ᠬᠦᠪᠡᠭᠡᠲᠦ ᠰᠢᠷ᠎ᠠ ᠬᠤᠰᠢᠭᠤᠨ ᠤ ᠬᠡᠥᠭᠡᠥᠡ ᠪᠠᠭᠠᠴᠤᠳ ᠤᠨ ᠪᠡᠶ᠎ᠡ  ᠲᠠᠮᠢᠷ ᠤᠨ ᠪᠤᠯᠪᠠᠰᠤᠷᠠᠯ ᠤᠨ ᠠᠩᠭᠢ ᠶᠢᠨ ᠬᠢᠴᠢᠶᠡᠯ ᠡᠬᠢᠯᠡᠪᠡ
ᠨᠡᠶᠢᠲᠡᠯᠡᠭᠰᠡᠨ ᠴᠠᠭ᠄
2024/3/6
                 ᠬᠦᠪᠡᠭᠡᠲᠦ ᠰᠢᠷ᠎ᠠ ᠬᠤᠰᠢᠭᠤᠨ ᠤ ᠬᠡᠥᠭᠡᠥᠡ ᠪᠠᠭᠠᠴᠤᠳ ᠤᠨ ᠪᠡᠶ᠎ᠡ                  ᠲᠠᠮᠢᠷ ᠤᠨ ᠪᠤᠯᠪᠠᠰᠤᠷᠠᠯ ᠤᠨ ᠠᠩᠭᠢ ᠶᠢᠨ ᠬᠢᠴᠢᠶᠡᠯ ᠡᠬᠢᠯᠡᠪᠡ                                  ᠬᠠᠮ ᠵᠠᠭᠤᠴᠢᠯᠠᠭᠤᠷ ᠤᠨ ᠰᠤᠷᠪᠤᠯᠵᠢᠯᠠᠭᠴᠢ   ᠬᠠᠰᠭᠤᠸ᠎ᠠ ᠬᠠᠰᠪᠢᠯᠢᠭ᠌       ᠵᠠᠯᠠᠭᠤᠴᠤᠳ ᠪᠠᠭᠠᠴᠤᠳ ᠤᠨ ᠪᠡᠶ᠎ᠡ ᠶᠢᠨ ᠲᠠᠮᠢᠷ ᠤᠨ ᠪᠣᠯᠪᠠᠰᠤᠷᠠᠯ ᠤᠨ ᠰᠠᠶᠢᠨ ᠰᠠᠶᠢᠬᠠᠨ ᠳᠠᠳᠬᠠᠯ ᠪᠣᠯᠤᠨ ᠡᠷᠡᠭᠦᠯ ᠰᠠᠷᠠᠭᠤᠯ ᠠᠮᠢᠳᠤᠷᠠᠯ ᠤᠨ ᠠᠷᠭ᠎ᠠ ᠮᠠᠶ᠋ᠢᠭ ᠢ ᠭᠦᠮᠥᠵᠢᠭᠦᠯᠵᠥ᠂ ᠪᠡᠶ᠎ᠡ ᠮᠠᠬᠠᠪᠣᠳ ᠤᠨ ᠡᠷᠡᠭᠦᠯ ᠴᠢᠭᠢᠷᠠᠭ ᠤᠨ ᠬᠢᠷᠢ ᠬᠡᠮᠵᠢᠶ᠎ᠡ ᠶᠢ ᠪᠦᠬᠦ ᠲᠠᠯ᠎ᠠ ᠪᠠᠷ ᠳᠡᠭᠡᠭᠰᠢᠯᠡᠭᠦᠯᠬᠦ ᠶᠢᠨ ᠲᠤᠰᠠᠳᠠ᠂ 3 ᠰᠠᠷ᠎ᠠ ᠶᠢᠨ 2᠎ ᠤ ᠡᠳᠦᠷ᠂ ᠬᠥᠪᠡᠭᠡᠲᠦ ᠰᠢᠷ᠎ᠠ ᠬᠤᠰᠢᠭᠤᠨ ᠤ ᠰᠣᠶᠣᠯ ᠲᠠᠮᠢᠷ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ ᠠᠴᠠ ᠡᠷᠭᠢᠯᠡᠭᠰᠡᠨ ᠬᠥᠪᠡᠭᠡᠲᠦ ᠰᠢᠷ᠎ᠠ ᠬᠤᠰᠢᠭᠤᠨ ᠤ ᠬᠡᠥᠭᠡᠥᠡ ᠪᠠᠭᠠᠴᠤᠳ ᠤᠨ ᠪᠡᠶ᠎ᠡ ᠲᠠᠮᠢᠷ ᠤᠨ ᠪᠤᠯᠪᠠᠰᠤᠷᠠᠯ ᠤᠨ ᠠᠩᠭᠢ ᠶᠢ ᠡᠷᠬᠢᠯᠡᠪᠡ᠃     ᠪᠡᠶ᠎ᠡ ᠲᠠᠮᠢᠷ ᠤᠨ ᠪᠤᠯᠪᠠᠰᠤᠷᠠᠯ ᠤᠨ ᠠᠩᠭᠢ ᠳᠤ ᠣᠷᠣᠯᠴᠠᠭᠰᠠᠨ ᠬᠡᠤᠬᠡᠳ ᠤᠳ ᠳᠠᠰᠬᠠᠯᠵᠢᠭᠤᠯᠤᠭᠴᠢ ᠶᠢᠨ ᠵᠢᠯᠣᠭᠤᠳᠣᠯᠭ᠎ᠠ ᠳᠣᠤᠷ᠎ᠠ᠂ ᠲᠣᠭᠯᠠᠭᠠᠮ᠂ ᠲᠠᠮᠢᠷ ᠤᠨ ᠬᠥᠳᠡᠯᠭᠡᠭᠡᠨ ᠤ ᠲᠤᠰᠬᠠᠶ ᠵᠦᠢᠯ᠂ ᠤᠷᠤᠯᠳᠤᠭᠠᠨ ᠵᠡᠷᠭᠡ ᠵᠢᠭᠠᠨ ᠰᠤᠷᠭᠠᠯᠲᠠ ᠶᠢᠨ ᠬᠡᠯᠪᠡᠷᠢ ᠪᠠᠷ ᠪᠣᠯᠪᠠᠰᠤᠷᠠᠯ ᠬᠢᠵᠦ᠂ ᠭᠦᠳᠡᠯᠭᠡᠭᠡᠡ ᠤ ᠴᠢᠳᠠᠪᠤᠷᠢ᠂ ᠰᠤᠷᠤᠯᠴᠠᠬᠤ ᠴᠢᠳᠠᠪᠤᠷᠢ ᠵᠡᠷᠭᠡ  ᠶᠡᠷᠦᠩᠬᠡᠶᠢᠯᠡᠭᠰᠡᠨ ᠬᠥᠳᠡᠯᠭᠡᠭᠡᠨ ᠤ ᠲᠠᠯ᠎ᠠ ᠪᠠᠷ ᠬᠥᠮᠦᠵᠢᠯ ᠬᠦᠷᠲᠡᠭᠰᠡᠨ ᠪᠠᠶᠢᠨ᠎ᠠ᠃     ᠪᠡᠶ᠎ᠡ ᠲᠠᠮᠢᠷ ᠤᠨ ᠪᠤᠯᠪᠠᠰᠤᠷᠠᠯ ᠪᠣᠯ ᠬᠥᠳᠡᠯᠭᠡᠭᠡᠨ ᠤ ᠲᠥᠷᠥᠯ ᠵᠦᠢᠯ ᠢᠶᠠᠷ ᠳᠠᠮᠵᠢᠭᠤᠯᠤᠨ᠂ ᠬᠡᠦᠬᠡᠳ ᠢ ᠠᠳᠠᠯᠢ ᠪᠤᠰᠤ ᠦᠰᠦᠨ ᠪᠤᠶᠢᠵᠢᠯᠲᠠ ᠶᠢᠨ ᠱᠠᠲᠤᠨ ᠳᠤ ᠠᠳᠠᠯᠢ ᠪᠤᠰᠤ ᠬᠥᠳᠡᠯᠭᠡᠭᠡᠨ ᠤ ᠪᠣᠯᠪᠠᠰᠤᠷᠠᠯ ᠬᠦᠷᠲᠡᠭᠡᠵᠦ᠂ ᠡᠭᠦᠨ ᠤ ᠤᠯᠠᠮ ᠠᠴᠠ ᠬᠡᠦᠬᠡᠳ ᠤᠨ ᠪᠡᠶ᠎ᠡ ᠮᠠᠬᠠᠪᠣᠳ ᠤᠨ ᠬᠦᠴᠦᠨ᠂ ᠬᠤᠷᠳᠤᠴᠠ᠂ ᠠᠮᠢᠳᠤᠯᠢᠭ ᠴᠢᠨᠠᠷ᠂ ᠲᠡᠩᠴᠡᠭᠦᠷᠢᠲᠦ ᠴᠢᠨᠠᠷ ᠪᠠ ᠵᠣᠬᠢᠴᠠᠩᠭᠤᠶ ᠴᠢᠨᠠᠷ ᠵᠡᠷᠭᠡ ᠴᠢᠳᠠᠪᠤᠷᠢ ᠶᠢ ᠳᠡᠭᠡᠭᠰᠢᠯᠡᠭᠦᠯᠵᠦ᠂ ᠬᠥᠳᠡᠯᠭᠡᠭᠡᠨ ᠤ ᠳᠠᠳᠬᠠᠯ ᠲᠠᠢ ᠪᠣᠯᠭᠠᠬᠤ ᠪᠣᠯᠤᠨ᠎ᠠ᠃ ᠬᠥᠪᠡᠭᠡᠲᠦ ᠰᠢᠷ᠎ᠠ ᠬᠤᠰᠢᠭᠤᠨ ᠤ ᠰᠣᠶᠣᠯ ᠲᠠᠮᠢᠷ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ ᠡᠯ᠎ᠡ ᠵᠦᠢᠯ ᠤᠨ ᠪᠡᠶ᠎ᠡ ᠶᠢᠨ ᠲᠠᠮᠢᠷ ᠤᠨ ᠬᠥᠳᠡᠯᠭᠡᠭᠡᠨ ᠢ ᠰᠠᠶᠢᠳᠤᠷ ᠦᠷᠨᠢᠭᠦᠯᠵᠦ ᠪᠠᠭᠠᠴᠤᠳ ᠬᠡᠦᠬᠡᠳ ᠢ ᠬᠥᠲᠥᠯᠥᠨ ᠵᠢᠯᠣᠭᠤᠳᠴᠤ ᠪᠡᠶ᠎ᠡ ᠲᠠᠮᠢᠷ ᠤᠨ ᠬᠥᠳᠡᠯᠭᠡᠭᠡᠨ ᠳᠤ ᠢᠯᠡᠭᠦᠦ ᠤᠷᠤᠯᠴᠠᠭᠤᠯᠵᠤ᠂ ᠬᠡᠤᠬᠡᠳ ᠪᠠᠭᠠᠴᠤᠳ ᠢ ᠡᠷᠡᠭᠦᠯ ᠴᠢᠭᠢᠷᠠᠭ ᠪᠠᠶᠠᠷ ᠬᠥᠷ ᠲᠠᠢ ᠥᠰᠬᠡᠨ ᠪᠤᠶᠢᠵᠢᠬᠤ ᠶᠢ ᠠᠬᠢᠭᠤᠯᠵᠤ ᠪᠠᠶᠢᠨ᠎ᠠ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号