ᠯᠸᠢ ᠹᠧᠩ ᠠᠴᠠ ᠰᠤᠷᠤᠯᠴᠠᠬᠤ ᠰᠠᠶᠢᠨ ᠳᠤᠷ᠎ᠠ ᠶᠢᠨ | ᠦᠢᠯᠡᠴᠢᠯᠡᠭᠡᠨ ᠤ ᠠᠵᠢᠯᠯᠠᠭ᠎ᠠ ᠦᠷᠨᠢᠭᠦᠯᠪᠡ | ᠰᠤᠷᠪᠤᠯᠵᠢᠯᠠᠭᠴᠢ ᠵᠤᠨ᠎ᠠ ᠬᠠᠰᠪᠢᠯᠢᠭ᠌ | ᠯᠧᠢ ᠹᠧᠩ ᠤᠨ ᠵᠣᠷᠢᠭ ᠰᠠᠨᠠᠭ᠎ᠠ ᠶᠢ ᠪᠠᠳᠠᠷᠠᠭᠤᠯᠵᠤ᠂ ᠰᠢᠯᠢᠳᠡᠭ ᠤᠯᠠᠮᠵᠢᠯᠠᠯ ᠢ ᠦᠢᠯᠡᠳᠦᠯᠭᠡᠵᠢᠭᠦᠯᠬᠦ ᠶᠢᠨ | ᠲᠥᠯᠥᠭᠡ᠂ 3 ᠰᠠᠷ᠎ᠠ ᠶᠢᠨ 4 ᠤ ᠡᠳᠦᠷ ᠤᠨ ᠦᠳᠡ ᠶᠢᠨ ᠬᠤᠶᠢᠨ᠎ᠠ᠂ ᠮᠠᠨ ᠤ ᠬᠤᠰᠢᠭᠤᠨ ᠤ ᠮᠠᠨᠳᠤᠯ᠎ᠠ ᠨᠡᠶᠢᠭᠡᠮ | ᠲᠣᠭᠤᠷᠢᠭ ᠨᠢ ᠵᠡᠪᠰᠡᠭᠲᠦ ᠴᠠᠭᠳᠠᠭ᠎ᠠ ᠶᠢᠨ ᠳᠤᠮᠳᠠ ᠠᠩᠭᠢ ᠲᠠᠢ ᠬᠠᠮᠲᠤᠷᠠᠨ ᠬᠤᠰᠢᠭᠤᠨ ᠤ ᠨᠠᠰᠤᠲᠠᠨ ᠢ ᠠᠰᠠᠷᠠᠬᠤ | ᠬᠦᠷᠢᠶᠡᠯᠡᠩ ᠳᠤ ᠬᠦᠷᠴᠦ ᠯᠸᠢ ᠹᠧᠩ ᠠᠴᠠ ᠰᠤᠷᠤᠯᠴᠠᠬᠤ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ | ᠥᠷᠨᠢᠭᠦᠯᠵᠦ᠂ ᠪᠣᠳᠠᠲᠤ ᠠᠵᠢᠯᠯᠠᠭ᠎ᠠ ᠪᠠᠷ ᠢᠶᠠᠨ ᠨᠠᠰᠤᠲᠠᠶᠢᠴᠤᠳ ᠲᠤ ᠬᠠᠶᠢᠷ᠎ᠠ ᠬᠠᠯᠠᠮᠵᠢ | ᠬᠦᠷᠭᠡᠵᠡᠢ᠃ | ᠠᠵᠢᠯᠯᠠᠭ᠎ᠠ ᠳᠤ᠂ ᠰᠠᠶᠢᠨ ᠳᠤᠷᠠᠴᠢᠳ ᠨᠠᠰᠤᠲᠠᠨ ᠢ ᠠᠰᠠᠷᠠᠬᠤ ᠬᠦᠷᠢᠶᠡᠯᠡᠩ ᠤᠨ ᠨᠠᠰᠤᠲᠠᠶᠢᠴᠤᠳ ᠲᠠᠢ | ᠵᠣᠭᠤᠭ ᠳᠡᠯᠭᠡᠵᠦ᠂ ᠨᠠᠰᠤᠲᠠᠶᠢᠴᠤᠳ ᠤᠨ ᠦᠰᠥ ᠬᠢᠮᠤᠰᠤ ᠶᠢ ᠨᠢ ᠵᠠᠰᠠᠵᠤ ᠭᠡᠷ ᠤᠷᠤᠨ ᠢ ᠨᠢ ᠴᠡᠪᠡᠷᠯᠡᠨ᠂ | ᠨᠠᠰᠤᠲᠠᠶᠢᠴᠤᠳ ᠲᠤ ᠶᠡᠭᠡ ᠭᠡᠷ ᠪᠦᠯᠢ ᠶᠢᠨ ᠬᠠᠯᠠᠭᠤᠨ ᠳᠤᠯᠠᠭᠠᠨ ᠢ ᠦᠨᠡᠨ ᠬᠦ ᠮᠡᠳᠡᠷᠡᠭᠦᠯᠵᠡᠢ᠃ | ᠲᠣᠰ ᠤᠳᠠᠭᠠᠨ ᠤ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠪᠠᠷ ᠳᠡᠮᠵᠢᠨ᠂ ᠨᠠᠰᠤᠲᠠᠶᠢᠴᠤᠳ ᠲᠤ | ᠬᠠᠶᠢᠷ᠎ᠠ ᠬᠠᠯᠠᠮᠵᠢ ᠬᠦᠷᠭᠡᠭᠰᠡᠨ ᠢᠶᠠᠷ ᠪᠠᠷᠠᠬᠤ ᠥᠬᠡᠶ᠂ ᠪᠥᠬᠦ ᠬᠤᠰᠢᠭᠤᠨ ᠳᠤ ᠯᠸᠢ ᠹᠧᠩ ᠠᠴᠠ ᠰᠤᠷᠤᠯᠴᠠᠬᠤ | ᠬᠠᠯᠠᠭᠤᠨ ᠥᠷᠨᠢᠯᠲᠡ ᠭᠠᠷᠭᠠᠵᠠᠢ᠃ | |