ᠮᠠᠨ ᠤ ᠠᠶᠢᠮᠠᠭ ᠬᠢᠯᠢ ᠬᠢᠵᠠᠭᠠᠷ ᠤᠷᠤᠨ ᠤ 4344 ᠮᠠᠯᠵᠢᠬᠤ ᠲᠠᠷᠢᠶᠠᠯᠠᠬᠤ ᠡᠷᠦᠬᠡ ᠳᠤ ᠤᠲᠠᠰᠦᠦᠬᠡᠢ ᠥᠷᠭᠡᠨ ᠪᠦᠰᠡᠲᠦ ᠰᠦᠯᠵᠢᠶ᠎ᠡ ᠨᠡᠪᠲᠡᠷᠡᠭᠦᠯᠪᠡ
ᠨᠡᠶᠢᠲᠡᠯᠡᠭᠰᠡᠨ ᠴᠠᠭ᠄
2024/3/6
ᠮᠠᠨ ᠤ ᠠᠶᠢᠮᠠᠭ ᠬᠢᠯᠢ ᠬᠢᠵᠠᠭᠠᠷ ᠤᠷᠤᠨ ᠤ 4344 ᠮᠠᠯᠵᠢᠬᠤ ᠲᠠᠷᠢᠶᠠᠯᠠᠬᠤ ᠡᠷᠦᠬᠡ ᠳᠤ ᠤᠲᠠᠰᠦᠦᠬᠡᠢ ᠥᠷᠭᠡᠨ ᠪᠦᠰᠡᠲᠦ ᠰᠦᠯᠵᠢᠶ᠎ᠡ ᠨᠡᠪᠲᠡᠷᠡᠭᠦᠯᠪᠡ    ᠨᠡᠶᠢᠲᠡᠯᠡᠭᠰᠡᠨ ᠴᠠᠭ᠄2024/1/16        ᠰᠤᠷᠪᠤᠯᠵᠢᠯᠠᠭᠴᠢ ᠠᠶᠢᠮᠠᠭ ᠤᠨ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ ᠠᠴᠠᠣᠶᠢᠯᠠᠭᠠᠭᠰᠠᠨ ᠢᠶᠠᠷ᠂ ᠮᠠᠨ ᠤ ᠠᠶᠢᠮᠠᠭ ᠦᠡᠭᠭᠡᠷᠡᠬᠦ ᠵᠢᠯ ᠪᠦᠬᠦ ᠣᠷᠣᠨ ᠳᠤ ᠮᠠᠯᠵᠢᠬᠤ ᠲᠠᠷᠢᠶᠠᠯᠠᠬᠤ ᠣᠷᠣᠨ ᠤᠴᠢᠮᠡᠭᠡ ᠬᠤᠯᠪᠤᠭᠠᠨ ᠤ ᠲᠤᠬᠢᠶ᠎ᠠ ᠦᠬᠡᠢ ᠡᠷᠦᠬᠡ ᠳᠤ ᠴᠢᠮᠡᠭᠡ ᠬᠤᠯᠪᠤᠭᠠᠨ ᠤ ᠲᠤᠬᠢᠶ᠎ᠠ ᠨᠡᠪᠲᠡᠷᠡᠭᠦᠯᠬᠦ ᠢᠨᠵᠧᠨᠧᠷᠢᠩ ᠢᠬᠡᠷᠡᠭᠵᠢᠬᠦᠯᠵᠦ᠂ ᠨᠡᠶᠢᠳᠡ 4344 ᠮᠠᠯᠵᠢᠬᠤ ᠲᠠᠷᠢᠶᠠᠯᠠᠬᠤ ᠡᠷᠦᠬᠡ ᠳᠤ ᠤᠲᠠᠰᠤ ᠦᠭᠡᠢ ᠥᠷᠭᠡᠨ ᠪᠦᠰᠡᠲᠦᠰᠦᠯᠵᠢᠶ᠎ᠡ ᠨᠡᠪᠲᠡᠷᠡᠭᠦᠯᠵᠦ᠂ ᠪᠦᠬᠦ ᠣᠷᠣᠨ ᠳᠤ ᠮᠠᠯᠵᠢᠬᠤ ᠲᠠᠷᠢᠶᠠᠯᠠᠬᠤ ᠣᠷᠣᠨ ᠳᠤ ᠤᠲᠠᠰᠤ ᠦᠭᠡᠢ ᠥᠷᠭᠡᠨᠪᠦᠰᠡᠲᠦ ᠰᠦᠯᠵᠢᠶ᠎ᠡ ᠶᠢ ᠪᠦᠬᠦᠨ ᠢ ᠪᠦᠷᠬᠦᠭᠦᠯᠬᠦ ᠶᠢ ᠬᠠᠮᠤᠭ ᠤᠨ ᠲᠦᠷᠦᠭᠦᠨ ᠳᠤ ᠪᠡᠶᠡᠯᠡᠭᠦᠯᠵᠡᠢ᠃          ᠬᠢᠯᠢ ᠬᠢᠵᠠᠭᠠᠷ ᠤᠷᠤᠨ ᠤ ᠮᠠᠯᠵᠢᠬᠤ ᠲᠠᠷᠢᠶᠠᠯᠠᠬᠤ ᠡᠷᠦᠬᠡ ᠳᠤ ᠥᠷᠭᠡᠨ ᠪᠦᠰᠡᠲᠦ ᠰᠦᠯᠵᠢᠶ᠎ᠡ ᠨᠡᠪᠲᠡᠷᠡᠭᠦᠯᠬᠦᠪᠠ ᠷᠠᠳᠢᠣ᠋ ᠲᠧᠯᠸᠢᠰ ᠤᠨ ᠲᠤᠬᠢᠶ᠎ᠠ ᠦᠬᠡᠢ ᠣᠷᠣᠨ ᠳᠤ ᠴᠢᠮᠡᠭᠡ ᠬᠤᠯᠪᠤᠭᠠᠨ ᠤ ᠲᠤᠬᠢᠶ᠎ᠠ ᠶᠢ ᠪᠦᠷᠬᠦᠭᠦᠯᠬᠦ ᠶᠢᠨᠲᠥᠯᠥᠭᠡ᠂ 2022 ᠣᠨ ᠠᠴᠠ ᠡᠬᠢᠯᠡᠨ᠂ ᠮᠠᠨ ᠤ ᠠᠶᠢᠮᠠᠭ 8254  ᠲᠦᠮᠡᠨ  ᠲᠥᠭᠦᠷᠢᠭ  ᠤᠨ ᠪᠡᠯᠡᠣᠷᠣᠭᠤᠯᠵᠤ᠂ ᠣᠳᠣ ᠶᠢᠨ ᠪᠠᠶᠢᠭ᠎ᠠ ᠷᠠᠳᠢᠣ᠋ ᠲᠧᠯᠸᠢᠰ ᠤᠨ ᠰᠦᠯᠵᠢᠶ᠎ᠡ ᠶᠢ ᠠᠰᠢᠭᠯᠠᠬᠤ ᠶᠢᠨ ᠬᠠᠮᠲᠦ ᠮᠡᠷᠭᠡᠵᠢᠯ ᠤᠨᠠᠷᠭ᠎ᠠ ᠪᠠᠷᠢᠯ ᠢᠶᠠᠷ ᠳᠠᠮᠵᠢᠭᠤᠯᠤᠨ᠂ ᠰᠢᠯᠢ ᠶᠢᠨ ᠬᠤᠲᠠ᠂ ᠠᠪᠠᠭ᠎ᠠ ᠬᠤᠰᠢᠭᠤ᠂ ᠵᠡᠭᠦᠨ ᠦᠵᠦᠮᠦᠴᠢᠨ ᠬᠤᠰᠢᠭᠤ᠂ᠪᠠᠷᠠᠭᠤᠨ ᠦᠵᠦᠮᠦᠴᠢᠨ ᠬᠤᠰᠢᠭᠤ᠂ ᠰᠢᠯᠤᠭᠤᠨ ᠬᠥᠪᠡᠭᠡᠲᠦ ᠴᠠᠭᠠᠨ ᠬᠤᠰᠢᠭᠤ᠂ ᠰᠥᠨᠢᠳ ᠪᠠᠷᠠᠭᠤᠨ ᠬᠤᠰᠢᠭᠤ᠂ᠰᠥᠨᠢᠳ ᠵᠡᠭᠦᠨ ᠬᠤᠰᠢᠭᠤ᠂ ᠬᠥᠪᠡᠭᠡᠲᠦ ᠰᠢᠷ᠎ᠠ ᠬᠤᠰᠢᠭᠤ᠂ ᠰᠢᠯᠤᠭᠤᠨ ᠬᠥᠬᠡ ᠬᠤᠰᠢᠭᠤ᠂ ᠤᠯᠠᠭᠠᠢᠬᠠᠮᠢᠶᠠᠷᠤᠯᠲᠠ ᠶᠢᠨ ᠣᠷᠣᠨ᠂ ᠡᠷᠢᠶᠡᠨ ᠬᠤᠲᠠ ᠵᠡᠷᠭᠡ 11 ᠮᠠᠯᠵᠢᠬᠤ ᠬᠤᠰᠢᠭᠤ ᠬᠤᠲᠠ ︵ᠤᠷᠤᠨ︶ ᠶᠢᠨ4344 ᠮᠠᠯᠵᠢᠬᠤ ᠲᠠᠷᠢᠶᠠᠯᠠᠬᠤ ᠡᠷᠦᠬᠡ ᠳᠤ ᠤᠲᠠᠰᠤ ᠦᠭᠡᠢ ᠥᠷᠭᠡᠨ ᠪᠦᠰᠡᠲᠦ ᠰᠦᠯᠵᠢᠶ᠎ᠡ ᠨᠡᠪᠲᠡᠷᠡᠭᠦᠯᠵᠦ᠂ᠨᠡᠶᠢᠲᠡ 62 ᠤᠲᠠᠰᠤ ᠦᠭᠡᠢ ᠭᠤᠣᠯ ᠥᠷᠲᠡᠭᠡ᠂ 392 ᠳᠠᠮᠵᠢᠭᠤᠯᠤᠨ ᠲᠠᠷᠬᠠᠭᠠᠬᠤ ᠥᠷᠲᠡᠭᠡ ᠪᠠᠶᠢᠭᠤᠯᠵᠤ᠂876  ᠺᠢᠯᠤᠮᠧᠲᠷ ᠤᠨ ᠭᠡᠷᠡᠯᠯᠢᠭ ᠤᠲᠠᠰᠦ ᠲᠠᠲᠠᠵᠦ᠂ 56  ᠰᠠᠭᠤᠷᠢ  ᠥᠷᠲᠡᠭᠡ  ᠶᠢᠨ ᠪᠠᠭᠲᠠᠭᠠᠮᠵᠢ ᠶᠢᠥᠷᠭᠡᠳᠬᠡᠠ᠂ ᠭᠠᠷ ᠤᠲᠠᠰᠤᠨ ᠤ ᠳᠣᠬᠢᠶ᠎ᠠ  ᠦᠭᠡᠢ ᠣᠷᠣᠨ ᠤ ᠬᠡᠷᠡᠭᠯᠡᠭᠴᠢ ᠳᠤ ᠥᠷᠭᠡᠨ ᠪᠦᠰᠡᠲᠦ ᠰᠦᠯᠵᠢᠶ᠎ᠡ ᠶᠢᠨᠪᠦᠷᠬᠦᠭᠦᠯᠭᠦ ᠰᠢᠰᠲ᠋ᠧᠮ ᠢ ᠪᠦᠷᠢᠯᠳᠦᠭᠦᠯᠵᠦ ᠦᠭᠴᠠᠢ᠃         ᠠᠶᠢᠮᠠᠭ ᠤᠨ ᠭᠤᠣᠯᠳᠠᠯᠭ᠎ᠠ ᠲᠠᠢ ᠵᠠᠰᠠᠮᠠᠯ ᠵᠠᠮ ᠳᠠᠭᠠᠤ ᠶᠢᠨ ᠭᠠᠵᠠᠷ ᠤᠷᠤᠨ ᠤ ᠭᠠᠷ ᠤᠲᠠᠰᠤᠨ ᠤ ᠳᠣᠬᠢᠶ᠎ᠠᠠᠨᠠᠢ᠂ ᠲᠣᠭᠲᠠᠭᠤᠨ ᠪᠤᠰᠤ᠂ ᠴᠢᠮᠡᠭᠡ ᠬᠤᠯᠪᠣᠭᠠᠨ ᠤ ᠲᠤᠬᠢᠶ᠎ᠠ ᠨᠡᠪᠲᠡᠷᠡᠵᠦ ᠲᠡᠶᠢᠯᠦᠭᠡ ᠦᠬᠡᠢ ᠪᠠᠶᠢᠬᠤ ᠵᠡᠷᠭᠡᠠᠰᠠᠭᠤᠳᠠᠯ ᠳᠤ ᠴᠢᠭᠯᠡᠭᠦᠯᠦᠨ᠂ 2022 ᠣᠨ  ᠠᠴᠠ ᠨᠠᠭᠠᠰᠢ᠂ ᠮᠠᠨ ᠤ ᠠᠶᠢᠮᠠᠭ ᠤᠯᠤᠰ ᠮᠤᠵᠢ ᠶᠢᠨ ᠵᠠᠰᠠᠮᠠᠯᠵᠠᠮ ᠤᠨ ᠭᠤᠣᠯ ᠱᠤᠭᠤᠮ ︵ᠬᠤᠶᠠᠳᠤᠭᠠᠷ ᠳᠡᠰ  ᠠᠴᠠ ᠳᠡᠭᠡᠭᠰᠢᠬᠢ︶  ᠤᠨ ᠴᠢᠮᠡᠭᠡ ᠬᠤᠯᠪᠣᠭᠠᠨ ᠤ ᠲᠤᠬᠢᠶ᠎ᠠᠦᠬᠡᠢ ᠬᠡᠰᠡᠭ ᠲᠤ ᠴᠢᠮᠡᠭᠡ ᠬᠤᠯᠪᠤᠭᠠᠨ ᠤ ᠲᠤᠬᠢᠶ᠎ᠠ ᠨᠡᠪᠲᠡᠷᠡᠭᠦᠯᠬᠦ ᠲᠥᠯᠥᠪᠯᠡᠭᠡ ᠶᠢ ᠡᠬᠢᠯᠡᠨ ᠬᠡᠷᠡᠭᠵᠢᠭᠦᠯᠵᠦ᠂ᠨᠡᠶᠢᠲᠡ 12413 ᠲᠦᠮᠡᠨ ᠲᠥᠭᠦᠷᠢᠭ ᠤᠨ ᠪᠡᠯᠡ ᠣᠷᠣᠭᠤᠯᠵᠤ᠂ ᠪᠥᠬᠦ ᠠᠶᠢᠮᠠᠭ ᠤᠨ 19 ᠭᠤᠣᠯ ᠪᠣᠯᠬᠤᠵᠠᠰᠠᠮᠠᠯ ᠵᠠᠮ ᠤᠨ ᠭᠤᠣᠯ ᠱᠤᠭᠤᠮ ᠳᠤ 102 ᠴᠢᠮᠡᠭᠡ ᠬᠤᠯᠪᠣᠭᠠᠨ ᠤ ᠰᠠᠭᠤᠷᠢ ᠥᠷᠲᠡᠭᠡ ᠶᠢ ᠰᠢᠨ᠎ᠡ ᠪᠠᠷᠪᠠᠶᠢᠭᠤᠯᠵᠤ᠂ 60 ᠴᠢᠮᠡᠭᠡ ᠬᠤᠯᠪᠣᠭᠠᠨ ᠤ ᠰᠠᠭᠤᠷᠢ ᠥᠷᠲᠡᠭᠡ ᠶᠢ ᠥᠭᠡᠷᠡᠴᠢᠯᠡᠨ ᠪᠠᠶᠢᠭᠤᠯᠵᠤ᠂ ᠵᠠᠮᠬᠠᠷᠢᠯᠴᠠᠭᠠᠨ ᠤ ᠱᠤᠭᠤᠮ ᠳᠠᠭᠠᠤ ᠶᠢᠨ ᠴᠢᠮᠡᠭᠡ ᠬᠤᠯᠪᠣᠭᠠᠨ ᠤ ᠲᠤᠬᠢᠶ᠎ᠠ ᠦᠬᠡᠢ ᠨᠡᠶᠢᠲᠡ 129 ᠬᠡᠰᠡᠭ ᠲᠤ ᠴᠢᠮᠡᠭᠡᠬᠤᠯᠪᠤᠭᠠᠨ ᠤ ᠲᠤᠬᠢᠶ᠎ᠠ ᠨᠡᠪᠲᠡᠷᠡᠭᠦᠯᠵᠦ᠂ ᠤᠯᠤᠰ ᠮᠤᠵᠢ ᠶᠢᠨ ᠵᠠᠰᠠᠮᠠᠯ ᠵᠠᠮ ᠤᠨ ᠭᠤᠣᠯ ᠱᠤᠭᠤᠮ ︵ᠬᠤᠶᠠᠳᠤᠭᠠᠷᠳᠡᠰ ᠠᠴᠠ ᠳᠡᠭᠡᠭᠰᠢᠬᠢ︶ ᠳᠤ ᠴᠢᠮᠡᠭᠡ ᠬᠤᠯᠪᠣᠭᠠᠨ ᠤ ᠳᠣᠬᠢᠶ᠎ᠠ ᠶᠢ ᠪᠦᠲᠦᠮᠵᠢᠲᠡᠶ ᠪᠦᠷᠬᠦᠭᠦᠯᠪᠡ᠃    ᠢᠷᠡᠯᠲᠡ᠄ ᠰᠢᠯᠢ ᠶᠢᠨ ᠭᠤᠣᠯ ᠠᠶᠢᠮᠠᠭ ᠤᠨ ᠵᠠᠬᠢᠷᠭ᠎ᠠ ᠶᠢᠨ ᠮᠣᠩᠭᠤᠯ ᠰᠦᠯᠵᠢᠶ᠎ᠡ   
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号