᠤ | ᠰᠢᠨ᠎ᠡ ᠶᠢ ᠡᠭᠦᠳᠪᠡ᠃ ᠭᠡᠲᠡᠯ᠎ᠡ᠂ ᠠᠵᠤ | ᠠᠬᠤᠶᠢᠯᠠᠯ ᠤᠨ ᠬᠤᠯᠪᠣᠭᠳᠠᠯ ᠪᠦᠬᠦᠢ | ᠲᠥᠷᠥ ᠶᠢᠨ ᠪᠣᠳᠣᠯᠭ᠎ᠠ ᠶᠢᠨ ᠲᠣᠭᠲᠠᠭᠠᠯ ᠢ | ᠨᠠᠶᠢᠳᠠᠪᠤᠷᠢᠵᠢᠭᠤᠯᠬᠤ ᠶᠢ ᠵᠢᠯᠣᠭᠤᠳᠤᠨ | ᠠᠬᠢᠭᠤᠯᠬᠤ ᠶᠠᠪᠤᠴᠠ ᠳᠤ᠂ ᠠᠵᠤ ᠠᠬᠤᠶᠢᠯᠠᠯ ᠤᠳ | ᠬᠤᠯᠪᠣᠭᠳᠠᠯ ᠪᠦᠬᠦᠢ ᠲᠥᠷᠥ ᠶᠢᠨ | ᠪᠣᠳᠣᠯᠭ᠎ᠠ ᠶᠢᠨ ᠲᠣᠭᠲᠠᠭᠠᠯ ᠨᠢ | ᠬᠡᠷᠡᠭᠵᠢᠭᠦᠯᠬᠦᠶᠢᠴᠡ ᠴᠢᠨᠠᠷ ᠢᠶᠠᠷ | ᠳᠤᠲᠠᠮᠠᠭ ᠪᠠᠶᠢᠵᠤ᠂ ᠨᠠᠩ ᠪᠣᠳᠠᠲᠠᠢ | ᠬᠡᠷᠡᠭᠵᠢᠭᠦᠯᠬᠦ ᠠᠷᠭ᠎ᠠ ᠲᠣᠭᠲᠠᠭᠠᠵᠤ᠂ | ᠣᠨᠣᠪᠴᠢᠲᠠᠶ ᠣᠶᠢᠯᠠᠭᠠᠬᠤ ᠪᠠ ᠪᠥᠬᠦ | ᠲᠠᠯ᠎ᠠ ᠪᠠᠷ ᠬᠡᠷᠡᠭᠵᠢᠭᠦᠯᠬᠦ ᠳᠤ | ᠳᠥᠭᠦᠮᠯᠡᠬᠦ ᠶᠢ ᠬᠦᠰᠡᠵᠦ ᠪᠠᠶᠢᠨ᠎ᠠ ᠭᠡᠵᠦ | ᠲᠤᠰᠬᠠᠵᠠᠢ ᠭᠡᠪᠡ᠃ | ᠰᠢᠨ᠎ᠡ ᠲᠣᠭᠲᠠᠭᠠᠯ ᠳᠤ ᠬᠥᠮᠥᠰ ᠤᠨ | ᠠᠩᠬᠠᠷᠤᠯ ᠢ ᠲᠠᠲᠠᠭᠰᠠᠨ ᠨᠢᠭᠡ ᠬᠤᠪᠢᠷᠠᠯᠲᠠ | ᠭᠡᠪᠡᠯ᠂ ᠰᠢᠨ᠎ᠡ ᠬᠡᠯᠪᠡᠷᠢ ᠪᠠᠷ ᠠᠵᠢᠯ | ᠣᠯᠣᠭᠰᠠᠨ ᠬᠥᠳᠡᠯᠮᠦᠷᠢᠴᠢᠳ ᠤᠨ ᠠᠵᠢᠯᠯᠠᠬᠤ | ᠴᠠᠭ ᠢ ᠪᠤᠳᠤᠬᠤ ᠠᠷᠭ᠎ᠠ ᠪᠠ ᠠᠮᠠᠷᠠᠬᠤ | ᠠᠷᠭ᠎ᠠ ᠶᠢ ᠳᠤᠷᠠᠳᠴᠠᠢ᠃ ᠲᠤᠬᠠᠶᠢᠯᠠᠪᠠᠯ | ᠠᠵᠢᠯᠯᠠᠬᠤ ᠴᠠᠭ ᠨᠢ ᠳᠡᠭᠡᠳᠦ | ᠬᠢᠵᠠᠭᠠᠷ ᠲᠤ ᠪᠠᠨ ᠬᠥᠷᠪᠡᠯ᠂ ᠲᠠᠪᠴᠠᠩ ᠠᠴᠠ | ᠵᠠᠬᠢᠶᠠᠯᠠᠭ᠎ᠠ ᠳᠠᠭᠠᠭᠠᠯᠭᠠᠬᠤ ᠪᠠᠨ | ᠵᠣᠭᠰᠣᠬᠤ ᠬᠡᠷᠡᠭᠲᠡᠢ᠃ ︽ᠰᠢᠨ᠎ᠡ | ᠬᠡᠯᠪᠡᠷᠢ ᠪᠠᠷ ᠠᠵᠢᠯ ᠣᠯᠣᠭᠰᠠᠨ | ᠬᠥᠳᠡᠯᠮᠦᠷᠢᠴᠢᠳ ᠤᠨ ᠠᠮᠠᠷᠠᠯᠲᠠ ᠪᠠ | ᠬᠥᠳᠡᠯᠮᠦᠷᠢ ᠶᠢᠨ ᠬᠥᠯᠥᠰᠦ ᠣᠯᠭᠤᠮᠵᠢ ᠶᠢᠨ | ᠡᠷᠬᠡ ᠠᠰᠢᠭ ᠢ ᠪᠠᠲᠤᠯᠠᠬᠤ | ᠵᠢᠯᠣᠭᠤᠳᠤᠮᠵᠢ︾ ᠳᠤ᠂ ᠲᠠᠪᠴᠠᠩ ᠤᠨ ᠠᠵᠤ | ᠠᠬᠤᠶᠢᠯᠠᠯ ᠨᠢ ᠠᠵᠢᠯᠴᠢᠨ ᠤ ᠡᠪᠯᠡᠯ ᠪᠤᠶᠤ | ᠰᠢᠨ᠎ᠡ ᠬᠡᠯᠪᠡᠷᠢ ᠪᠠᠷ ᠠᠵᠢᠯ ᠣᠯᠣᠭᠰᠠᠨ | ᠬᠥᠳᠡᠯᠮᠦᠷᠢᠴᠢᠳ ᠤᠨ ᠲᠥᠯᠥᠭᠡᠯᠡᠭᠴᠢ ᠲᠠᠢ | ᠵᠥᠪᠳᠡᠯᠴᠡᠵᠦ᠂ ᠬᠥᠳᠡᠯᠮᠦᠷᠢᠴᠢᠳ ᠤᠨ | ᠵᠠᠯᠭᠠᠭ᠎ᠠ ᠪᠠᠷ ᠵᠠᠬᠢᠶᠠᠯᠠᠭ᠎ᠠ ᠭᠥᠯᠢᠶᠡᠨ | ᠠᠪᠬᠤ ᠬᠠᠮᠤᠭ ᠤᠷᠲᠤ ᠴᠠᠭ ᠪᠠ ᠡᠳᠦᠷ ᠪᠦᠷᠢ ᠶᠢᠨ | ᠬᠠᠮᠤᠭ ᠣᠷᠳᠣ ᠠᠵᠢᠯᠯᠠᠬᠤ ᠴᠠᠭ ᠢ ᠵᠦᠢ | ᠵᠣᠬᠢᠰᠲᠠᠢ ᠲᠣᠭᠲᠠᠭᠠᠬᠤ ᠬᠡᠷᠡᠭᠲᠡᠢ᠃ | ᠬᠥᠳᠡᠯᠮᠦᠷᠢᠴᠢᠳ ᠤᠨ ᠠᠵᠢᠯᠯᠠᠬᠤ ᠴᠠᠭ ᠨᠢ | ᠳᠡᠭᠡᠳᠦ ᠬᠢᠵᠠᠭᠠᠷ ᠲᠤ ᠪᠠᠨ ᠬᠥᠷᠪᠡᠯ᠂ | ᠰᠢᠰᠲ᠋ᠧᠮ ᠠᠴᠠ ᠠᠮᠠᠷᠠᠬᠤ ᠰᠠᠨᠠᠭᠤᠯᠤᠮᠵᠢ | ᠥᠭᠬᠦ ᠶᠢᠨ ᠬᠠᠮᠲᠤ ᠵᠠᠬᠢᠶᠠᠯᠠᠭ᠎ᠠ ᠥᠭᠬᠦ ᠪᠠᠨ | ᠬᠡᠰᠡᠭ ᠬᠤᠭᠤᠴᠠᠭ᠎ᠠ ᠵᠣᠭᠰᠣᠵᠤ᠂ | ᠬᠥᠳᠡᠯᠮᠦᠷᠢᠴᠢᠳ ᠤᠨ ᠴᠢᠬᠤᠯᠠ ᠪᠦᠬᠦᠢ | ᠠᠮᠠᠷᠠᠬᠤ ᠴᠠᠭ ᠣᠯᠬᠤ ᠶᠢ ᠪᠠᠲᠤᠯᠠᠬᠤ | ᠬᠡᠷᠡᠭᠲᠡᠢ ᠭᠡᠵᠦ ᠲᠣᠳᠣᠷᠬᠠᠶᠢᠯᠠᠵᠠᠢ᠃ | ᠨᠥᠭᠦᠭᠡ ᠨᠢᠭᠡ ᠡᠷᠬᠡ ᠠᠰᠢᠭ ᠨᠢ ᠭᠡᠪᠡᠯ᠂ | ᠵᠠᠬᠢᠶᠠᠯᠠᠭ᠎ᠠ ᠬᠦᠷᠭᠡᠭᠴᠢ ᠵᠡᠷᠭᠡ ᠰᠢᠨ᠎ᠡ | ᠬᠡᠯᠪᠡᠷᠢ ᠪᠠᠷ ᠠᠵᠢᠯ ᠣᠯᠣᠭᠰᠠᠨ | ᠬᠥᠳᠡᠯᠮᠦᠷᠢᠴᠢᠨ ᠳᠤ ᠲᠡᠭᠦᠨ ᠤ ᠪᠣᠳᠠᠲᠠᠢ | ᠠᠵᠢᠯᠯᠠᠵᠤ ᠪᠠᠶᠢᠭ᠎ᠠ ᠭᠠᠵᠠᠷ ᠤᠨ ᠠᠷᠠᠳ ᠤᠨ | ᠵᠠᠰᠠᠭ ᠤᠨ ᠣᠷᠳᠣᠨ ᠤ ᠲᠣᠭᠲᠠᠭᠠᠭᠰᠠᠨ ᠴᠠᠭ | ᠪᠦᠷᠢ ᠶᠢᠨ ᠨᠠᠭᠠᠲᠤ ᠵᠠᠬ᠎ᠠ ᠶᠢᠨ ᠴᠠᠯᠢᠩ ᠤᠨ | ᠪᠠᠷᠢᠮᠵᠢᠶ᠎ᠠ ᠶᠢ ᠬᠡᠷᠡᠭᠯᠡᠨ᠎ᠡ᠃ ᠡᠭᠦᠨ ᠤ | ᠬᠠᠮᠲᠤ᠂ ᠮᠠᠰᠢ ᠣᠯᠠᠨ ᠬᠦᠷᠭᠡᠭᠴᠢ ᠶᠢᠨ | ᠳᠤᠷᠠᠳᠤᠭᠰᠠᠨ ᠬᠠᠤᠯᠢ ᠪᠠᠷ ᠲᠣᠭᠲᠠᠭᠠᠭᠰᠠᠨ | ᠪᠠᠶᠠᠷ ᠳᠤᠷᠠᠰᠬᠠᠯ ᠠᠮᠠᠷᠠᠯᠲᠠ ᠶᠢᠨ ᠡᠳᠦᠷ | ᠦᠷᠭᠦᠯᠵᠢᠯᠡᠨ ᠠᠵᠢᠯᠯᠠᠪᠠᠯ ᠨᠡᠮᠡᠵᠦ | ᠠᠵᠢᠯᠯᠠᠭᠰᠠᠨ ᠮᠥᠩᠭᠦ ᠣᠯᠵᠤ ᠳᠡᠶᠢᠯᠬᠦ ᠡᠰᠡᠬᠦ | ᠠᠰᠠᠭᠤᠳᠠᠯ ᠳᠤ ᠴᠢᠭᠯᠡᠭᠦᠯᠦᠨ᠂ ᠬᠠᠤᠯᠢ ᠪᠠᠷ | ᠲᠣᠭᠲᠠᠭᠠᠭᠰᠠᠨ ᠪᠠᠶᠠᠷ ᠳᠤᠷᠠᠰᠬᠠᠯ | ᠠᠮᠠᠷᠠᠯᠲᠠ ᠶᠢᠨ ᠡᠳᠦᠷ ᠲᠤ ᠠᠵᠢᠯᠯᠠᠵᠤ | ᠪᠠᠶᠢᠭ᠎ᠠ ᠰᠢᠨ᠎ᠡ ᠬᠡᠯᠪᠡᠷᠢ ᠪᠠᠷ ᠠᠵᠢᠯ | ᠣᠯᠣᠭᠰᠠᠨ ᠬᠥᠳᠡᠯᠮᠦᠷᠢᠴᠢᠳ ᠤᠨ | ᠬᠥᠳᠡᠯᠮᠦᠷᠢ ᠶᠢᠨ ᠬᠥᠯᠥᠰᠦ ᠣᠯᠭᠤᠮᠵᠢ ᠨᠢ | ᠬᠡᠪ ᠤᠨ ᠠᠵᠢᠯᠯᠠᠬᠤ ᠴᠠᠭ ᠤᠨ | ᠬᠥᠳᠡᠯᠮᠦᠷᠢ ᠶᠢᠨ ᠬᠥᠯᠥᠰᠦ ᠣᠯᠭᠤᠮᠵᠢ ᠠᠴᠠ | ᠥᠨᠳᠥᠷ ᠪᠠᠶᠢᠬᠤ ᠬᠡᠷᠡᠭᠲᠡᠢ᠂ ᠠᠵᠤ | ᠠᠬᠤᠶᠢᠯᠠᠯ ᠨᠢ ᠰᠢᠨ᠎ᠡ ᠬᠡᠯᠪᠡᠷᠢ ᠪᠠᠷ ᠠᠵᠢᠯ | ᠣᠯᠣᠭᠰᠠᠨ ᠬᠥᠳᠡᠯᠮᠦᠷᠢᠴᠢᠨ ᠬᠤᠪᠢ ᠬᠥᠮᠥᠨ ᠳᠤ | ᠴᠠᠭ ᠲᠤᠬᠠᠢ ᠳᠤ ᠨᠢ ᠲᠤᠭ᠎ᠠ ᠶᠣᠰᠣᠭᠠᠷ ᠥᠭᠬᠦ | ᠬᠡᠷᠡᠭᠲᠡᠢ ᠭᠡᠵᠦ ᠰᠢᠨ᠎ᠡ ᠲᠣᠭᠲᠠᠭᠠᠯ ᠳᠤ | ᠲᠣᠳᠣᠷᠬᠠᠶᠢᠯᠠᠵᠠᠢ᠃ | ᠨᠡᠶᠢᠰᠯᠡᠯ ᠤᠨ ᠠᠵᠤ ᠠᠬᠤᠢ ᠠᠷᠠᠯᠵᠢᠶᠠᠨ ᠤ | ᠶᠡᠭᠡ ᠰᠤᠷᠭᠠᠭᠤᠯᠢ ᠶᠢᠨ ᠬᠥᠳᠡᠯᠮᠦᠷᠢ ᠶᠢᠨ | ᠠᠵᠤ ᠠᠬᠤᠢ ᠶᠢᠨ ᠳᠡᠭᠡᠳᠦ ᠰᠤᠷᠭᠠᠭᠤᠯᠢ ᠶᠢᠨ | ᠳᠡᠳ᠋ ᠫᠷᠤᠹᠧᠰᠰᠤᠷ᠂ ᠳᠤᠮᠳᠠᠳᠤ ᠤᠯᠤᠰ ᠤᠨ | ᠰᠢᠨ᠎ᠡ ᠬᠡᠯᠪᠡᠷᠢ ᠪᠠᠷ ᠠᠵᠢᠯ ᠣᠯᠭᠤᠬᠤ | ᠰᠤᠳᠤᠯᠭᠠᠨ ᠤ ᠲᠥᠪ ᠤᠨ ᠡᠷᠬᠢᠯᠡᠭᠴᠢ ᠵᠠᠩ ᠴᠧᠩ | ᠭᠠᠩ᠄ ︽︿ᠬᠤᠶᠠᠷ ᠵᠢᠯᠣᠭᠤᠳᠤᠮᠵᠢ ᠨᠢᠭᠡ | ᠵᠦᠭᠯᠡᠭᠦᠷ﹀ ᠢ ᠨᠡᠶᠢᠲᠡᠯᠡᠭᠰᠡᠨ ᠨᠢ ᠰᠢᠨ᠎ᠡ | ᠬᠡᠯᠪᠡᠷᠢ ᠪᠠᠷ ᠠᠵᠢᠯ ᠣᠯᠣᠭᠰᠠᠨ | ᠬᠥᠳᠡᠯᠮᠦᠷᠢᠴᠢᠳ ᠤᠨ ᠬᠥᠳᠡᠯᠮᠦᠷᠢ ᠶᠢᠨ | ᠬᠥᠯᠥᠰᠦ ᠣᠯᠭᠤᠮᠵᠢ ᠶᠢᠨ ᠡᠷᠬᠡ᠂ | ᠬᠥᠳᠡᠯᠮᠦᠷᠢ ᠶᠢᠨ ᠨᠥᠬᠦᠴᠡᠯ ᠤᠨ ᠡᠷᠬᠡ᠂ | ᠬᠥᠳᠡᠯᠮᠦᠷᠢ ᠶᠢᠨ ᠲᠡᠳᠬᠦᠮᠵᠢ ᠶᠢᠨ ᠡᠷᠬᠡ | ᠵᠡᠷᠭᠡ ᠬᠥᠳᠡᠯᠮᠦᠷᠢ ᠶᠢᠨ ᠡᠷᠬᠡ ᠠᠰᠢᠭ ᠤᠨ | ᠪᠠᠲᠤᠯᠠᠭ᠎ᠠ ᠶᠢ ᠴᠢᠨᠠᠭᠰᠢᠳᠠ ᠤᠯᠠᠮ | ᠨᠠᠷᠢᠯᠢᠭᠵᠢᠭᠤᠯᠤᠭᠰᠠᠨ ᠶᠠᠪᠤᠳᠠᠯ ᠪᠣᠯᠣᠨ᠎ᠠ᠃ | ᠬᠥᠳᠡᠯᠮᠦᠷᠢ ᠶᠢᠨ ᠬᠥᠯᠥᠰᠦ ᠣᠯᠭᠤᠮᠵᠢ ᠶᠢᠨ | ᠡᠷᠬᠡ ᠶᠢᠨ ᠪᠠᠲᠤᠯᠠᠭ᠎ᠠ ᠳᠤ ᠨᠠᠭᠠᠲᠤ | ᠵᠠᠬ᠎ᠠ ᠶᠢᠨ ᠴᠠᠯᠢᠩ ᠤᠨ ᠪᠠᠲᠤᠯᠠᠭ᠎ᠠ ᠵᠢᠴᠢ | ᠬᠠᠤᠯᠢ ᠪᠠᠷ ᠲᠣᠭᠲᠠᠭᠠᠭᠰᠠᠨ ᠪᠠᠶᠠᠷ | ᠳᠤᠷᠠᠰᠬᠠᠯ ᠠᠮᠠᠷᠠᠯᠲᠠ ᠶᠢᠨ ᠡᠳᠦᠷ ᠤᠨ ᠥᠨᠳᠥᠷ | ᠬᠥᠯᠥᠰᠦ ᠣᠯᠭᠤᠮᠵᠢ ᠶᠢᠨ ᠪᠠᠷᠢᠮᠵᠢᠶ᠎ᠠ ᠶᠢ | ᠴᠢᠬᠤᠯᠠᠴᠢᠯᠠᠪᠠ︔ ᠠᠮᠠᠷᠠᠯᠲᠠ ᠪᠠ ᠴᠢᠯᠦᠭᠡᠨ ᠤ | ᠡᠷᠬᠡ ᠶᠢᠨ ᠪᠠᠲᠤᠯᠠᠭ᠎ᠠ ᠨᠢ ᠵᠠᠬᠢᠶᠠᠯᠠᠭ᠎ᠠ | ᠭᠥᠯᠢᠶᠡᠨ ᠠᠪᠬᠤ ᠬᠠᠮᠤᠭ ᠤᠷᠲᠤ ᠴᠠᠭ ᠪᠠ ᠬᠠᠮᠤᠭ | ᠣᠷᠳᠣ ᠠᠵᠢᠯᠯᠠᠭᠰᠠᠨ ᠴᠠᠭ ᠢ | ᠴᠢᠬᠤᠯᠠᠴᠢᠯᠠᠬᠤ ᠶᠢᠨ ᠬᠠᠮᠲᠤ ᠠᠵᠢᠯᠯᠠᠭᠰᠠᠨ | ᠴᠠᠭ ᠢ ᠪᠤᠳᠤᠬᠤ ᠠᠷᠭ᠎ᠠ ᠶᠢ ᠳᠤᠷᠠᠳᠪᠠ︔ | ᠬᠥᠳᠡᠯᠮᠦᠷᠢ ᠶᠢᠨ ᠲᠡᠳᠬᠦᠮᠵᠢ ᠶᠢᠨ ᠡᠷᠬᠡ ᠶᠢ | ᠭᠤᠣᠯᠳᠠᠭᠤ ᠠᠵᠤ ᠠᠬᠤᠶᠢᠯᠠᠯ ᠤᠨ | ᠳᠣᠲᠣᠭᠠᠳᠤ ᠶᠢᠨ ᠵᠢᠭᠤᠷᠠᠯᠳᠤᠭᠠᠨ ᠢ | ᠰᠢᠢᠳᠪᠦᠷᠢᠯᠡᠬᠦ ᠲᠣᠭᠲᠠᠴᠠ᠂ ᠠᠵᠢᠯᠲᠠᠨ ᠤ | ᠡᠪᠯᠡᠯ ᠢᠶᠠᠷ ᠡᠷᠬᠡ ᠪᠠᠨ ᠬᠠᠮᠠᠭᠠᠯᠠᠬᠤ᠂ | ᠬᠤᠯᠪᠣᠭᠳᠠᠯ ᠪᠦᠬᠦᠢ ᠰᠠᠯᠠᠭ᠎ᠠ ᠮᠥᠴᠢᠷ ᠢᠶᠠᠷ | ᠡᠷᠬᠡ ᠪᠠᠨ ᠬᠠᠮᠠᠭᠠᠯᠠᠬᠤ ᠵᠡᠷᠭᠡ ᠠᠷᠭ᠎ᠠ | ᠵᠠᠮ ᠢᠶᠠᠷ ᠪᠠᠲᠤᠯᠠᠨ᠎ᠠ᠃︾ ᠭᠡᠵᠦ | ᠢᠯᠡᠷᠬᠡᠶᠢᠯᠡᠪᠡ᠃ | ᠡᠭᠦᠨ ᠠᠴᠠ ᠡᠮᠦᠨ᠎ᠡ᠂ ᠬᠥᠮᠥᠨ ᠤ ᠬᠦᠴᠦᠨ ᠤ ᠡᠬᠢ | ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ | ᠶᠠᠮᠤᠨ ᠬᠤᠯᠪᠣᠭᠳᠠᠯ ᠪᠦᠬᠦᠢ ᠪᠠᠶᠢᠴᠠᠭᠠᠨ | ᠰᠤᠳᠤᠯᠤᠯᠲᠠ ᠪᠠ ᠰᠤᠳᠤᠯᠤᠨ ᠶᠠᠷᠢᠯᠴᠠᠬᠤ | ᠬᠤᠷᠠᠯ ᠢ ᠣᠯᠠᠨᠲᠠ ᠡᠷᠭᠢᠯᠡᠭᠰᠡᠨ ᠪᠥᠭᠡᠳ | ᠬᠤᠯᠪᠣᠭᠳᠠᠯ ᠪᠦᠬᠦᠢ ᠠᠵᠤ ᠠᠬᠤᠶᠢᠯᠠᠯ ᠳᠤ | ᠵᠠᠰᠠᠭ ᠵᠠᠬᠢᠷᠭᠠᠨ ᠤ ᠬᠠᠮᠲᠤᠷᠠᠭᠰᠠᠨ | ᠵᠢᠯᠣᠭᠤᠳᠤᠯᠭ᠎ᠠ ᠥᠷᠨᠢᠭᠦᠯᠦᠭᠰᠡᠨ ᠪᠠᠶᠢᠨ᠎ᠠ᠃ | ᠵᠢᠯᠣᠭᠤᠳᠤᠮᠵᠢ᠂ ᠵᠦᠭᠯᠡᠭᠦᠷ ᠤᠨ ᠪᠣᠳᠠᠲᠠᠢ | ᠠᠭᠤᠯᠭ᠎ᠠ ᠶᠢᠨ ᠪᠦᠷᠢᠯᠳᠦᠯ ᠨᠢ ᠠᠵᠤ | ᠠᠬᠤᠶᠢᠯᠠᠯ᠂ ᠬᠥᠳᠡᠯᠮᠦᠷᠢᠴᠢᠨ᠂ | ᠮᠡᠷᠭᠡᠵᠢᠯᠲᠡᠨ᠂ ᠬᠤᠯᠪᠣᠭᠳᠠᠯ ᠪᠦᠬᠦᠢ ᠡᠯ᠎ᠡ | ᠰᠠᠯᠠᠭ᠎ᠠ ᠮᠥᠴᠢᠷ ᠪᠠ ᠭᠠᠵᠠᠷ ᠣᠷᠣᠨ ᠤ ᠰᠠᠨᠠᠯ | ᠰᠠᠨᠠᠭᠤᠯᠭ᠎ᠠ ᠶᠢ ᠭᠦᠢᠴᠡᠳ ᠰᠣᠨᠣᠰᠴᠤ᠂ | ︽ᠬᠤᠶᠠᠷ ᠢ ᠬᠠᠮᠠᠭᠠᠯᠠᠬᠤ︾ | ᠣᠶᠢᠯᠠᠭᠠᠭᠳᠠᠬᠤᠨ ᠢ ᠢᠯᠡᠷᠡᠭᠦᠯᠦᠭᠰᠡᠨ | ᠪᠠᠶᠢᠨ᠎ᠠ᠃ | ᠵᠠᠩ ᠴᠧᠩ ᠭᠠᠩ ᠤᠨ ᠦᠵᠡᠬᠦ ᠪᠠᠷ᠂ ︽ᠬᠤᠶᠠᠷ | ᠵᠢᠯᠣᠭᠤᠳᠤᠮᠵᠢ ᠨᠢᠭᠡ ᠵᠦᠭᠯᠡᠭᠦᠷ︾ ᠢ | ᠨᠡᠶᠢᠲᠡᠯᠡᠭᠰᠡᠨ ᠨᠢ ᠰᠢᠨ᠎ᠡ ᠬᠡᠯᠪᠡᠷᠢ ᠪᠠᠷ | ᠠᠵᠢᠯ ᠣᠯᠣᠭᠰᠠᠨ ᠠᠵᠢᠯᠯᠠᠭᠰᠠᠳ ᠪᠠ ᠲᠠᠪᠴᠠᠩ ᠤᠨ | ᠠᠵᠤ ᠠᠬᠤᠶᠢᠯᠠᠯ ᠤᠳ ᠤᠨ ᠬᠤᠯᠪᠣᠭᠳᠠᠯ ᠪᠦᠬᠦᠢ | ᠬᠥᠳᠡᠯᠮᠦᠷᠢ ᠶᠢᠨ ᠡᠷᠬᠡ ᠠᠰᠢᠭ ᠤᠨ ᠳᠤᠮᠳᠠᠬᠢ | ᠡᠷᠬᠡ ᠡᠭᠦᠷᠭᠡ ᠶᠢᠨ ᠬᠠᠷᠢᠴᠠᠭ᠎ᠠ ᠶᠢ | ᠵᠣᠬᠢᠴᠠᠭᠤᠯᠬᠤ ᠳᠤ ᠠᠰᠢᠭᠲᠠᠢ ᠪᠠᠶᠢᠵᠤ᠂ ᠨᠢᠭᠡ | ᠲᠠᠯ᠎ᠠ ᠪᠠᠷ ᠲᠠᠪᠴᠠᠩ ᠤᠨ ᠠᠵᠤ | ᠠᠬᠤᠶᠢᠯᠠᠯ ᠤᠳ ᠤᠨ ᠠᠵᠢᠯᠴᠢᠨ ᠬᠡᠷᠡᠭᠯᠡᠬᠦ | ᠳᠦᠷᠢᠮ ᠢ ᠲᠣᠭᠲᠠᠭᠠᠬᠤ ᠳᠤ ᠵᠢᠯᠣᠭᠤᠳᠤᠯᠭ᠎ᠠ | ᠪᠣᠯᠵᠤ᠂ ᠨᠥᠭᠦᠭᠡ ᠲᠠᠯ᠎ᠠ ᠪᠠᠷ ᠪᠠᠰᠠ | ᠠᠵᠢᠯᠯᠠᠭᠰᠠᠳ ᠤᠨ ᠵᠢᠱᠢᠯᠲᠡ ᠶᠢ ᠬᠥᠲᠥᠯᠥᠨ | ᠵᠢᠯᠤᠭᠤᠳᠬᠤ ᠶᠢᠨ ᠬᠠᠮᠲᠤ ᠬᠥᠳᠡᠯᠮᠦᠷᠢ ᠶᠢᠨ | ᠵᠢᠭᠤᠷᠠᠯᠳᠤᠭᠠᠨ ᠤ ᠲᠣᠭᠲᠠᠭᠠᠯᠲᠠ ᠳᠤ | ᠪᠠᠷᠢᠮᠵᠢᠶ᠎ᠠ ᠬᠠᠩᠭᠠᠨ ᠥᠭᠴᠡᠢ᠃ ᠡᠲᠡᠭᠡᠷ ᠨᠢ | ᠴᠥᠮ ᠠᠵᠢᠯᠯᠠᠭᠴᠢ ᠪᠠ ᠲᠠᠪᠴᠠᠩ ᠤᠨ ᠠᠵᠤ | ᠠᠬᠤᠶᠢᠯᠠᠯ ᠤᠨ ᠬᠤᠭᠤᠷᠣᠨᠳᠣᠬᠢ ᠨᠠᠩ ᠡᠶ᠎ᠡ | ᠵᠣᠬᠢᠴᠠᠯ ᠲᠠᠢ ᠠᠵᠢᠯᠴᠢᠨ ᠬᠡᠷᠡᠭᠯᠡᠬᠦ | ᠬᠠᠷᠢᠴᠠᠭ᠎ᠠ ᠶᠢ ᠪᠦᠷᠢᠯᠳᠦᠭᠦᠯᠬᠦ ᠳᠤ | ᠠᠰᠢᠭᠲᠠᠢ ᠶᠤᠮ᠃ | | |