ᠪᠥᠬᠦ ᠠᠶᠢᠮᠠᠭ ᠤᠨ 72.13 ᠲᠦᠮᠡᠨ ᠭᠦᠮᠦᠨ ᠦᠨᠳᠦᠰᠦᠨ ᠨᠠᠰᠤᠵᠢᠯ ᠤᠨ ᠠᠰᠠᠷᠠᠮᠵᠢ ᠶᠢᠨᠳᠠᠭᠠᠳᠬᠠᠯ ᠳᠤ ᠤᠷᠤᠯᠴᠠᠪᠠ
ᠨᠡᠶᠢᠲᠡᠯᠡᠭᠰᠡᠨ ᠴᠠᠭ᠄
2024/3/6
ᠪᠥᠬᠦ ᠠᠶᠢᠮᠠᠭ ᠤᠨ 72.13 ᠲᠦᠮᠡᠨ ᠭᠦᠮᠦᠨ ᠦᠨᠳᠦᠰᠦᠨ ᠨᠠᠰᠤᠵᠢᠯ ᠤᠨ ᠠᠰᠠᠷᠠᠮᠵᠢ ᠶᠢᠨᠳᠠᠭᠠᠳᠬᠠᠯ ᠳᠤ ᠤᠷᠤᠯᠴᠠᠪᠠ    ᠨᠡᠶᠢᠲᠡᠯᠡᠭᠰᠡᠨ ᠴᠠᠭ᠄2024/1/25    ᠰᠤᠷᠪᠤᠯᠵᠢᠯᠠᠭᠴᠢ ᠠᠶᠢᠮᠠᠭ ᠤᠨ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨᠲᠣᠪᠴᠢᠶ᠎ᠠ ᠠᠴᠠ ᠣᠶᠢᠯᠠᠭᠠᠭᠰᠠᠨ ᠢᠶᠠᠷ᠂ 2023 ᠣᠨ ᠤ 11 ᠰᠠᠷ᠎ᠠ ᠶᠢᠨ ᠰᠡᠭᠦᠯᠴᠢ ᠪᠣᠯᠲᠠᠯ᠎ᠠ᠂ ᠪᠦᠬᠦᠠᠶᠢᠮᠠᠭ ᠤᠨ ᠦᠨᠳᠦᠰᠦᠨ ᠨᠠᠰᠤᠵᠢᠯ ᠤᠨ ᠠᠰᠠᠷᠠᠮᠵᠢ ᠶᠢᠨ ᠳᠠᠭᠠᠳᠬᠠᠯ᠂ ᠠᠵᠢᠯ ᠠᠴᠠ ᠪᠣᠯᠤᠭᠰᠠᠨ ᠭᠡᠮᠳᠤᠯ ᠤᠨᠳᠠᠭᠠᠳᠬᠠᠯ᠂ ᠠᠵᠢᠯ ᠠᠯᠳᠠᠯᠲᠠ ᠶᠢᠨ ᠳᠠᠭᠠᠳᠬᠠᠯ ᠳᠤ ᠣᠷᠣᠯᠴᠠᠭᠰᠠᠨ ᠬᠥᠮᠥᠨ ᠤ ᠲᠤᠭ᠎ᠠ ᠲᠤᠰ ᠲᠤᠰ 72.13ᠲᠦᠮᠡ᠂ 15.06 ᠲᠦᠮᠡᠨ ᠬᠥᠮᠥᠨ ᠪᠠ 12.5 ᠲᠦᠮᠡᠨ ᠬᠥᠮᠥᠨ ᠳᠤ ᠬᠦᠷᠴᠡᠢ᠃     2023 ᠣᠨ ᠳᠤ ᠡᠯ᠎ᠡ ᠲᠥᠷᠥᠯ ᠤᠨ ᠬᠠᠷᠠᠭᠠᠯᠵᠠᠯ ᠭᠥᠷᠳᠡᠬᠦ ᠬᠥᠮᠥᠰ ᠲᠤ ᠨᠡᠶᠢᠲᠡ 57.76 ᠳ᠋ᠦᠩᠰᠢᠭᠤᠷᠲᠥᠭᠦᠷᠢᠭ ᠤᠨ ᠨᠠᠰᠤᠵᠢᠯ ᠤᠨ ᠠᠰᠠᠷᠠᠮᠵᠢ ᠶᠢᠨ ᠮᠥᠩᠭᠦ ᠶᠢ ᠴᠠᠭ ᠲᠤᠬᠠᠢ ᠳᠤᠨᠢ ᠲᠤᠭ᠎ᠠ ᠶᠣᠰᠣᠭᠠᠷ ᠭᠦᠢᠴᠡᠳᠥᠭᠴᠦ᠂ ᠣᠨᠴᠠ ᠬᠦᠴᠢᠷᠳᠡᠯᠲᠡᠢ ᠬᠥᠮᠥᠰ ᠲᠤ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ ᠵᠠᠷᠤᠳᠠᠯ ᠢ 272.59 ᠲᠦᠮᠡᠨ ᠲᠥᠭᠦᠷᠢᠭ ᠣᠷᠣᠯᠠᠨ ᠲᠤᠰᠢᠶᠠᠵᠤᠥᠭᠴᠡᠢ᠃        2023 ᠣᠨ ᠳᠤ᠂ ᠮᠠᠨ  ᠤ  ᠠᠶᠢᠮᠠᠭ  ᠳᠦᠷᠢᠮ  ᠤᠨ  ᠥᠭᠡᠷᠡᠴᠢᠯᠡᠯᠲᠡ ᠪᠠᠷ ᠵᠢᠯᠣᠭᠤᠳᠤᠮᠵᠢᠪᠣᠯᠭᠠᠬᠤ ᠶᠢ ᠪᠠᠷᠢᠮᠲᠠᠯᠠᠵᠤ᠂ ᠪᠥᠬᠦ ᠠᠷᠠᠳ ᠢᠶᠠᠷ ᠢᠶᠠᠨ ᠳᠠᠭᠠᠳᠬᠠᠯ ᠳᠤ ᠣᠷᠣᠯᠴᠠᠬᠤ ᠲᠥᠯᠥᠪᠯᠡᠭᠡ ᠶᠢ ᠦᠷᠭᠦᠯᠵᠢᠯᠡᠨᠠᠬᠢᠭᠤᠯᠵᠤ᠂ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠨᠠᠰᠤᠵᠢᠯ ᠤᠨ ᠠᠰᠠᠷᠠᠮᠵᠢ ᠶᠢᠨᠳᠠᠭᠠᠳᠬᠠᠯ ᠳᠤ ᠭᠠᠴᠠᠭ᠎ᠠ ᠲᠣᠰᠬᠤᠨ ᠤ ᠬᠠᠮᠲᠤ ᠶᠢᠨ ᠠᠵᠤ ᠠᠬᠤᠢ ᠶᠢᠨ ᠵᠣᠬᠢᠶᠠᠨ ᠪᠠᠶᠢᠭᠤᠯᠤᠯᠲᠠ ᠠᠴᠠ ᠨᠥᠬᠦᠪᠦᠷᠢᠤᠯᠭᠤᠬᠤ ᠲᠤᠷᠰᠢᠯᠲᠠ ᠶᠢᠨ ᠴᠡᠭ ᠤᠨ ᠠᠵᠢᠯ ᠢ ᠤᠷᠢᠳᠠᠪᠠᠷ ᠥᠷᠨᠢᠭᠦᠯᠵᠦ᠂ ᠵᠡᠭᠦᠨ ᠦᠵᠦᠮᠦᠴᠢᠨ ᠬᠤᠰᠢᠭᠤ᠂ᠪᠠᠷᠠᠭᠤᠨ ᠦᠵᠦᠮᠦᠴᠢᠨ ᠬᠤᠰᠢᠭᠤ ᠪᠠᠷ ᠲᠤᠷᠰᠢᠯᠲᠠ ᠶᠢᠨ ᠴᠡᠭ ᠪᠤᠯᠭᠠᠨ᠂ ᠭᠠᠴᠠᠭ᠎ᠠ ᠲᠣᠰᠬᠤᠨ ᠤ ᠬᠠᠮᠲᠤ ᠶᠢᠨᠠᠵᠤ ᠠᠬᠤᠢ ᠶᠢᠨ ᠵᠣᠬᠢᠶᠠᠨ ᠪᠠᠶᠢᠭᠤᠯᠤᠯᠲᠠ ᠶᠢᠨ ᠵᠢᠯ ᠤᠨ ᠣᠷᠣᠯᠭ᠎ᠠ ᠨᠢ 50 ᠲᠦᠮᠡᠨ ᠲᠥᠭᠦᠷᠢᠭ ᠢ ᠳᠠᠪᠠᠭᠰᠠᠨ50 ᠭᠠᠴᠠᠭ᠎ᠠ ᠶᠢ ᠳᠠᠶᠢᠴᠢᠯᠠᠨ ᠨᠥᠬᠦᠪᠦᠷᠢ ᠤᠯᠭᠤᠬᠤ ᠶᠢᠨ ᠬᠠᠮᠲᠤ ᠭᠠᠶᠢᠯᠢ ᠶᠢᠨ ᠶᠠᠪᠤᠳᠠᠯ᠂ ᠡᠳ᠋ ᠤᠨ ᠵᠠᠰᠠᠭ᠂ᠲᠠᠷᠢᠶᠠᠯᠠᠩ ᠮᠠᠯ ᠠᠵᠤ ᠠᠬᠤᠢ ᠵᠡᠷᠭᠡ ᠰᠠᠯᠠᠭ᠎ᠠ ᠮᠥᠴᠢᠷ ᠲᠠᠢ ᠬᠦᠴᠦ ᠪᠠᠨ ᠬᠠᠮᠲᠤᠳᠬᠠᠨ ᠠᠵᠢᠯ ᠢᠶᠠᠨ ᠠᠬᠢᠭᠤᠯᠪᠠ᠃ᠣᠳᠣᠬᠠᠨ ᠳᠤ᠂ ᠲᠤᠷᠰᠢᠯᠲᠠ ᠶᠢᠨ ᠭᠠᠵᠠᠷ ᠣᠷᠣᠨ ᠤ 18 ᠭᠠᠴᠠᠭ᠎ᠠ ᠳᠤ ᠨᠢᠭᠡᠨᠲᠡ ᠨᠥᠬᠦᠪᠦᠷᠢ ᠣᠯᠭᠤᠬᠤᠪᠠᠷᠢᠮᠵᠢᠶ᠎ᠠ ᠶᠢ ᠲᠣᠭᠲᠠᠭᠠᠵᠤ᠂ 3000 ᠭᠠᠷᠤᠢ ᠬᠥᠮᠥᠨ ᠳᠤ ᠬᠤᠯᠪᠣᠭᠳᠠᠵᠠᠢ᠂ ᠡᠭᠦᠨ ᠳᠤ ᠵᠡᠭᠦᠨ ᠦᠵᠦᠮᠦᠴᠢᠨᠬᠤᠰᠢᠭᠤᠨ ᠤ ᠰᠠᠮᠠᠢ ᠰᠤᠮᠤ ᠶᠢᠨ ᠪᠠᠶᠠᠨᠭᠦ᠋ᠭᠡᠪᠦᠷ ᠭᠠᠴᠠᠭ᠎ᠠ ᠬᠠᠮᠲᠤ ᠶᠢᠨ ᠠᠵᠤ ᠠᠬᠤᠢ ᠶᠢᠨ ᠤᠷᠤᠯᠭ᠎ᠠ ᠠᠴᠠ ᠪᠠᠨ152 ᠬᠥᠮᠥᠨ ᠳᠤ 15200 ᠲᠥᠭᠦᠷᠢᠭ ᠤᠨ ᠨᠥᠬᠦᠪᠦᠷᠢ   ᠤᠯᠭᠤᠬᠤ ᠶᠢ ᠪᠡᠶᠡᠯᠡᠭᠦᠯᠵᠡᠢ᠃       ᠬᠢᠯᠢ ᠬᠢᠵᠠᠭᠠᠷ ᠣᠷᠣᠨ ᠤ ᠬᠥᠮᠥᠨ ᠤ ᠬᠦᠴᠦᠨ ᠤ ᠡᠬᠢ ᠪᠠᠶᠠᠯᠢᠭ ᠪᠡ ᠨᠡᠶᠢᠭᠡᠮ ᠤᠨ ᠪᠠᠲᠤᠯᠠᠭ᠎ᠠ ᠶᠢᠨᠦᠢᠯᠡᠰ ᠤᠨ ᠴᠢᠨᠠᠷ ᠰᠠᠶᠢᠳᠠᠢ ᠭᠦᠭᠵᠢᠯᠳᠡ ᠶᠢ ᠠᠬᠢᠭᠤᠯᠬᠤ ᠶᠢᠨ ᠲᠦᠯᠦᠭᠡ᠂ ︽ᠰᠢᠯᠢ ᠶᠢᠨ ᠭᠤᠣᠯ ᠠᠶᠢᠮᠠᠭ ᠤᠨᠬᠢᠯᠢ ᠬᠢᠵᠠᠭᠠᠷ ᠣᠷᠣᠨ ᠤ 2023 — 2025 ᠣᠨ ᠤ ᠬᠤᠲᠠ ᠬᠥᠳᠡᠭᠡ ᠶᠢᠨ ᠰᠠᠭᠤᠭᠠᠯᠢ ᠠᠷᠠᠳ ᠤᠨᠦᠨᠳᠦᠰᠦᠨ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠳᠤ ᠣᠷᠣᠯᠴᠠᠬᠤ ᠬᠡᠪᠴᠢᠶ᠎ᠡ ᠶᠢ ᠥᠷᠭᠡᠳᠬᠡᠬᠦ ᠲᠥᠯᠥᠪᠯᠡᠭᠡ︾ ᠶᠢ ᠨᠡᠶᠢᠲᠡᠯᠡᠵᠦ᠂ ᠬᠢᠯᠢ ᠬᠢᠵᠠᠭᠠᠷ ᠣᠷᠣᠨ ᠤ ᠭᠤᠷᠪᠠᠨ ᠵᠢᠯ ᠤᠨ ᠳᠠᠭᠠᠳᠬᠠᠯ ᠳᠤ ᠣᠷᠣᠯᠴᠠᠬᠤ ᠬᠡᠪᠴᠢᠶ᠎ᠡ ᠶᠢᠥᠷᠭᠡᠳᠬᠡᠬᠦ ᠬᠠᠷᠠᠯᠲᠠ ᠡᠭᠦᠷᠭᠡ ᠶᠢ ᠲᠣᠳᠣᠷᠬᠠᠶᠢᠯᠠᠨ᠂ ᠪᠥᠬᠦ ᠠᠷᠠᠳ ᠢᠶᠠᠷ ᠢᠶᠠᠨ ᠳᠠᠭᠠᠳᠬᠠᠯ ᠳᠤ ᠣᠷᠣᠯᠴᠠᠬᠤᠵᠢᠱᠢᠶ᠎ᠡ ᠦᠵᠡᠭᠦᠯᠬᠦ ᠰᠤᠮᠤ᠂ ᠵᠢᠱᠢᠶ᠎ᠠ ᠦᠵᠡᠭᠦᠯᠭᠦ ᠭᠠᠴᠠᠭ᠎ᠠ ᠶᠢ ᠡᠭᠦᠳᠦᠨ ᠪᠠᠶᠢᠭᠤᠯᠬᠤ ᠠᠵᠢᠯ ᠢ ᠢᠳᠡᠪᠬᠢᠲᠡᠢᠥᠷᠨᠢᠭᠦᠯᠵᠦ᠂ ᠬᠡᠪᠴᠢᠶ᠎ᠡ ᠶᠢ ᠨᠠᠷᠢᠯᠢᠭ ᠤᠨᠤᠪᠴᠢᠳᠠᠢ ᠥᠷᠭᠡᠳᠬᠡᠬᠦ ᠶᠢ ᠠᠬᠢᠭᠤᠯᠵᠤ᠂ ᠬᠢᠯᠢ ᠬᠢᠵᠠᠭᠠᠷ ᠣᠷᠣᠨ ᠤᠦᠨᠳᠦᠰᠦᠲᠡᠨ ᠨᠦᠭᠦᠳ ᠤᠨ ᠣᠯᠠᠨ ᠲᠦᠮᠡᠨ ᠤ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ ᠪᠠᠲᠤᠯᠠᠬᠤᠶᠣᠰᠣᠲᠠᠢ ᠶᠢ ᠨᠢ ᠴᠥᠮ ᠪᠠᠲᠤᠯᠠᠬᠤ ᠶᠢ ᠪᠡᠶᠡᠯᠡᠭᠦᠯᠪᠡ᠃ ᠣᠲᠣ ᠪᠣᠯᠲᠠᠯ᠎ᠠ᠂ ᠨᠠᠰᠤᠵᠢᠯ ᠤᠨ ᠠᠰᠠᠷᠠᠮᠵᠢ ᠶᠢᠨᠳᠠᠭᠠᠳᠬᠠᠯ᠂ ᠠᠵᠢᠯ ᠠᠯᠳᠠᠯᠲᠠ ᠶᠢᠨ ᠳᠠᠭᠠᠳᠬᠠᠯ ᠳᠤ ᠣᠷᠣᠯᠴᠠᠭᠰᠠᠨ ᠬᠥᠮᠥᠨ ᠤ ᠲᠤᠭ᠎ᠠ ᠲᠣᠰ ᠲᠣᠰ 14.31ᠲᠦᠮᠡ ᠪᠠ 2.74 ᠲᠦᠮᠡ ᠳᠤ ᠬᠦᠷᠴᠡᠢ᠃      ᠢᠷᠡᠯᠲᠡ᠄ ᠰᠢᠯᠢ ᠶᠢᠨ ᠭᠤᠣᠯ ᠠᠶᠢᠮᠠᠭ ᠤᠨ ᠵᠠᠬᠢᠷᠭ᠎ᠠ ᠶᠢᠨ ᠮᠣᠩᠭᠤᠯ ᠰᠦᠯᠵᠢᠶ᠎ᠡ     
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号