ᠬᠥᠪᠡᠭᠡᠲᠦ ᠰᠢᠷ᠎ᠠ ᠬᠤᠰᠢᠭᠤ ᠡᠮᠴᠢᠯᠡᠭᠡᠨ ᠤ ᠲᠤᠰᠬᠠᠶ ᠮᠡᠷᠭᠡᠵᠢᠯᠲᠡᠨ ᠢ ᠤᠷᠢᠵᠤ ᠣᠯᠠᠨ ᠲᠦᠮᠡᠨ ᠳᠤ ᠦᠢᠯᠡᠴᠢᠯᠡᠭᠡ ᠬᠠ᠊
ᠨᠡᠶᠢᠲᠡᠯᠡᠭᠰᠡᠨ ᠴᠠᠭ᠄
2024/3/6
                ᠬᠥᠪᠡᠭᠡᠲᠦ ᠰᠢᠷ᠎ᠠ ᠬᠤᠰᠢᠭᠤ ᠡᠮᠴᠢᠯᠡᠭᠡᠨ ᠤ ᠲᠤᠰᠬᠠᠶ ᠮᠡᠷᠭᠡᠵᠢᠯᠲᠡᠨ ᠢ                ᠤᠷᠢᠵᠤ ᠣᠯᠠᠨ ᠲᠦᠮᠡᠨ ᠳᠤ ᠦᠢᠯᠡᠴᠢᠯᠡᠭᠡ ᠬᠠᠩᠭᠠᠪᠠ                                   ᠬᠠᠮ ᠵᠠᠭᠤᠴᠢᠯᠠᠭᠤᠷ ᠤᠨ ᠰᠤᠷᠪᠤᠯᠵᠢᠯᠠᠭᠴᠢ   ᠬᠠᠰᠭᠤᠸ᠎ᠠ ᠬᠠᠰᠪᠢᠯᠢᠭ᠌     ᠡᠮ ᠡᠮᠨᠡᠯᠭᠡ ᠶᠢᠨ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠵᠦ᠂ ᠴᠢᠨᠠᠷ ᠰᠠᠶᠢᠲᠠᠢ ᠡᠮ ᠡᠮᠨᠡᠯᠭᠡ ᠶᠢᠨ ᠦᠢᠯᠡᠴᠢᠯᠡᠭᠡᠨ ᠤ ᠦᠷᠭᠦᠯᠵᠢᠯᠡᠨ ᠬᠥᠭᠵᠢᠬᠦ ᠶᠢ ᠠᠬᠢᠭᠤᠯᠬᠤ ᠶᠢᠨ ᠲᠥᠯᠥᠭᠡ᠂ 3 ᠰᠠᠷ᠎ᠠ ᠶᠢᠨ 2᠎ ᠤᠨ ᠡᠳᠦᠷ᠂ ᠬᠥᠪᠡᠭᠡᠲᠦ ᠰᠢᠷ᠎ᠠ ᠬᠤᠰᠢᠭᠤᠨ ᠤ ᠠᠷᠠᠳ ᠤᠨ ᠡᠮᠨᠡᠯᠭᠡ ᠶᠢᠨ ᠬᠤᠷᠢᠶ᠎ᠠ ᠲᠤᠰᠬᠠᠢ ᠮᠡᠷᠭᠡᠵᠢᠯᠲᠡᠨ ᠢ ᠤᠷᠢᠵᠤ ᠤᠯᠠᠨ ᠲᠦᠮᠡᠨ ᠳᠤ ᠦᠢᠯᠡᠴᠢᠯᠡᠬᠦ ᠠᠵᠢᠯᠯᠠᠭ᠎ᠠ ᠥᠷᠨᠢᠭᠦᠯᠪᠡ᠃     ᠲᠤᠰᠬᠠᠢ ᠮᠡᠷᠭᠡᠵᠢᠯᠲᠡᠨ ᠢᠷᠡᠭᠦ ᠴᠢᠮᠡᠭᠡ ᠪᠠᠷ ᠡᠪᠡᠥᠡᠴᠢᠳᠡᠥᠡ ᠥᠷᠯᠥᠭᠡ ᠡᠷᠲᠡ ᠬᠤᠰᠢᠭᠤ ᠠᠷᠠᠳ ᠤᠨ ᠡᠮᠨᠡᠯᠭᠡ ᠶᠢᠨ ᠬᠤᠷᠢᠶ᠎ᠠ ᠳᠤ ᠢᠷᠡᠵᠥ᠂ ᠤᠡᠴᠠ ᠤᠷᠢᠠᠠᠰᠠᠠ ᠲᠤᠰᠬᠠᠢ ᠮᠡᠷᠭᠡᠵᠢᠯᠲᠡᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠯᠠᠨ ᠤᠯᠤᠰ ᠤᠨ ᠮᠣᠩᠭᠤᠯ ᠡᠮᠨᠡᠯᠭᠡ ᠶᠢᠨ ᠬᠤᠷᠢᠶᠠᠨ ᠤ ᠭᠡᠳᠡᠰᠦᠨ ᠤ ᠰᠠᠯᠠᠭᠠᠨ ᠤ ᠲᠤᠰᠬᠠᠶ ᠮᠡᠷᠭᠡᠵᠢᠯᠲᠡᠨ ᠸᠠᠩ ᠷᠧᠨ ᠪᠣᠯᠤᠨ ᠰᠢᠯᠢ ᠶᠢᠨ ᠭᠤᠤᠯ ᠠᠶᠢᠮᠠᠭ ᠤᠨ ᠲᠥᠪ ᠡᠮᠨᠡᠯᠭᠡ ᠶᠢᠨ ᠬᠤᠷᠢᠶᠠᠨ ᠤ ᠣᠨᠴᠠ ᠲᠣᠮᠢᠯᠠᠭᠰᠠᠨ ᠭᠠᠳᠠᠷ ᠰᠠᠯᠠᠭᠠᠠ ᠤ ᠲᠤᠰᠬᠠᠶ ᠮᠡᠷᠭᠡᠵᠢᠯᠲᠡᠨ ᠯᠢ ᠯᠢᠨ ᠤ ᠳ᠋ᠤᠭᠠᠷ ᠢ ᠠᠪᠴᠥ ᠡᠪᠡᠥᠡᠴᠢᠡ ᠢᠶᠠᠨ ᠦᠵᠡᠭᠦᠯᠪᠡ᠃ ᠲᠤᠰᠬᠠᠢ ᠮᠡᠷᠭᠡᠵᠢᠯᠲᠡᠳ ᠡᠪᠡᠳᠴᠢᠲᠡᠨ ᠤ ᠡᠪᠡᠳᠴᠢᠨ ᠡᠮᠭᠡᠭ ᠤᠨ ᠪᠠᠶᠢᠳᠠᠯ ᠢ ᠬᠦᠯᠢᠴᠡᠩᠭᠦᠶ ᠪᠠᠷ ᠰᠣᠨᠣᠰᠤᠭᠰᠠᠨ ᠪᠥᠭᠡᠳ ᠪᠠᠶᠢᠴᠠᠭᠠᠠ ᠦᠵᠡᠵᠥ᠂ ᠡᠪᠡᠳᠴᠢᠲᠡᠨ ᠤ ᠪᠣᠳᠠᠲᠠᠶ ᠪᠠᠶᠢᠳᠠᠯ ᠢ ᠦᠨᠳᠦᠰᠦᠯᠡᠨ ᠵᠦᠶ ᠵᠣᠬᠢᠰᠲᠠᠶ ᠡᠮᠴᠢᠯᠡᠭᠡᠨ ᠤ ᠰᠠᠨᠠᠭᠤᠯᠭ᠎ᠠ ᠪᠠ ᠡᠷᠡᠭᠦᠯ ᠮᠡᠨᠳᠦ ᠶᠢᠨ ᠵᠢᠯᠣᠭᠤᠳᠣᠯᠭ᠎ᠠ ᠬᠢᠪᠠ᠃     ᠬᠥᠪᠡᠭᠡᠲᠦ ᠰᠢᠷ᠎ᠠ ᠬᠤᠰᠢᠭᠤᠨ ᠤ ᠠᠷᠠᠳ ᠤᠨ ᠡᠮᠨᠡᠯᠭᠡ ᠶᠢᠨ ᠬᠤᠷᠢᠶᠠᠨ ᠤ ᠬᠤᠷᠢᠶᠠᠨ ᠳᠠᠷᠤᠭ᠎ᠠ ᠪᠠᠭᠠᠨ᠎ᠠ᠄ ︽ᠮᠠᠨ ᠤ ᠬᠤᠰᠢᠭᠤᠨ ᠤ ᠠᠷᠠᠳ ᠤᠨ ᠡᠮᠨᠡᠯᠭᠡ ᠶᠢᠨ ᠬᠤᠷᠢᠶ᠎ᠠ ᠨᠢ ᠪᠥᠬᠦ ᠰᠡᠳᠬᠢᠯ ᠪᠥᠬᠦ ᠵᠣᠷᠢᠭ ᠢᠶᠠᠷ ᠢᠶᠠᠨ ᠠᠷᠠᠳ ᠲᠦᠮᠡᠨ ᠳᠤ ᠦᠢᠯᠡᠴᠢᠯᠡᠬᠦ ᠣᠶᠢᠯᠠᠭᠠᠭᠳᠠᠬᠤᠨ ᠢᠶᠠᠷ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠡᠮᠨᠡᠯᠭᠡ ᠶᠢᠨ ᠬᠤᠷᠢᠶ᠎ᠠ᠂ ᠰᠢᠯᠢ ᠶᠢᠨ ᠭᠤᠤᠯ ᠠᠶᠢᠮᠠᠭ ᠤᠨ ᠲᠥᠪ ᠡᠮᠨᠡᠯᠭᠡ ᠶᠢᠨ ᠬᠤᠷᠢᠶ᠎ᠠ᠂ ᠰᠢᠯᠢ ᠶᠢᠨ ᠭᠤᠤᠯ ᠠᠶᠢᠮᠠᠭ ᠤᠨ ᠣᠯᠠᠨ ᠤᠯᠤᠰ ᠤᠨ ᠮᠣᠩᠭᠤᠯ ᠡᠮᠨᠡᠯᠭᠡ ᠶᠢᠨ ᠬᠤᠷᠢᠶ᠎ᠠ ᠠᠴᠠ ᠲᠤᠰᠬᠠᠶ ᠮᠡᠷᠭᠡᠵᠢᠯᠲᠡᠨ ᠤᠷᠢᠵᠤ᠂ ᠭᠠᠷᠠᠭ ᠤᠨ ᠠᠮᠠᠷᠠᠯᠲᠠ ᠶᠢᠨ ᠡᠳᠦᠷ ᠪᠠ ᠪᠠᠶᠠᠷ ᠳᠤᠷᠠᠰᠬᠠᠯ ᠤᠨ ᠡᠳᠦᠷ ᠢ ᠠᠰᠢᠭᠯᠠᠨ ᠡᠮᠴᠢᠯᠡᠭᠡ ᠬᠢᠵᠦ᠂ ᠣᠯᠠᠨ ᠲᠦᠮᠡᠨ ᠳᠤ ᠦᠢᠯᠡᠴᠢᠯᠡᠬᠦ ᠪᠠᠷ ᠪᠤᠢ᠃ ᠡᠨᠡ ᠤᠳᠠᠭ᠎ᠠ ᠲᠥᠪ ᠡᠮᠨᠡᠯᠭᠡ ᠶᠢᠨ ᠬᠤᠷᠢᠶᠠᠨ ᠤ ᠡᠯᠢᠭᠡ ᠰᠥᠰᠦᠨ ᠤ ᠭᠠᠳᠠᠷ ᠰᠠᠯᠠᠭᠠᠨ ᠤ ᠲᠤᠰᠬᠠᠶ ᠮᠡᠷᠭᠡᠵᠢᠯᠲᠡᠨ᠂ ᠬᠤᠳᠣᠭᠤᠳᠣ ᠭᠡᠳᠡᠰᠦᠨ ᠤ ᠭᠠᠳᠠᠷ ᠰᠠᠯᠠᠭᠠᠨ ᠤ ᠲᠤᠰᠬᠠᠶ ᠮᠡᠷᠭᠡᠵᠢᠯᠲᠡᠨ ᠢ ᠤᠷᠢᠵᠤ ᠮᠠᠨ ᠤ ᠡᠮᠨᠡᠯᠭᠡ ᠶᠢᠨ ᠬᠤᠷᠢᠶ᠎ᠠ ᠳᠤ ᠵᠢᠷᠭᠤᠭᠠᠨ ᠰᠠᠷ᠎ᠠ ᠡᠪᠡᠳᠴᠢᠨ ᠦᠵᠡᠬᠦ ᠪᠤᠯᠬᠤᠷ᠂ ᠡᠪᠡᠳᠴᠢᠲᠡᠨ ᠮᠠᠨ ᠤ ᠡᠮᠨᠡᠯᠭᠡ ᠳᠤ ᠢᠷᠡᠵᠦ ᠡᠮᠨᠡᠭᠦᠯᠵᠦ ᠪᠣᠯᠣᠨ᠎ᠠ︾ ᠭᠡᠵᠦ ᠶᠠᠷᠢᠯ᠎ᠠ᠃      ᠲᠣᠰ ᠤᠳᠠᠭᠠᠨ ᠤ ᠠᠵᠢᠯᠯᠠᠭ᠎ᠠ ᠨᠢ ᠮᠠᠨ ᠤ ᠬᠤᠰᠢᠭᠤᠨ ᠤ ᠣᠯᠠᠨ ᠲᠦᠮᠡᠨ ᠳᠤ ᠶᠡᠭᠡ ᠲᠥᠬᠦᠮ ᠦᠵᠡᠭᠦᠯᠵᠦ᠂ ᠡᠪᠡᠳᠴᠢᠲᠡᠨ ᠳᠤ ᠴᠢᠨᠠᠷ ᠰᠠᠶᠢᠲᠠᠶ ᠡᠮᠴᠢᠯᠡᠭᠡᠨ ᠤ ᠦᠢᠯᠡᠴᠢᠯᠡᠭᠡ ᠬᠦᠷᠲᠡᠭᠡᠵᠦ᠂ ᠣᠯᠠᠨ ᠲᠦᠮᠡᠨ ᠳᠤ ᠦᠨᠡᠨ ᠪᠣᠳᠠᠲᠠᠶ ᠠᠰᠢᠭ ᠬᠦᠷᠲᠡᠭᠡᠵᠦ᠂ ᠨᠠᠩ ᠴᠢᠨᠠᠷ ᠰᠠᠶᠢᠲᠠᠶ᠂ ᠲᠣᠭᠲᠠᠭᠤᠨ᠂ ᠳᠥᠭᠦᠮ ᠳᠥᠲᠡ ᠡᠮᠴᠢᠯᠡᠭᠡᠨ ᠤ ᠦᠢᠯᠡᠴᠢᠯᠡᠭᠡ ᠬᠠᠩᠭᠠᠭᠰᠠᠨ ᠪᠠᠶᠢᠨ᠎ᠠ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号