ᠬᠥᠪᠡᠭᠡᠲᠦ ᠰᠢᠷ᠎ᠠ ᠬᠤᠰᠢᠭᠤ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠢᠨᠵᠧᠨᠧᠷᠢᠩ ᠢ ᠠᠬᠢᠭᠤᠯᠵᠤ ᠲᠦᠷᠦ ᠶᠢᠨ ᠪᠤᠳᠤᠯᠭ᠎ᠠ ᠶᠢ ᠪᠤᠳᠠᠳᠦ ᠦᠢᠯᠡᠳᠪᠤᠷᠢᠯᠡᠯ ᠤᠨ ᠬᠦᠴᠦᠨ ᠪᠤᠯᠭᠠᠨ ᠬᠤᠪᠢᠷᠠᠭᠤᠯᠬᠤ ᠶᠢ ᠠᠬᠢᠭᠤᠯᠵᠤ ᠪᠤᠢ
ᠨᠡᠶᠢᠲᠡᠯᠡᠭᠰᠡᠨ ᠴᠠᠭ᠄
2024/4/1
ᠬᠥᠪᠡᠭᠡᠲᠦ ᠰᠢᠷ᠎ᠠ ᠬᠤᠰᠢᠭᠤ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠢᠨᠵᠧᠨᠧᠷᠢᠩ ᠢ ᠠᠬᠢᠭᠤᠯᠵᠤ ᠲᠦᠷᠦ ᠶᠢᠨ ᠪᠤᠳᠤᠯᠭ᠎ᠠ ᠶᠢ ᠪᠤᠳᠠᠳᠦ ᠦᠢᠯᠡᠳᠪᠤᠷᠢᠯᠡᠯ ᠤᠨ ᠬᠦᠴᠦᠨ ᠪᠤᠯᠭᠠᠨ ᠬᠤᠪᠢᠷᠠᠭᠤᠯᠬᠤ ᠶᠢ ᠠᠬᠢᠭᠤᠯᠵᠤ ᠪᠤᠢ           ᠬᠠᠮ ᠵᠠᠭᠤᠴᠢᠯᠠᠭᠤᠷ ᠤᠨ ᠰᠤᠷᠪᠤᠯᠵᠢᠯᠠᠭᠴᠢ   ᠵᠤᠨ᠎ᠠ ᠬᠠᠰᠪᠢᠯᠢᠭ᠌    ᠬᠥᠪᠡᠭᠡᠲᠦ ᠰᠢᠷ᠎ᠠ ᠬᠤᠰᠢᠭᠤ ᠲᠦᠷᠦ ᠶᠢᠨ ᠪᠤᠳᠤᠯᠭ᠎ᠠ ᠶᠢ ᠨᠠᠶᠢᠳᠠᠪᠤᠷᠢᠵᠢᠭᠤᠯᠬᠤ ᠢᠨᠵᠧᠨᠧᠷᠢᠩ ᠢ ᠪᠦᠬᠦ ᠲᠠᠯ᠎ᠠ ᠪᠠᠷ ᠭᠡᠷᠡᠭᠵᠢᠬᠦᠯᠵᠦ᠂ ᠲᠦᠷᠦ ᠶᠢᠨ ᠪᠤᠳᠤᠯᠭ᠎ᠠ ᠶᠢ ᠪᠤᠳᠠᠳᠦ ᠦᠢᠯᠡᠳᠪᠤᠷᠢᠯᠡᠯ ᠤᠨ ᠬᠦᠴᠦᠨ ᠪᠤᠯᠭᠠᠨ ᠬᠤᠪᠢᠷᠠᠭᠤᠯᠬᠤ ᠶᠢ  ᠠᠬᠢᠭᠤᠯᠵᠤ ᠪᠤᠢ᠃     ᠯᠢᠲ᠋ᠢ ᠶᠢᠨ ᠡᠬᠢ ᠪᠠᠶᠠᠯᠢᠭ ᠢ ᠶᠡᠷᠦᠩᠬᠡᠶᠢᠯᠡᠨ ᠠᠰᠢᠭᠯᠠᠬᠤ ᠲᠦᠷᠦᠯ ᠵᠦᠢᠯ ᠪᠣᠯ ᠬᠥᠪᠡᠭᠡᠲᠦ ᠰᠢᠷ᠎ᠠ ᠬᠤᠰᠢᠭᠤᠨ ᠤ ᠠᠷᠠᠯᠵᠢᠶᠠᠴᠢᠨ‌ᠤᠷᠢᠵᠤ ᠪᠡᠯᠡ ᠣᠷᠣᠭᠤᠯᠬᠤ ᠵᠢᠴᠢ ᠴᠢᠳᠠᠪᠤᠷᠢᠲᠠᠨ ᠤᠷᠢᠬᠤ ᠲᠠᠨᠢᠯᠴᠠᠭᠤᠯᠭ᠎ᠠ ᠶᠢᠨ ᠬᠤᠷᠠᠯ ᠳᠡᠭᠡᠷ᠎ᠡ ᠭᠡᠷ᠎ᠡ ᠲᠣᠭᠲᠠᠭᠰᠠᠨ ᠲᠦᠷᠦᠯ ᠵᠦᠢᠯ ᠤᠨ ᠨᠢᠭᠡ ᠪᠠᠶᠢᠵᠦ᠂ ᠣᠳᠣᠬᠠᠨ ᠳᠤ᠂ ᠬᠥᠪᠡᠭᠡᠲᠦ ᠰᠢᠷ᠎ᠠ  ᠬᠤᠰᠢᠭᠤᠨ ᠤ ᠯᠢᠲ᠋ᠢ ᠶᠢᠨ ᠡᠬᠢ ᠪᠠᠶᠠᠯᠢᠭ ᠤᠨ ᠪᠦᠬᠦ ᠠᠵᠤ ᠦᠢᠯᠡᠰ ᠤᠨ ᠬᠡᠯᠬᠢᠶ᠎ᠡ ᠶᠠᠭ ᠠᠯᠬᠤᠮ ᠠᠯᠬᠤᠮ ᠢᠶᠠᠷ  ᠪᠦᠷᠢᠯᠳᠦᠵᠦ᠂ ᠳᠡᠭᠡᠳᠦ ᠤᠷᠤᠰᠬᠠᠯ ᠤᠨ ᠮᠧᠩ ᠶᠢᠨ ᠠᠭᠤᠷᠬᠠᠢ ᠶᠢᠨ ᠦᠢᠯᠡᠰ ᠤᠨ ᠨᠢᠦᠪᠢ ᠲᠠᠨᠲ᠋ᠠᠯ ᠤᠨ ᠠᠭᠤᠷᠬᠠᠢ ᠎ ᠶᠢᠨ ᠲᠦᠷᠦᠯ ᠵᠦᠢᠯ ᠤᠨ ᠶᠡᠷᠦᠩᠬᠡᠢ ᠪᠡᠯᠡ ᠣᠷᠣᠭᠤᠯᠤᠯᠲᠠ ᠨᠢ 6 ᠳ᠋ᠦᠩᠰᠢᠭᠤᠷ ᠲᠥᠭᠦᠷᠢᠭ ᠲᠤ ᠬᠦᠷᠴᠦ᠂ ᠳᠤᠮᠳᠠᠳᠤ ᠤᠷᠤᠰᠬᠠᠯ ᠤᠨ ᠵᠢᠯ ᠳᠤ 2 ᠲᠦᠮᠡᠨ ᠲᠣᠨ ᠨᠡᠭᠦᠷᠡᠰᠦᠬᠦ᠋ᠴᠢᠯ ᠤᠨ ᠯᠢᠲ᠋ᠢ ᠶᠢᠨ ᠲᠦᠷᠦᠯ ᠵᠦᠢᠯ ᠳᠤ ᠶᠡᠷᠦᠩᠬᠡᠢ ᠪᠡᠯᠡ ᠣᠷᠣᠭᠤᠯᠤᠯᠲᠠ ᠨᠢ 8 ᠳ᠋ᠦᠩᠰᠢᠭᠤᠷ ᠲᠥᠭᠦᠷᠢᠭ ᠲᠤ ᠬᠦᠷᠴᠠᠢ᠃ ᠵᠢᠯ ᠳᠤ 8 ᠲᠦᠮᠡᠨ ᠲᠣᠨ ᠹᠣᠰᠹᠣᠷ ᠬᠦᠴᠢᠯ ᠤᠨ ᠲᠡᠮᠦᠷ ᠯᠢᠲ᠋ᠢ ᠶᠢᠨ ᠡᠶᠡᠷᠭᠦ ᠲᠦᠢᠯ ᠤᠨ ᠮᠠᠲ᠋ᠧᠷᠢᠶᠠᠯ ᠤᠨ ᠲᠥᠷᠥᠯ ᠵᠦᠢᠯ ᠢ ᠦᠢᠯᠡᠳᠪᠦᠷᠢᠯᠡᠵᠥ ᠂ ᠶᠡᠷᠦᠩᠬᠡᠶ ᠪᠠᠯᠠ ᠣᠷᠣᠭᠤᠯᠤᠯᠲᠠ ᠨᠢ 12 ᠳ᠋ᠦᠩᠰᠢᠭᠤᠷ ᠲᠥᠭᠦᠷᠢᠭ ᠲᠤ ᠬᠦᠷᠴᠦ᠂ ᠵᠢᠯ ᠳᠤ 8 ᠲᠦᠮᠡᠨ ᠲᠣᠨ ᠹᠣᠰᠹᠣᠷ ᠬᠦᠴᠢᠯ ᠤᠨ ᠲᠡᠮᠦᠷ ᠯᠢᠲ᠋ᠢ ᠶᠢᠨ ᠦᠢᠯᠡᠳᠪᠦᠷᠢᠯᠡᠯ ᠤᠨ ᠱᠤᠭᠤᠮ ᠢ ᠪᠥᠲᠥᠭᠡᠨ ᠪᠠᠶᠢᠭᠤᠯᠬᠤ ᠪᠠᠷ ᠪᠠᠶᠢᠵᠦ᠂ ᠡᠮᠦᠨᠡᠬᠢ ᠬᠤᠭᠤᠴᠠᠭᠠᠨ ᠤ ᠠᠵᠢᠯ ᠢᠶᠠᠨ ᠶᠠᠭ ᠠᠬᠢᠭᠤᠯᠵᠤ ᠪᠤᠢ᠃  ᠯᠢᠲ᠋ᠢ ᠶᠢᠨ ᠡᠬᠢ ᠪᠠᠶᠠᠯᠢᠭ ᠤᠨ ᠪᠦᠬᠦ ᠠᠵᠤ ᠦᠢᠯᠡᠰ ᠤᠨ ᠬᠡᠯᠬᠢᠶ᠎ᠡ ᠶᠢ ᠨᠡᠪᠲᠡᠷᠡᠭᠦᠯᠦᠭᠰᠡᠨ ᠤ ᠳᠠᠷᠠᠭ᠎ᠠ᠂ ᠵᠢᠯ ᠳᠤ 100 ᠳ᠋ᠦᠩᠰᠢᠭᠤᠷ ᠲᠥᠭᠦᠷᠢᠭ ᠠᠴᠠ ᠳᠡᠭᠡᠭᠰᠢ ᠦᠢᠯᠡᠳᠬᠦᠨ ᠤ ᠦᠷᠳᠡᠭ ᠢ ᠪᠡᠶᠡᠯᠡᠭᠦᠯᠵᠦ᠂ 15 ᠳ᠋ᠦᠩᠰᠢᠭᠤᠷ ᠲᠥᠭᠦᠷᠢᠭ ᠠᠴᠠ ᠳᠡᠭᠡᠭᠰᠢ ᠭᠠᠶᠢᠯᠢ ᠶᠢᠨ ᠣᠷᠣᠯᠭ᠎ᠠ ᠶᠢ ᠪᠡᠶᠡᠯᠡᠭᠦᠯᠵᠦ᠂ 3000 ᠭᠠᠷᠤᠢ ᠬᠥᠮᠦᠨ ᠤ ᠠᠵᠢᠯ ᠣᠯᠭᠤᠯᠲᠠ ᠶᠢ ᠰᠢᠢᠳᠪᠦᠷᠢᠯᠡᠬᠦ ᠤᠴᠢᠷ ᠠᠴᠠ ᠡᠨᠡ ᠨᠢ ᠬᠥᠪᠡᠭᠡᠲᠦ ᠰᠢᠷ᠎ᠠ ᠬᠤᠰᠢᠭᠤᠨ ᠤ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠢᠨᠵᠧᠨᠧᠷᠢᠩ ᠤᠨ ᠠᠬᠢᠯᠳᠠ ᠲᠠᠪᠰᠢᠯᠳᠠ ᠶᠢ ᠬᠠᠷᠠᠭᠤᠯᠵᠤ ᠪᠤᠢ᠃     ᠥᠪᠥᠷ ᠮᠣᠩᠭᠤᠯ ᠤᠨ ᠭᠠᠨ ᠹᠧᠩ ᠯᠢᠲ᠋ᠢ ᠶᠢᠨ ᠦᠢᠯᠡᠰ ᠤᠨ ᠬᠢᠵᠠᠭᠠᠷᠲᠤ ᠺᠣᠮᠫᠠᠨᠢ ᠶᠢᠨ  ᠦᠢᠯᠡᠳᠪᠦᠷᠢᠯᠡᠯ ᠤᠨ ᠳᠡᠳ᠋ ᠶᠡᠷᠦᠩᠬᠡᠶ ᠳᠠᠭᠠᠭᠠᠮᠠᠯ ᠸᠧᠡ ᠴᠧᠩ ᠵᠢᠶᠦ᠋ᠨ᠄  ︽ᠥᠪᠥᠷ ᠮᠣᠩᠭᠤᠯ ᠤᠨ ᠭᠠᠨ ᠹᠧᠩ ᠯᠢᠲ᠋ᠢ ᠶᠢᠨ ᠦᠢᠯᠡᠰ ᠤᠨ ᠬᠥᠪᠡᠭᠡᠲᠦ ᠰᠢᠷ᠎ᠠ ᠬᠤᠰᠢᠭᠤᠨ ᠤ ᠯᠢᠲ᠋ᠢ ᠶᠢᠨ ᠡᠬᠢ ᠪᠠᠶᠠᠯᠢᠭ ᠢ ᠶᠡᠷᠦᠩᠬᠡᠶᠢᠯᠡᠨ ᠠᠰᠢᠭᠯᠠᠬᠤ ᠲᠥᠷᠥᠯ ᠵᠦᠢᠯ 2024 ᠣᠨ ᠤ 3 ᠰᠠᠷ᠎ᠠ ᠶᠢᠨ 15᠎ ᠤ ᠡᠳᠦᠷ ᠪᠥᠬᠦ ᠲᠠᠯ᠎ᠠ ᠪᠠᠷ ᠠᠵᠢᠯ ᠢᠶᠠᠨ ᠰᠡᠷᠭᠦᠭᠡᠵᠦ᠂ ᠣᠳᠣᠬᠠᠨ ᠳᠤ 9 ᠰᠠᠷ᠎ᠠ ᠶᠢᠨ ᠰᠡᠭᠦᠯᠴᠢ ᠪᠠᠷ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢ ᠳᠠᠭᠤᠰᠬᠠᠬᠤ ᠶᠢᠨ ᠬᠠᠮᠲᠤ ᠠᠰᠢᠭᠯᠠᠯᠲᠠ ᠳᠤ ᠣᠷᠣᠭᠤᠯᠬᠤ ᠪᠠᠷ ᠲᠥᠯᠥᠪᠯᠡᠵᠦ ᠪᠣᠶ︔ ᠲᠥᠷᠥᠯ ᠵᠦᠢᠯ ᠨᠢ ᠠᠰᠢᠭᠯᠠᠯᠳᠠ ᠳᠤ ᠤᠷᠤᠭᠰᠠᠨ ᠤ ᠳᠠᠷᠠᠭ᠎ᠠ᠂ ᠵᠢᠱᠢᠯᠲᠡ ᠪᠠᠷ ᠲᠤᠬᠠᠶ ᠶᠢᠨ ᠭᠠᠵᠠᠷ ᠎ ᠤᠨ 250 ᠣᠷᠴᠢᠮ ᠬᠥᠮᠦᠨ ᠳᠤ ᠠᠵᠢᠯ ᠤᠨ ᠪᠠᠶᠢᠷᠢ ᠬᠠᠩᠭᠠᠵᠤ᠂ 2.5 ᠳ᠋ᠦᠩᠰᠢᠭᠤᠷ ᠣᠷᠴᠢᠮ ᠤᠨ ᠭᠠᠶᠢᠯᠢ ᠲᠤᠰᠢᠶᠠᠬᠤ ᠪᠣᠯᠤᠨ᠎ᠠ᠂ ᠲᠥᠷᠥᠯ ᠵᠦᠢᠯ ᠲᠤᠭᠳᠠᠭᠰᠠᠨ ᠠᠴᠠ ᠨᠠᠰᠢ ᠲᠤᠬᠠᠶ ᠶᠢᠨ ᠭᠠᠵᠠᠷ ᠤᠨ ᠵᠠᠰᠠᠭ ᠤᠨ ᠣᠷᠳᠣᠨ ᠤ ᠬᠦᠴᠦᠲᠡᠶ ᠳᠡᠮᠵᠢᠯᠭᠡ ᠶᠢ ᠣᠯᠵᠠᠶ︾ ᠭᠡᠵᠦ ᠶᠠᠷᠢᠯ᠎ᠠ᠃     ᠬᠥᠪᠡᠭᠡᠲᠦ ᠰᠢᠷ᠎ᠠ ᠬᠤᠰᠢᠭᠤᠨ ᠤ ᠣᠳᠣᠬᠢᠴᠢᠯᠠᠭᠰᠠᠨ ᠣᠷᠣᠨ ᠪᠦᠰᠡ ᠶᠢᠨ ᠪᠦᠳᠦᠭᠡᠨ ᠪᠠᠶᠢᠭᠤᠯᠤᠯᠲᠠ ᠶᠢ ᠬᠡᠷᠡᠭᠵᠢᠭᠦᠯᠬᠦ ᠶᠠᠪᠤᠴᠠ ᠳᠤ᠂ ᠨᠢᠭᠡ ᠪᠦᠯᠥᠭ ᠭᠤᠣᠯᠳᠠᠯᠭ᠎ᠠ ᠲᠠᠢ ᠲᠦᠷᠦᠯ ᠵᠦᠢᠯ ᠴᠦ ᠲᠤᠰ ᠬᠤᠰᠢᠭᠤᠨ ᠳᠤ  ᠦᠨᠳᠦᠰᠦᠯᠡᠵᠡᠢ᠃ ᠬᠥᠪᠡᠭᠡᠲᠦ ᠰᠢᠷ᠎ᠠ ᠬᠤᠰᠢᠭᠤᠨ ᠤ ᠰᠢᠨᠡᠪᠤᠯᠠᠭ ᠪᠠᠯᠭᠠᠰᠤᠨ ᠤ ᠪᠣᠬᠢᠷ ᠤᠰᠤ ᠰᠢᠢᠳᠪᠦᠷᠢᠯᠡᠬᠦ ᠦᠢᠯᠡᠳᠪᠦᠷᠢ ᠶᠢᠨ ᠦᠯᠡᠳᠡᠭᠳᠡᠯ ᠤᠰᠤᠨ ᠤ ᠵᠣᠬᠢᠶᠠᠮᠠᠯ ᠨᠤᠭᠤ ᠭᠠᠵᠠᠷ ᠤᠨ ᠲᠦᠷᠦᠯ ᠵᠦᠢᠯ ᠪᠣᠯ ᠮᠠᠨ ᠤ ᠠᠶᠢᠮᠠᠭ ᠤᠨ ᠣᠳᠣᠬᠠᠨ ᠤ ᠬᠡᠪᠴᠢᠶ᠎ᠡ ᠪᠠᠷ ᠬᠠᠮᠤᠭ ᠤᠨ ᠶᠡᠭᠡ ᠵᠣᠬᠢᠶᠠᠮᠠᠯ ᠨᠤᠭᠤ ᠭᠠᠵᠠᠷ ᠤᠨ ᠲᠦᠷᠦᠯ ᠵᠦᠢᠯ  ᠪᠠᠶᠢᠵᠦ᠂ ᠶᠡᠷᠦᠩᠬᠡᠢ ᠪᠡᠯᠡ ᠣᠷᠣᠭᠤᠯᠤᠯᠲᠠ ᠨᠢ 3162.04 ᠲᠦᠮᠡᠨ ᠲᠥᠭᠦᠷᠢᠭ ᠂ 19 ᠲᠦᠮᠡᠨ ᠲᠡᠭᠰᠢ ᠳᠥᠷᠪᠡᠯᠵᠢᠨ ᠮᠧᠲᠷ ᠤᠨ ᠲᠠᠯᠠᠪᠠᠢ ᠲᠠᠢ᠂ ᠭᠤᠣᠯᠳᠠᠭᠤ ᠵᠣᠬᠢᠶᠠᠮᠠᠯ ᠨᠤᠭᠤ ᠭᠠᠵᠠᠷ ᠤᠨ ᠢᠨᠵᠧᠨᠧᠷᠢᠩ ᠪᠣᠯᠤᠨ ᠲᠠᠭᠠᠯᠳᠠ ᠢᠵᠢ ᠪᠦᠷᠢᠳᠦᠭᠦᠯᠬᠦ ᠲᠥᠬᠦᠭᠡᠷᠦᠮᠵᠢ ᠶᠢᠨ ᠢᠨᠵᠧᠨᠧᠷᠢᠩ ᠪᠣᠯᠤᠨ᠎ᠠ᠃ 2023 ᠣᠨ ᠳᠤ᠂ ᠶᠡᠷᠦᠩᠬᠡᠢ ᠪᠠᠷᠢᠯᠭ᠎ᠠ ᠶᠢᠨ 83%᠎ ᠢ ᠪᠡᠶᠡᠯᠡᠭᠦᠯᠵᠦ᠂  ᠵᠢᠱᠢᠯᠲᠡ ᠪᠠᠷ᠂ 2024 ᠤᠨ ᠤ 7 ᠰᠠᠷ᠎ᠠ ᠳᠤ ᠠᠵᠢᠯ ᠢᠶᠠᠨ ᠲᠠᠭᠤᠰᠬᠠᠵᠤ ᠠᠰᠢᠭᠯᠠᠯᠲᠠ ᠳᠤ ᠣᠷᠣᠭᠤᠯᠬᠤ ᠪᠠᠷ ᠪᠤᠢ᠃ ᠲᠥᠷᠥᠯ ᠵᠦᠢᠯ  ᠠᠰᠢᠭᠯᠠᠯᠳᠠ ᠳᠤ ᠤᠷᠤᠭᠰᠠᠨ ᠤ ᠳᠠᠷᠠᠭ᠎ᠠ᠂ ᠪᠤᠬᠢᠷ ᠤᠰᠤᠨ ᠤ ᠭᠠᠳᠠᠭᠰᠢᠯᠠᠭᠤᠯᠤᠯᠲᠠ ᠶᠢ ᠪᠠᠭᠠᠰᠬᠠᠵᠤ᠂ ᠲᠠᠷᠢᠶᠠᠯᠠᠩ ᠮᠠᠯ ᠠᠵᠤ ᠠᠬᠤᠶ᠂ ᠠᠵᠤ ᠦᠢᠯᠡᠳᠪᠦᠷᠢ ᠳᠤ ᠬᠡᠷᠡᠭᠯᠡᠬᠦ ᠤᠰᠤ ᠶᠢ ᠡᠷᠬᠢᠯᠳᠦᠬᠦᠯᠦᠨ ᠬᠡᠷᠡᠭᠯᠡᠵᠦ᠂ ᠤᠰᠤᠨ ᠤ ᠡᠬᠢ ᠪᠠᠶᠠᠯᠢᠭ ᠳᠤᠲᠠᠭᠳᠠᠵᠤ ᠪᠠᠶᠢᠭ᠎ᠠ ᠠᠰᠠᠭᠤᠳᠠᠯ ᠢ  ᠨᠠᠮᠳᠠᠭᠤᠯᠵᠤ᠂ ᠬᠥᠪᠡᠭᠡᠲᠦ ᠰᠢᠷ᠎ᠠ ᠬᠤᠰᠢᠭᠤᠨ ᠤ ᠰᠢᠨᠡᠪᠣᠯᠠᠭ ᠪᠠᠯᠭᠠᠰᠦᠨ ᠤ ᠠᠮᠢ ᠠᠬᠤᠶ᠂ ᠨᠡᠶᠢᠭᠡᠮ ᠤᠨ  ᠣᠷᠴᠢᠨ ᠳᠤ  ᠲᠦᠬᠦᠮ ᠦᠵᠡᠬᠦᠯᠬᠦ ᠪᠣᠯᠤᠨ᠎ᠠ᠃     ᠣᠶᠢᠯᠠᠭᠠᠭᠰᠠᠨ ᠢᠶᠠᠷ᠂ 2024 ᠣᠨ ᠳᠤ ᠮᠠᠨ ᠤ ᠬᠤᠰᠢᠭᠤ ᠨᠢ 40 ᠠᠵᠤ ᠠᠬᠤᠶᠢᠯᠠᠯ ᠵᠢᠴᠢ ᠪᠠᠶᠢᠭᠤᠯᠤᠮᠵᠢ ᠶᠢ ᠳᠡᠭᠡᠭᠰᠢ ᠵᠣᠯᠭᠠᠭᠤᠯᠵᠤ᠂ ᠨᠠᠷᠢᠯᠢᠭ ᠤᠨᠤᠪᠴᠢᠲᠠᠢ ᠪᠠᠷ 20 ᠬᠤᠳᠠᠯᠳᠤᠭᠠᠴᠢᠨ ᠤᠷᠢᠬᠤ ᠠᠵᠤ ᠠᠬᠤᠶᠢᠯᠠᠯ ᠢ ᠳᠡᠭᠡᠭᠰᠢ ᠵᠣᠯᠭᠠᠭᠤᠯᠵᠤ᠂ ᠭᠡᠷ᠎ᠡ ᠲᠤᠭᠳᠠᠵᠤ ᠪᠣᠳᠠᠲᠠᠶᠢᠵᠢᠭᠤᠯᠤᠭᠰᠠᠨ 12.74 ᠳ᠋ᠦᠩᠰᠢᠭᠤᠷ ᠲᠥᠭᠦᠷᠢᠭ ᠪᠠᠯᠠ ᠮᠥᠩᠭᠦ ᠶᠢ  ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 60% ᠎ ᠪᠠᠷ  ᠨᠡᠮᠡᠭᠳᠡᠭᠦᠯᠬᠦ ᠪᠠᠷ ᠪᠤᠢ᠃     ᠬᠦᠪᠡᠭᠡᠳᠦ ᠰᠢᠷ᠎ᠠ ᠬᠤᠰᠢᠭᠤᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠤᠨ ᠳᠡᠳ᠋ ᠡᠷᠬᠢᠯᠡᠭᠴᠢ ᠬᠠᠰᠲᠤᠶᠠᠭ᠎ᠠ᠄ ︽ᠪᠢᠳᠡ ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠤᠯᠤᠰ ᠤᠨ ᠴᠢᠬᠤᠯᠠ ᠶᠡᠭᠡ ᠣᠷᠣᠨ ᠪᠦᠰᠡ ᠶᠢᠨ ᠪᠠᠶᠢᠯᠳᠤᠬᠤ ᠪᠣᠳᠣᠯᠭ᠎ᠠ ᠪᠠ ᠲᠥᠪ ᠠᠴᠠ ᠥᠪᠥᠷ ᠮᠣᠩᠭᠤᠯ ᠳᠤ ᠣᠯᠭᠤᠭᠰᠠᠨ ᠡᠯ᠎ᠡ ᠵᠦᠢᠯ ᠤᠨ ᠲᠥᠷᠥ ᠶᠢᠨ ᠪᠣᠳᠣᠯᠭ᠎ᠠ ᠶᠢ ᠰᠠᠶᠢᠲᠤᠷ ᠬᠡᠷᠡᠭᠯᠡᠵᠦ ᠠᠮᠢᠳᠤᠯᠢᠭ ᠬᠡᠷᠡᠭᠯᠡᠨ᠂ ᠡᠯ᠎ᠡ ᠵᠦᠢᠯ ᠤᠨ ᠲᠥᠷᠥ ᠶᠢᠨ ᠪᠣᠳᠣᠯᠭ᠎ᠠ ᠶᠢ ᠡᠮᠬᠢᠯᠡᠨ ᠲᠢᠭᠯᠡᠵᠦ ᠵᠦᠢᠯ ᠳᠠᠷᠠᠭᠠᠯᠠᠨ ᠰᠤᠳᠤᠯᠤᠨ᠂ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠢᠨᠵᠧᠨᠧᠷᠢᠩ ᠢ ᠰᠢᠪᠲᠤᠯᠤᠯᠲᠠ ᠶᠢᠨ ᠴᠢᠨᠠᠷᠲᠠᠶ ᠠᠬᠢᠴᠠ ᠲᠠᠢ ᠪᠣᠯᠭᠠᠬᠤ ᠪᠠᠷ ᠴᠢᠷᠮᠠᠶᠢᠨ᠎ᠠ︔ ᠡᠭᠦᠨ ᠳᠤ᠂ ︿ᠥᠪᠥᠷ ᠮᠣᠩᠭᠤᠯ ᠤᠨ ᠴᠢᠨᠠᠷ ᠰᠠᠶᠢᠲᠠᠶ ᠬᠥᠭᠵᠢᠯᠲᠡ ᠶᠢ ᠳᠥᠯᠭᠢᠨ ᠠᠬᠢᠭᠤᠯᠵᠤ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ ᠲᠤᠬᠠᠶ ᠲᠥᠷᠥ ᠶᠢᠨ ᠶᠠᠪᠤᠳᠠᠯ ᠤᠨ ᠬᠤᠷᠢᠶᠠᠨ ᠤ ᠰᠠᠨᠠᠯ﹀᠎ ᠤᠨ 116 ᠵᠦᠢᠯ ᠤᠨ ᠭᠤᠤᠯᠳᠠᠯᠭ᠎ᠠ ᠲᠠᠢ ᠡᠭᠦᠷᠭᠡ ᠶᠢᠨ ᠨᠠᠷᠢᠨ ᠲᠠᠩᠰᠠ ᠢᠯᠡᠳᠲᠡ ᠦᠷ᠎ᠡ ᠪᠦᠲᠦᠮᠵᠢ ᠣᠯᠵᠠᠢ︔ ︿ᠰᠠᠨᠠᠯ﹀᠎ ᠤᠨ ᠢᠵᠢ ᠪᠥᠷᠢᠳᠦᠭᠦᠯᠬᠦ ᠲᠥᠷᠥ ᠶᠢᠨ ᠪᠣᠳᠣᠯᠭ᠎ᠠ ᠶᠢ ᠮᠥᠷᠳᠡᠨ ᠨᠠᠶᠢᠳᠠᠪᠤᠷᠢᠵᠢᠭᠤᠯᠵᠤ ᠪᠣᠳᠠᠲᠤ ᠦᠷ᠎ᠡ ᠪᠦᠲᠦᠮᠵᠢ ᠤᠯᠵᠠᠢ︔ ︿ᠰᠠᠨᠠᠯ﹀᠎ ᠤᠨ ᠢᠵᠢ ᠪᠥᠷᠢᠳᠦᠭᠦᠯᠬᠦ 18 ᠵᠦᠢᠯ ᠤᠨ ᠴᠢᠬᠤᠯᠠ ᠶᠡᠭᠡ ᠲᠦᠷᠦᠯ ᠵᠦᠢᠯ ᠢ ᠱᠠᠭᠠᠷᠳᠠᠭᠰᠠᠨ ᠴᠠᠭ ᠤᠨ ᠬᠢᠵᠠᠭᠠᠷ ᠶᠣᠰᠣᠭᠠᠷ ︿ᠡᠬᠢᠯᠡᠭᠦᠯᠵᠦ ᠳᠡᠶᠢᠯᠬᠦ ᠶᠢ ᠨᠢ ᠴᠥᠮ ᠡᠬᠢᠯᠡᠭᠦᠯᠬᠦ ﹀᠎ ᠶᠢ ᠪᠡᠶᠡᠯᠡᠭᠦᠯᠦᠨ᠎ᠡ︔ 55 ᠵᠦᠢᠯ ᠤᠨ ᠳᠠᠯᠳᠠ ᠬᠦᠴᠦᠨ ᠲᠠᠢ ᠲᠥᠷᠥ ᠶᠢᠨ ᠪᠣᠳᠣᠯᠭ᠎ᠠ ᠶᠢ ᠲᠡᠬᠦᠯᠳᠡᠷᠵᠢᠬᠦᠯᠵᠦ᠂ ᠲᠥᠪ ᠪᠠ ᠥᠪᠡᠷᠲᠡᠭᠡᠨ ᠵᠠᠰᠠᠬᠤ ᠣᠷᠣᠨ ᠤ ᠪᠠᠯᠠ ᠮᠥᠩᠭᠦ ᠶᠢ ᠨᠡᠮᠡᠭᠳᠡᠭᠦᠯᠬᠦ ᠪᠠᠷ ᠴᠢᠷᠮᠠᠶᠢᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠭᠰᠠᠨ ᠥᠪᠥᠷ ᠮᠣᠩᠭᠤᠯ ᠤᠨ ᠰᠢᠨ᠎ᠡ ᠬᠠᠭᠤᠳᠠᠰᠤ ᠶᠢ ᠪᠢᠴᠢᠭᠯᠡᠬᠦ ᠳᠤ ᠬᠥᠪᠡᠭᠡᠲᠦ ᠰᠢᠷ᠎ᠠ ᠬᠤᠰᠢᠭᠤᠨ ᠤ ᠬᠦᠴᠦᠨ ᠴᠢᠳᠠᠯ ᠢ ᠨᠡᠮᠡᠷᠢᠯᠡᠨ᠎ᠡ ︾ ᠭᠡᠵᠦ ᠶᠠᠷᠢᠯ᠎ᠠ᠃
 
ᠢᠷᠡᠯᠲᠡ᠄ ᠬᠥᠪᠡᠭᠡᠲᠦ ᠰᠢᠷ᠎ᠠ ᠬᠤᠰᠢᠭᠤᠨ ᠤ ᠰᠤᠨᠢᠨ ᠮᠡᠳᠡᠭᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号