ᠯᠸᠢ ᠹᠧᠩ ᠠᠴᠠ ᠰᠤᠷᠤᠯᠴᠠᠬᠤ ᠰᠠᠶᠢᠨ ᠳᠤᠷ᠎ᠠ ᠶᠢᠨᠦᠢᠯᠡᠴᠢᠯᠡᠭᠡᠨ ᠤ ᠠᠵᠢᠯᠯᠠᠭ᠎ᠠ ᠦᠷᠨᠢᠭ᠊
ᠨᠡᠶᠢᠲᠡᠯᠡᠭᠰᠡᠨ ᠴᠠᠭ᠄
2024/3/6
ᠯᠸᠢ ᠹᠧᠩ ᠠᠴᠠ ᠰᠤᠷᠤᠯᠴᠠᠬᠤ ᠰᠠᠶᠢᠨ ᠳᠤᠷ᠎ᠠ ᠶᠢᠨᠦᠢᠯᠡᠴᠢᠯᠡᠭᠡᠨ ᠤ ᠠᠵᠢᠯᠯᠠᠭ᠎ᠠ ᠦᠷᠨᠢᠭᠦᠯᠪᠡ         ᠰᠤᠷᠪᠤᠯᠵᠢᠯᠠᠭᠴᠢ ᠵᠤᠨ᠎ᠠ  ᠬᠠᠰᠪᠢᠯᠢᠭ᠌     ᠯᠧᠢ ᠹᠧᠩ ᠤᠨ ᠵᠣᠷᠢᠭ ᠰᠠᠨᠠᠭ᠎ᠠ ᠶᠢ ᠪᠠᠳᠠᠷᠠᠭᠤᠯᠵᠤ᠂ ᠰᠢᠯᠢᠳᠡᠭ ᠤᠯᠠᠮᠵᠢᠯᠠᠯ ᠢ ᠦᠢᠯᠡᠳᠦᠯᠭᠡᠵᠢᠭᠦᠯᠬᠦ ᠶᠢᠨ ᠲᠥᠯᠥᠭᠡ᠂ 3 ᠰᠠᠷ᠎ᠠ ᠶᠢᠨ 4᠎ ᠤ ᠡᠳᠦᠷ ᠤᠨ ᠦᠳᠡ ᠶᠢᠨ ᠬᠤᠶᠢᠨ᠎ᠠ᠂ ᠮᠠᠨ ᠤ ᠬᠤᠰᠢᠭᠤᠨ ᠤ ᠮᠠᠨᠳᠤᠯ᠎ᠠ ᠨᠡᠶᠢᠭᠡᠮ ᠲᠣᠭᠤᠷᠢᠭ ᠨᠢ ᠵᠡᠪᠰᠡᠭᠲᠦ ᠴᠠᠭᠳᠠᠭ᠎ᠠ ᠶᠢᠨ ᠳᠤᠮᠳᠠ ᠠᠩᠭᠢ ᠲᠠᠢ ᠬᠠᠮᠲᠤᠷᠠᠨ ᠬᠤᠰᠢᠭᠤᠨ ᠤ ᠨᠠᠰᠤᠲᠠᠨ ᠢ ᠠᠰᠠᠷᠠᠬᠤ ᠬᠦᠷᠢᠶᠡᠯᠡᠩ ᠳᠤ ᠬᠦᠷᠴᠦ ᠯᠸᠢ ᠹᠧᠩ ᠠᠴᠠ ᠰᠤᠷᠤᠯᠴᠠᠬᠤ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠥᠷᠨᠢᠭᠦᠯᠵᠦ᠂ ᠪᠣᠳᠠᠲᠤ ᠠᠵᠢᠯᠯᠠᠭ᠎ᠠ ᠪᠠᠷ ᠢᠶᠠᠨ ᠨᠠᠰᠤᠲᠠᠶᠢᠴᠤᠳ ᠲᠤ ᠬᠠᠶᠢᠷ᠎ᠠ ᠬᠠᠯᠠᠮᠵᠢᠬᠦᠷᠭᠡᠵᠡᠢ᠃     ᠠᠵᠢᠯᠯᠠᠭ᠎ᠠ ᠳᠤ᠂ ᠰᠠᠶᠢᠨ ᠳᠤᠷᠠᠴᠢᠳ ᠨᠠᠰᠤᠲᠠᠨ ᠢ ᠠᠰᠠᠷᠠᠬᠤ ᠬᠦᠷᠢᠶᠡᠯᠡᠩ ᠤᠨ ᠨᠠᠰᠤᠲᠠᠶᠢᠴᠤᠳ ᠲᠠᠢ ᠵᠣᠭᠤᠭ ᠳᠡᠯᠭᠡᠵᠦ᠂ ᠨᠠᠰᠤᠲᠠᠶᠢᠴᠤᠳ ᠤᠨ ᠦᠰᠥ ᠬᠢᠮᠤᠰᠤ ᠶᠢ ᠨᠢ ᠵᠠᠰᠠᠵᠤ ᠭᠡᠷ ᠤᠷᠤᠨ ᠢ ᠨᠢ ᠴᠡᠪᠡᠷᠯᠡᠨ᠂ ᠨᠠᠰᠤᠲᠠᠶᠢᠴᠤᠳ ᠲᠤ ᠶᠡᠭᠡ ᠭᠡᠷ ᠪᠦᠯᠢ ᠶᠢᠨ ᠬᠠᠯᠠᠭᠤᠨ ᠳᠤᠯᠠᠭᠠᠨ ᠢ ᠦᠨᠡᠨ ᠬᠦ ᠮᠡᠳᠡᠷᠡᠭᠦᠯᠵᠡᠢ᠃     ᠲᠣᠰ ᠤᠳᠠᠭᠠᠨ ᠤ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠪᠠᠷ ᠳᠡᠮᠵᠢᠨ᠂ ᠨᠠᠰᠤᠲᠠᠶᠢᠴᠤᠳ ᠲᠤ ᠬᠠᠶᠢᠷ᠎ᠠ ᠬᠠᠯᠠᠮᠵᠢ ᠬᠦᠷᠭᠡᠭᠰᠡᠨ ᠢᠶᠠᠷ ᠪᠠᠷᠠᠬᠤ ᠥᠬᠡᠶ᠂ ᠪᠥᠬᠦ ᠬᠤᠰᠢᠭᠤᠨ ᠳᠤ ᠯᠸᠢ ᠹᠧᠩ ᠠᠴᠠ ᠰᠤᠷᠤᠯᠴᠠᠬᠤ ᠬᠠᠯᠠᠭᠤᠨ ᠥᠷᠨᠢᠯᠲᠡ ᠭᠠᠷᠭᠠᠵᠠᠢ᠃ 
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号