ᠬᠥᠪᠡᠭᠡᠲᠦ ᠰᠢᠷ᠎ᠠ ᠬᠤᠰᠢᠭᠤᠨ ᠤ ᠠᠭᠠᠷ ᠠᠶᠠᠯᠠᠯ ᠤᠨ ᠰᠢᠨᠵᠢᠯᠡᠬᠦ ᠤᠬᠠᠭᠠᠨ ᠢᠲᠦᠭᠡᠮᠡᠯᠵᠢᠭᠦᠯᠬᠦ ᠣᠷᠳᠣᠨ ᠣᠷᠣᠨ ᠤ ᠳᠡᠰ ᠤᠨ ᠰᠠᠨᠠᠭ᠎ᠠ ᠠᠮᠤᠷ ᠬᠡᠷᠡᠭᠯᠡᠭᠡᠨ ᠤ ᠰᠤᠷᠭᠠᠨ ᠬᠥᠮᠦᠵᠢᠯ ᠤᠨ ᠰᠠᠭᠤᠷᠢᠨ ᠭᠠᠵᠠᠷ ᠤᠨ ᠴᠣᠯᠠ
ᠨᠡᠶᠢᠲᠡᠯᠡᠭᠰᠡᠨ ᠴᠠᠭ᠄
2024/4/1
    ᠦᠨᠦᠭᠡᠨ᠂ ᠬᠥᠪᠡᠭᠡᠲᠦ ᠰᠢᠷ᠎ᠠ ᠬᠤᠰᠢᠭᠤᠨ ᠤ ᠠᠭᠠᠷ  ᠠᠶᠠᠯᠠᠯ ᠤᠨ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠣᠷᠳᠣᠨ ᠣᠷᠣᠨ ᠤ ᠲᠡᠰ ᠤᠨ ᠰᠠᠨᠠᠭ᠎ᠠ ᠠᠮᠤᠷ ᠬᠡᠷᠡᠭᠯᠡᠭᠡᠨ ᠤ ᠰᠤᠷᠭᠠᠨ ᠬᠥᠮᠦᠵᠢᠯ ᠤᠨ ᠰᠠᠭᠤᠷᠢᠨ ᠤᠨ ᠴᠣᠯᠠ ᠶᠢ ᠬᠦᠷᠲᠡᠵᠥ ᠂ ᠣᠷᠣᠨ ᠨᠣᠳᠤᠭ ᠲᠤ  ᠪᠡᠨ‌ᠦᠩᠭᠡ ᠭᠡᠷᠡᠯ ᠨᠡᠮᠡᠷᠢᠯᠡᠯ᠎ᠡ᠃    ᠬᠥᠪᠡᠭᠡᠲᠦ ᠰᠢᠷ᠎ᠠ ᠬᠤᠰᠢᠭᠤᠨ ᠤ ᠠᠭᠠᠷ  ᠠᠶᠠᠯᠠᠯ ᠤᠨ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠣᠷᠳᠣᠨ 2022 ᠣᠨ ᠳᠤ ᠪᠠᠶᠢᠭᠤᠯᠤᠭᠳᠠᠵᠤ᠂ ᠥᠪᠥᠷ ᠮᠣᠩᠭᠤᠯ ᠤᠨ ᠠᠩᠬᠠᠳᠠᠭᠴᠢ ᠤᠯᠤᠰ ᠲᠠᠭᠠᠨ ᠦᠢᠯᠡᠳᠪᠦᠷᠢᠯᠡᠭᠰᠡᠨ ᠲᠤᠮᠤ ᠨᠢᠰᠬᠡᠯ C919᠎ ᠢᠶᠠᠷ ᠨᠡᠷᠡᠶᠢᠳᠦᠭᠰᠡᠨ ᠠᠭᠠᠷ ᠠᠶᠠᠯᠠᠯ ᠤᠨ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠣᠷᠳᠣᠨ ᠪᠠᠶᠢᠵᠤ᠂ ᠶᠡᠷᠦᠩᠬᠡᠢ ᠪᠡᠯᠡ ᠣᠷᠣᠭᠤᠯᠤᠯᠲᠠ ᠨᠢ 850 ᠲᠦᠮᠡᠨ ᠲᠥᠭᠦᠷᠢᠭ ᠲᠤ ᠬᠦᠷᠴᠡᠢ᠃ ᠲᠣᠰ ᠣᠷᠳᠣᠨ ᠨᠢ ᠰᠢᠨᠡᠪᠤᠯᠠᠭ ᠨᠢᠰᠬᠡᠯ ᠤᠨ ᠪᠠᠭᠤᠳᠠᠯ ᠤᠨ ᠥᠪᠡᠷᠮᠢᠴᠡ ᠣᠨᠴᠠᠯᠢᠭ ᠪᠥᠬᠦᠶ ᠠᠭᠠᠷ ᠤᠨ ᠠᠶᠠᠯᠠᠯ ᠤᠨ ᠡᠬᠢ ᠪᠠᠶᠠᠯᠢᠭ ᠤᠨ ᠳᠠᠪᠠᠭᠤᠯᠢᠭ ᠢ ᠭᠦᠢᠴᠡᠳ ᠠᠰᠢᠭᠯᠠᠨ᠂ ︽ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ + ᠰᠤᠳᠤᠯᠤᠨ ᠰᠤᠷᠤᠯᠴᠠᠬᠤ + ᠵᠢᠭᠤᠯᠴᠢᠯᠠᠯ︾᠎ ᠤᠨ ᠵᠠᠭᠪᠤᠷ ᠢ ᠭᠡᠷᠡᠭᠵᠢᠭᠦᠯᠦᠨ᠂ ᠥᠪᠥᠷ ᠮᠣᠩᠭᠤᠯ ᠤᠨ ᠠᠭᠠᠷ ᠠᠶᠠᠯᠠᠯ ᠤᠨ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠰᠤᠷᠭᠠᠨ ᠬᠥᠮᠦᠵᠢᠯ ᠤᠨ ᠵᠢᠱᠢᠶ᠎ᠡ ᠦᠵᠡᠭᠦᠯᠬᠦ ᠨᠠᠷᠠᠲᠤ ᠰᠠᠭᠤᠷᠢᠨ ᠭᠠᠵᠠᠷ ᠢ ᠪᠥᠲᠥᠭᠡᠨ ᠪᠠᠶᠢᠭᠤᠯᠵᠠᠢ᠃ ᠲᠠᠯᠠᠪᠠᠶ ᠶᠢᠨ ᠪᠦᠬᠦ᠋ᠢᠯᠡ ᠣᠷᠣᠨ ᠵᠠᠶ ᠨᠢ ᠣᠷᠴᠢᠯᠠᠩ ᠳᠣᠲᠣᠷᠠᠬᠢ ᠭᠠᠷᠠᠭ ᠣᠳᠣ᠂ ᠣᠳᠣᠨ ᠣᠭᠲᠠᠷᠭᠤᠶ ᠪᠠᠷ ᠭᠤᠣᠯ ᠰᠡᠳᠦᠪ ᠪᠣᠯᠭᠠᠵᠤ᠂ C 919 ᠳᠠᠭᠤᠷᠢᠶᠠᠮᠠᠯ ᠨᠢᠰᠬᠡᠯ ᠤᠨ ᠪᠡᠶᠡᠴᠢᠯᠡᠨ ᠣᠶᠢᠯᠠᠭᠠᠬᠤ ᠲᠣᠭᠤᠷᠢᠭ᠂ ᠵᠢᠯᠣᠭᠤᠴᠢ ᠥᠬᠡᠶ ᠨᠢᠰᠬᠡᠯ ᠤᠨ ᠪᠡᠶᠡᠴᠢᠯᠡᠨ ᠣᠶᠢᠯᠠᠭᠠᠬᠤ ᠲᠣᠭᠤᠷᠢᠭ ᠵᠢᠴᠢ VR ᠬᠠᠷᠢᠯᠴᠠᠨ ᠦᠶᠯᠡᠳᠦᠯᠴᠡᠬᠦ ᠣᠷᠣᠨ ᠪᠦᠰᠡ ᠪᠠ ᠬᠤᠪᠢᠰᠬᠠᠯ ᠤᠨ ᠰᠣᠶᠣᠯ ‍ᠤᠨ‌ᠦᠵᠡᠭᠦᠯᠦᠯᠭᠡ ᠶᠢᠨ ᠲᠣᠭᠤᠷᠢᠭ  ᠲᠠᠢ ᠪᠥᠭᠡᠳ 30 ᠰᠤᠷᠤᠭᠴᠢ ᠶᠢ ᠬᠠᠮᠲᠤ ᠳᠤᠨᠢ ᠪᠠᠭᠲᠠᠭᠠᠵᠤ ᠴᠢᠳᠠᠬᠤ ᠰᠢᠨᠵᠢᠯᠡᠬᠦ ᠤᠬᠠᠭᠠᠨ ᠤ ᠬᠢᠴᠢᠶᠡᠯ ᠤᠨ ᠭᠡᠷ ᠲᠠᠢ ᠪᠠᠶᠢᠳᠠᠭ ᠢᠶᠠᠷ ᠠᠳᠡ ᠲᠣᠭᠤᠷᠢᠨ  ᠦᠵᠡᠭᠰᠡᠳ ᠲᠠᠰᠤᠷᠠᠯᠳᠡ ᠦᠭᠡᠢ ᠣᠯᠠᠰᠢᠷᠠᠵᠤ᠂ ᠤᠯᠠᠨ ᠢᠶᠠᠷ ᠢᠶᠠᠨ  ᠠᠳᠡ ᠠᠴᠠ ᠰᠢᠨᠵᠢᠯᠡᠬᠦ ᠤᠬᠠᠭᠠᠨ  ᠲᠧᠭᠨᠢᠭ‌ᠮᠡᠷᠭᠡᠵᠢᠯ ᠤᠨ ᠷᠢᠳᠢ ᠰᠢᠳᠢ ᠶᠢ  ᠪᠡᠶᠡᠴᠢᠯᠡᠨ ᠣᠶᠢᠯᠠᠭᠠᠳᠠᠭ ᠪᠠᠶᠢᠨ᠎ᠠ᠃     ᠲᠤᠭᠤᠷᠢᠨ ᠦᠵᠡᠭᠴᠢ ᠤᠶᠠᠩᠭ᠎ᠠ ᠰᠤᠷᠪᠤᠯᠵᠢᠯᠠᠭ᠎ᠠ ᠬᠦᠯᠢᠶᠡᠬᠦ ᠳᠡᠭᠡᠨ᠄ ︽ᠥᠨᠥᠳᠦᠷ ᠬᠥᠪᠡᠭᠡᠲᠦ ᠰᠢᠷ᠎ᠠ ᠬᠤᠰᠢᠭᠤᠨ ᠤ ᠠᠭᠠᠷ ᠠᠶᠠᠯᠠᠯ ᠤᠨ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠣᠷᠳᠣᠨ ᠳᠤ ᠢᠷᠡᠵᠦ C919 ᠳᠠᠭᠤᠷᠢᠶᠠᠮᠠᠯ ᠨᠢᠰᠬᠡᠯ᠂ VR ᠬᠠᠷᠢᠯᠴᠠᠨ ᠦᠶᠯᠡᠳᠦᠯᠴᠡᠬᠦ ᠣᠷᠣᠨ ᠵᠡᠷᠭᠡ ᠮᠠᠰᠢ ᠣᠯᠠᠨ ᠲᠣᠭᠯᠠᠭᠠᠮ ᠢ ᠨᠠᠭᠠᠳᠴᠤ ᠦᠵᠡᠯ᠎ᠡ᠂ C919 ᠳᠠᠭᠤᠷᠢᠶᠠᠮᠠᠯ ᠨᠢᠰᠬᠡᠯ ᠨᠢ ᠨᠠᠳᠠ ᠳᠤ ᠦᠨᠡᠨ ᠪᠣᠳᠠᠲᠠᠶ ᠨᠢᠰᠬᠡᠯ ᠵᠢᠯᠣᠭᠤᠳᠬᠤ ᠲᠥᠷᠥᠭᠳᠡᠯ ᠣᠯᠭᠤᠵᠠᠶ᠃ ᠠᠭᠠᠷ ᠤᠨ ᠠᠶᠠᠯᠠᠯ ᠤᠨ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠣᠷᠳᠣᠨ ᠤ ᠡᠯ᠎ᠡ ᠵᠦᠢᠯ ᠤᠨ ᠲᠥᠬᠦᠭᠡᠷᠦᠮᠵᠢ ᠨᠢ ᠪᠦᠷ ᠠᠮᠤᠷ ᠲᠦᠪᠰᠢᠨ ᠪᠠᠶᠢᠵᠤ᠂ ᠠᠵᠢᠯᠯᠠᠵᠤ ᠪᠠᠶᠢᠭ᠎ᠠ ᠬᠥᠮᠦᠰ ᠤᠨ ᠦᠢᠯᠡᠴᠢᠯᠡᠬᠦ ᠣᠪᠣᠷ ᠨᠢ ᠴᠦ ᠮᠠᠰᠢ ᠰᠠᠶᠢᠨ᠂ ᠲᠣᠮᠣ ᠬᠥᠮᠦᠰ ᠪᠠ ᠬᠡᠦᠬᠡᠳ ᠤᠳ ᠪᠦᠷ ᠠᠳᠡ ᠢᠷᠡᠵᠦ ᠡᠳᠡᠭᠡᠷ ᠲᠣᠭᠯᠠᠭᠠᠮ ᠢ ᠪᠡᠶ᠎ᠡ ᠪᠠᠷ ᠢᠶᠠᠨ ᠣᠶᠢᠯᠠᠭᠠᠬᠤ ᠪᠣᠯᠬᠤ ᠮᠥᠷᠲᠡᠭᠡᠨ ᠪᠠᠰᠠ ᠮᠠᠰᠢ ᠣᠯᠠᠨ ᠠᠭᠠᠷ ᠤᠨ ᠠᠶᠠᠯᠠᠯ ᠤᠨ ᠮᠡᠳᠡᠯᠭᠡ ᠶᠢ ᠰᠤᠷᠴᠤ ᠴᠢᠳᠠᠨ᠎ᠠ︾ ᠭᠡᠵᠥ ᠶᠠᠷᠢᠯ᠎ᠠ᠃     ᠬᠥᠪᠡᠭᠡᠲᠦ ᠰᠢᠷ᠎ᠠ ᠬᠤᠰᠢᠭᠤᠨ ᠤ ᠠᠭᠠᠷ ᠠᠶᠠᠯᠠᠯ ᠤᠨ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠣᠷᠳᠣᠨ ᠨᠢ ᠥᠪᠡᠷᠮᠢᠴᠡ ᠡᠬᠢ ᠪᠠᠶᠠᠯᠢᠭ ᠤᠨ ᠳᠠᠪᠠᠭᠤᠯᠢᠭ ᠢᠶᠠᠨ ᠭᠦᠢᠴᠡᠳ ᠠᠰᠢᠭᠯᠠᠵᠤ᠂ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠣᠷᠳᠣᠨ ᠤ ᠴᠢᠳᠠᠪᠬᠢ ᠶᠢ ᠪᠠᠳᠠᠷᠠᠭᠤᠯᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠮᠡᠳᠡᠯᠭᠡ ᠶᠢ ᠶᠡᠬᠡᠪᠡᠷ ᠲᠦᠭᠡᠮᠡᠯᠵᠢᠭᠦᠯᠵᠦ᠂ ᠰᠢᠨᠵᠢᠯᠡᠬᠦ ᠤᠬᠠᠭᠠᠨ ᠤ ᠵᠣᠷᠢᠭ ᠰᠠᠨᠠᠭ᠎ᠠ ᠶᠢ ᠪᠠᠳᠠᠷᠠᠭᠤᠯᠵᠤ᠂ ᠠᠭᠠᠷ ᠠᠶᠠᠯᠠᠯ ᠤᠨ ᠰᠢᠨᠵᠢᠯᠡᠬᠦ ᠤᠬᠠᠭᠠᠨ ᠪᠣᠯᠤᠨ ᠳᠤᠮᠳᠠᠳᠤ ᠪᠠᠭ᠎ᠠ ᠰᠤᠷᠭᠠᠭᠤᠯᠢ ᠶᠢᠨ ᠰᠢᠨᠵᠢᠯᠡᠬᠦ ᠤᠬᠠᠭᠠᠨ ᠢ ᠠᠭᠤᠰᠤᠯᠴᠠᠭᠤᠯᠵᠤ᠂ ᠰᠤᠷᠤᠭᠴᠢᠳ ᠢ ᠪᠡᠶ᠎ᠡ ᠪᠠᠷ ᠎ ᠨᠢ ᠲᠤᠷᠰᠢᠵᠤ ᠦᠵᠡᠭᠦᠯᠬᠦ ᠪᠠᠷ ᠳᠠᠮᠵᠢᠭᠤᠯᠵᠤ᠂ ᠠᠭᠠᠷ ᠠᠶᠠᠯᠠᠯ ᠤᠨ ᠮᠡᠳᠡᠯᠭᠡ ᠶᠢ ᠡᠵᠡᠮᠰᠢᠭᠦᠯᠵᠦ᠂ ᠰᠢᠨᠵᠢᠯᠡᠬᠦ ᠤᠬᠠᠭᠠᠨ ᠤ ᠨᠢᠭᠤᠴᠠ ᠶᠢ ᠰᠦᠪᠡᠭᠴᠢᠯᠡᠬᠦ ᠤᠷᠮ᠎ᠠ ᠪᠠᠬ᠎ᠠ ᠪᠣᠯᠤᠨ ᠴᠢᠳᠠᠪᠤᠷᠢ ᠶᠢ ᠨᠢ ᠳᠡᠭᠡᠭᠰᠢᠯᠡᠭᠦᠯᠵᠦ᠂ ᠪᠦᠬᠦ ᠵᠢᠯ ᠳᠤ ᠨᠡᠶᠢᠳᠡ 35  ᠣᠳᠠᠭᠠᠨ ᠤ ᠠᠵᠢᠯᠯᠠᠭ᠎ᠠ ᠶᠢ ᠵᠣᠬᠢᠶᠠᠨ ᠪᠠᠶᠢᠭᠤᠯᠵᠠᠢ᠃ ᠡᠭᠦᠨ ᠤ ᠬᠠᠮᠲᠤ ᠳᠤᠮᠳᠠᠳᠤ ᠪᠠᠭ᠎ᠠ ᠰᠤᠷᠭᠠᠭᠤᠯᠢ᠂ ᠰᠤᠷᠭᠠᠨ ᠬᠥᠮᠦᠵᠢᠯ ᠤᠨ ᠪᠠᠶᠢᠭᠤᠯᠤᠮᠵᠢ ᠵᠡᠷᠭᠡ ᠨᠢᠭᠡᠴᠢ ᠲᠠᠢ ᠢᠳᠡᠪᠬᠢᠲᠡᠶ ᠪᠠᠷ ᠬᠠᠮᠲᠤᠷᠠᠨ ᠠᠵᠢᠯᠯᠠᠵᠤ᠂ ᠦᠵᠡᠰᠬᠦᠯᠡᠩ ᠤᠨ ᠣᠷᠳᠣᠨ ᠢ ᠠᠯᠬᠤᠮ ᠠᠯᠬᠤᠮ ᠢᠶᠠᠷ ᠲᠣᠬᠠᠢ ᠶᠢᠨ ᠭᠠᠵᠠᠷ ᠣᠷᠣᠨ ᠤ  ᠨᠠᠰᠤᠨ ᠳᠤ ᠦᠯᠦ ᠬᠦᠷᠦᠭᠰᠡᠳ ᠤᠨ ᠬᠢᠴᠢᠶᠡᠯ ᠤᠨ ᠭᠠᠳᠠᠨᠠᠬᠢ ᠬᠡᠪ ᠴᠢᠨᠠᠷ ᠤᠨ ᠰᠤᠷᠭᠠᠨ ᠬᠥᠮᠦᠵᠢᠯ ᠤᠨ ᠰᠠᠭᠤᠷᠢᠨ ᠭᠠᠵᠠᠷ ᠪᠣᠯᠭᠠᠨ ᠪᠠᠶᠢᠭᠤᠯᠵᠠᠶ᠃ ᠮᠦᠨᠴᠦ ᠨᠡᠶᠢᠭᠡᠮ ᠤᠨ ᠣᠷᠣᠯᠴᠠᠯᠭ᠎ᠠ ᠶᠢ ᠳᠡᠭᠡᠭᠰᠢᠯᠡᠭᠦᠯᠬᠦ ᠶᠢᠨ ᠲᠥᠯᠥᠭᠡ᠂ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠣᠷᠳᠣᠨ ᠬᠢᠭᠡᠳ ᠰᠢᠨᠡᠪᠣᠯᠠᠭ ᠪᠠᠯᠭᠠᠰᠣᠨ ᠤ ᠪᠤᠯᠠᠭ ᠨᠡᠶᠢᠭᠡᠮ ᠲᠣᠭᠤᠷᠢᠭ ᠲᠠᠢ ᠬᠠᠷᠢᠯᠴᠠᠬᠤ ᠲᠣᠭᠲᠠᠴᠠ ᠶᠢ ᠪᠠᠶᠢᠭᠤᠯᠵᠤ᠂ ᠣᠯᠠᠨ ᠬᠡᠯᠪᠡᠷᠢ ᠶᠢᠨ᠂ ᠣᠯᠠᠨ ᠲᠠᠰ ᠳᠠᠪᠬᠤᠷᠭ᠎ᠠ ᠶᠢᠨ ᠠᠭᠠᠷ  ᠠᠶᠠᠯᠠᠯ ᠤᠨ ᠮᠡᠳᠡᠯᠭᠡ ᠶᠢᠨ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠬᠦ ᠪᠠᠷ ᠳᠠᠮᠵᠢᠭᠤᠯᠤᠨ᠂ ᠦᠨᠳᠦᠰᠦᠨ ᠱᠠᠲᠤᠨ ᠳᠤ ᠰᠠᠭᠤᠭᠠᠯᠢ ᠠᠷᠠᠳ ᠤᠨ ᠠᠭᠠᠷ  ᠠᠶᠠᠯᠠᠯ ᠤᠨ ᠰᠣᠶᠣᠯ ᠢ ᠪᠡᠶᠡᠴᠢᠯᠡᠨ ᠣᠶᠢᠯᠠᠭᠠᠬᠤ  ᠳᠤ ᠠᠰᠢᠭᠲᠠᠶ ᠣᠷᠴᠢᠨ ᠨᠦᠭᠦᠴᠡᠯ ᠢ ᠪᠣᠶ ᠪᠤᠯᠭᠠᠵᠠᠢ᠃    ᠣᠷᠴᠢᠮᠬᠠᠨ᠂ ᠲᠣᠰ ᠣᠷᠳᠣᠨ ᠤ C919 ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠹᠢᠯᠢᠮ ᠨᠢ ᠰᠢᠯᠢ ᠶᠢᠨ ᠭᠤᠤᠯ ᠠᠶᠢᠮᠠᠭ ᠤᠨ ᠠᠩᠬᠠᠨ ᠤ ᠡᠭᠦᠳᠦᠯᠲᠡ ᠶᠢᠨ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠹᠢᠯᠢᠮ ᠤᠨ ᠤᠷᠤᠯᠳᠤᠭᠠᠨ ᠳᠤ ᠨᠢᠭᠡᠳᠦᠭᠡᠷ ᠲᠤ ᠲᠣᠳᠣᠷᠠᠬᠰᠠᠨ ᠪᠠᠶᠢᠨ᠎ᠠ᠃ ᠠᠭᠠᠷ ᠠᠶᠠᠯᠠᠯ ᠤᠨ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠣᠷᠳᠣᠨ ᠤ ᠳᠠᠷᠤᠭ᠎ᠠ ᠵᠢᠶᠠ ᠫᠢᠩ ᠰᠤᠷᠪᠤᠯᠵᠢᠯᠠᠭ᠎ᠠ ᠭᠦᠯᠢᠶᠡᠭᠦ ᠳᠡᠭᠡᠨ᠄ ︽ᠮᠠᠨ ᠤ ᠬᠥᠪᠡᠭᠡᠲᠦ ᠰᠢᠷ᠎ᠠ ᠬᠤᠰᠢᠭᠤᠨ ᠤ ᠠᠭᠠᠷ ᠠᠶᠠᠯᠠᠯ ᠤᠨ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠣᠷᠳᠣᠨ ᠥᠪᠡᠷᠲᠡᠭᠡᠨ ᠵᠠᠰᠠᠬᠤ ᠣᠷᠣᠨ ᠤ  ᠰᠠᠨᠠᠭ᠎ᠠ ᠠᠮᠤᠷ ᠭᠡᠷᠡᠭᠯᠡᠭᠡᠨ ᠤ ᠰᠤᠷᠭᠠᠨ ᠬᠥᠮᠦᠵᠢᠯ ᠤᠨ ᠰᠠᠭᠤᠷᠢᠨ ᠤ ᠢᠷᠠᠭᠤ ᠠᠯᠳᠠᠷ ᠤᠨ ᠴᠣᠯᠠ ᠶᠢ ᠬᠦᠷᠳᠡᠭᠰᠡᠨ ᠳᠡᠭᠡᠨ ᠮᠠᠰᠢ ᠪᠠᠶᠠᠷᠯᠠᠵᠦ ᠪᠠᠶᠢᠨ᠎ᠠ᠂ ᠬᠤᠶᠢᠰᠢᠳᠠ ᠶᠢᠨ ᠠᠵᠢᠯ ᠤᠨ ᠳᠤᠮᠳᠠ ᠪᠠᠨ ᠪᠢᠳᠡ ᠦᠷᠭᠦᠯᠵᠢᠯᠡᠨ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠰᠤᠷᠭᠠᠨ ᠬᠥᠮᠦᠵᠢᠯ ᠲᠠᠢ ᠤᠶᠠᠯᠳᠤᠭᠤᠯᠵᠤ᠂ ᠬᠡᠷᠡᠭᠯᠡᠭᠴᠢᠳ ᠤᠨ ᠦᠷᠳᠡᠭ ᠎ ᠤᠨ ᠦᠵᠡᠯᠲᠡ ᠪᠣᠯᠤᠨ ᠬᠡᠷᠡᠭᠯᠡᠭᠡᠨ ᠤ ᠦᠵᠡᠯᠲᠡ ᠶᠢ ᠤᠯᠠᠮ ᠴᠢᠨᠠᠭᠰᠢᠳᠠ ᠳᠡᠭᠡᠭᠰᠢᠯᠡᠭᠦᠯᠦᠨ᠎ᠡ︾ ᠭᠡᠵᠡᠢ᠃
 
ᠢᠷᠡᠯᠲᠡ᠄ ᠬᠥᠪᠡᠭᠡᠲᠦ ᠰᠢᠷ᠎ᠠ ᠬᠤᠰᠢᠭᠤᠨ ᠤ ᠰᠤᠨᠢᠨ ᠮᠡᠳᠡᠭᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号