ᠳᠤᠮᠳᠠᠳᠤ ᠪᠠᠭ᠎ᠠ ᠰᠤᠷᠭᠠᠭᠤᠯᠢ ᠳᠤ ᠭᠠᠯ ᠤᠨᠲᠠᠷᠠᠭᠠᠬᠤ ᠰᠣᠷᠢᠯᠲᠠ ᠬᠢᠪᠡ
ᠨᠡᠶᠢᠲᠡᠯᠡᠭᠰᠡᠨ ᠴᠠᠭ᠄
2024/4/1
                     ᠥᠷᠭᠡᠨ ᠣᠯᠠᠨ ᠪᠠᠭᠰᠢ ᠰᠤᠷᠤᠭᠴᠢᠳ ᠤᠨ ᠭᠠᠯ ᠤᠨ ᠭᠠᠮᠰᠢᠭ ᠤᠨ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠴᠢᠳᠠᠪᠤᠷᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠪᠠᠭᠰᠢ ᠰᠤᠷᠤᠭᠴᠢᠳ᠂ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠢ ᠪᠠᠲᠤᠯᠠᠬᠤ ᠶᠢᠨ ᠲᠥᠯᠥᠭᠡ᠂ 3 ᠰᠠᠷ᠎ᠠ ᠶᠢᠨ 26᠎ ᠤ ᠡᠳᠦᠷ ᠤᠨ ᠦᠳᠡ ᠶᠢᠨ ᠡᠮᠦᠨ᠎ᠡ᠂ ᠬᠥᠪᠡᠭᠡᠲᠦ ᠰᠢᠷ᠎ᠠ ᠬᠤᠰᠢᠭᠤᠨ ᠤ ᠰᠤᠷᠭᠠᠨ ᠬᠥᠮᠦᠵᠢᠯ ᠤᠨ ᠲᠣᠪᠴᠢᠶ᠎ᠠ ᠬᠤᠰᠢᠭᠤᠨ ᠤ ᠭᠠᠯ ᠤᠨᠲᠠᠷᠠᠭᠠᠬᠤ ᠠᠪᠤᠷᠠᠨ ᠲᠤᠰᠠᠯᠠᠬᠤ ᠶᠡᠭᠡ ᠠᠩᠭᠢ ᠲᠠᠢ ᠬᠠᠮᠲᠤᠷᠠᠨ ᠬᠤᠰᠢᠭᠤᠨ ᠤ ᠬᠤᠶᠠᠳᠤᠭᠠᠷ ᠳᠤᠮᠳᠠᠳᠤ ᠰᠤᠷᠭᠠᠭᠤᠯᠢ᠂ ᠶᠡᠷᠦᠩᠬᠡᠶᠢᠯᠡᠭᠰᠡᠨ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠳᠤ ᠪᠥᠬᠦ ᠬᠤᠰᠢᠭᠤᠨ ᠤ ᠳᠤᠮᠳᠠᠳᠤ ᠪᠠᠭ᠎ᠠ ᠰᠤᠷᠭᠠᠭᠤᠯᠢ ᠶᠢᠨ ᠭᠠᠯ ᠤᠨᠲᠠᠷᠠᠭᠠᠬᠤ ᠰᠣᠷᠢᠯᠲᠠ ᠶᠢᠨ ᠲᠤᠬᠠᠶ ᠶᠢᠨ ᠲᠠᠯᠠᠪᠤᠷ ᠤᠨ ᠠᠵᠢᠯᠯᠠᠭ᠎ᠠ ᠶᠢ ᠦᠷᠨᠢᠭᠦᠯᠵᠡᠢ᠃     ᠬᠤᠰᠢᠭᠤᠨ ᠤ ᠰᠤᠷᠭᠠᠨ ᠬᠥᠮᠦᠵᠢᠯ ᠤᠨ ᠲᠣᠪᠴᠢᠶ᠎ᠠ᠂ ᠭᠠᠯ ᠤᠨᠲᠠᠷᠠᠭᠠᠬᠤ ᠠᠪᠤᠷᠠᠨ ᠲᠤᠰᠠᠯᠠᠬᠤ ᠶᠡᠭᠡ ᠠᠩᠭᠢ ᠶᠢᠨ ᠬᠠᠮᠢᠶ᠎ᠠ ᠪᠥᠬᠦᠶ ᠬᠠᠷᠢᠭᠤᠴᠠᠯᠭᠠᠲᠠᠨ ᠵᠢᠴᠢ ᠡᠯ᠎ᠡ ᠰᠤᠷᠭᠠᠭᠤᠯᠢ ᠶᠢᠨ ᠬᠠᠮᠢᠶ᠎ᠠ ᠪᠥᠬᠦᠶ ᠬᠠᠷᠢᠭᠤᠴᠠᠯᠭᠠᠲᠠᠨ ᠂ ᠬᠤᠶᠠᠳᠤᠭᠠᠷ ᠳᠤᠮᠳᠠᠳᠤ ᠰᠤᠷᠭᠠᠭᠤᠯᠢ᠂ ᠶᠡᠷᠦᠩᠬᠡᠶᠢᠯᠡᠭᠰᠡᠨ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ 600 ᠭᠠᠷᠤᠶ ᠪᠠᠭᠰᠢ ᠰᠣᠷᠣᠭᠴᠢ ᠠᠵᠢᠯᠯᠠᠭ᠎ᠠ ᠳᠤ ᠣᠷᠣᠯᠴᠠᠵᠠᠶ᠃     ᠲᠣᠰ ᠤᠳᠠᠭᠠᠨ ᠤ ᠰᠣᠷᠢᠯᠲᠠ ᠶᠢᠨ ᠠᠵᠢᠯᠯᠠᠭ᠎ᠠ ᠳᠤ ᠪᠠᠴᠢᠮ ᠰᠣᠷᠢᠯᠲᠠ᠂ ᠭᠠᠯ ᠤᠨᠲᠠᠷᠠᠭᠠᠬᠤ ᠠᠩᠬᠠᠨ ᠤ ᠰᠣᠷᠢᠯᠲᠠ᠂ ᠭᠠᠯ ᠤᠨᠲᠠᠷᠠᠭᠠᠬᠤ ᠪᠠᠭᠠᠵᠢ ᠲᠣᠨᠣᠭᠯᠠᠯ ᠦᠵᠡᠭᠦᠯᠦᠯᠭᠡ ᠵᠡᠷᠭᠡ ᠬᠢᠴᠢᠶᠡᠯ ᠲᠥᠷᠥᠯ ᠢ ᠬᠠᠮᠤᠷᠴᠠᠶ᠃ ᠰᠣᠷᠢᠯᠲᠠ ᠨᠢ ᠬᠤᠶᠠᠳᠤᠭᠠᠷ ᠳᠤᠮᠳᠠᠳᠤ ᠰᠤᠷᠭᠠᠭᠤᠯᠢ ᠶᠢᠨ ᠵᠢᠭᠠᠨ ᠰᠤᠷᠭᠠᠯᠲᠠ ᠶᠢᠨ ᠠᠰᠠᠷ᠂ ᠶᠡᠷᠦᠩᠬᠡᠶᠢᠯᠡᠭᠰᠡᠨ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠤᠷᠤᠭᠴᠢ ᠶᠢᠨ ᠪᠠᠶᠢᠷᠢ ᠳᠤ ᠭᠠᠯ ᠤᠨ ᠠᠶᠤᠯ ᠭᠠᠷᠤᠭᠰᠠᠨ ᠢᠶᠠᠷ ᠵᠢᠱᠢᠵᠦ᠂ ᠪᠠᠴᠢᠮ ᠶᠠᠭᠠᠷᠠᠯᠲᠠᠢ ᠭᠠᠯ ᠲᠦᠢᠮᠡᠷ ᠤᠨ ᠰᠡᠷᠡᠮᠵᠢ ᠶᠢᠨ ᠬᠤᠩᠬᠤ ᠶᠢ ᠳᠤᠤᠭᠠᠷᠭᠠᠵᠤ᠂ ᠪᠠᠭᠰᠢ ᠰᠤᠷᠤᠭᠴᠢᠳ᠂ ᠪᠠᠶᠢᠷᠢ ᠶᠢᠨ ᠬᠠᠮᠢᠶᠠᠷᠤᠭᠴᠢ ᠶᠢᠨ ᠵᠢᠯᠤᠭᠤᠳᠤᠯᠭ᠎ᠠ ᠪᠠᠷ ᠪᠦᠬᠦ᠋ᠢᠯᠡ ᠰᠣᠷᠢᠯᠲᠠ ᠶᠢᠨ ᠶᠠᠪᠤᠴᠠ ᠨᠢ ᠠᠮᠤᠷ ᠲᠦᠪᠰᠢᠨ᠂ ᠡᠮᠬᠢ ᠵᠢᠷᠤᠮ ᠲᠠᠢ ᠪᠠᠷ ᠶᠠᠪᠤᠭᠳᠠᠵᠠᠢ᠃     ᠳᠠᠷᠠᠭ᠎ᠠ ᠳᠤ ᠨᠢ᠂ ᠬᠤᠰᠢᠭᠤᠨ ᠤ ᠭᠠᠯ ᠤᠨᠲᠠᠷᠠᠭᠠᠬᠤ ᠠᠪᠤᠷᠠᠨ ᠲᠤᠰᠠᠯᠠᠬᠤ ᠶᠡᠭᠡ ᠠᠩᠬᠢ ᠶᠢᠨ ᠵᠢᠯᠤᠭᠤᠳᠤᠬᠴᠢ ᠰᠣᠷᠢᠯᠲᠠ ᠶᠢᠨ ᠠᠵᠢᠯᠯᠠᠭ᠎ᠠ ᠳᠤ ᠦᠨᠡᠯᠡᠯᠲᠡ ᠬᠢᠬᠦ ᠶᠢᠨ ᠬᠠᠮᠲᠤ᠂ ᠲᠤᠬᠠᠶ ᠶᠢᠨ ᠲᠠᠯᠠᠪᠤᠷ ᠲᠤ ᠭᠠᠯ ᠤᠨᠲᠠᠷᠠᠭᠠᠬᠤ ᠦᠨᠳᠦᠰᠦᠨ ᠴᠢᠳᠠᠪᠤᠷᠢ ᠶᠢᠨ ᠦᠵᠡᠭᠦᠯᠦᠯᠭᠡ ᠬᠢᠵᠦ᠂ ᠭᠠᠯ ᠤᠨᠲᠠᠷᠠᠭᠠᠬᠤ ᠠᠪᠤᠷᠠᠨ ᠲᠤᠰᠠᠯᠠᠬᠤ ᠲᠣᠨᠣᠭᠯᠠᠯ ᠪᠠᠭᠠᠵᠢ ᠬᠡᠷᠡᠭᠰᠡᠯ ᠢ ᠵᠣᠬᠢᠶᠠᠨ ᠪᠠᠶᠢᠭᠤᠯᠤᠨ ᠲᠣᠭᠤᠷᠢᠨ ᠦᠵᠡᠭᠦᠯᠵᠦ᠂ ᠭᠠᠯ ᠤᠨᠲᠠᠷᠠᠭᠠᠬᠤ ᠪᠠᠭᠠᠵᠢ ᠬᠡᠷᠡᠭᠰᠡᠯ ᠢ ᠲᠠᠨᠢᠯᠴᠠᠭᠤᠯᠵᠤ᠂ ᠪᠠᠭᠰᠢ ᠰᠤᠷᠤᠭᠴᠢᠳ ᠲᠤ ᠭᠠᠯ ᠤᠨᠲᠠᠷᠠᠭᠠᠬᠤ ᠪᠠᠭᠠᠵᠢ ᠬᠡᠷᠡᠭᠰᠡᠯ ᠢ ᠬᠡᠷᠡᠭᠯᠡᠬᠦ ᠠᠵᠢᠯᠯᠠᠭᠠᠨ ᠤ ᠵᠢᠷᠤᠮᠵᠢᠯ ᠢ ᠤᠯᠠᠮ ᠨᠢᠭᠡ ᠠᠯᠬᠤᠮ ᠤᠶᠢᠯᠠᠭᠠᠭᠤᠯᠵᠠᠢ᠃ ᠰᠤᠷᠤᠭᠴᠢ ᠰᠦᠯᠦᠩ᠄ ︽ᠡᠨᠡ ᠤᠳᠠᠭᠠᠨ ᠤ ᠰᠣᠷᠢᠯᠲᠠ ᠶᠢᠨ ᠠᠵᠢᠯᠯᠠᠭ᠎ᠠ ᠪᠠᠷ ᠳᠠᠮᠵᠢᠭᠠᠳ᠂ ᠭᠠᠯ ᠤᠨ ᠠᠶᠤᠯ ᠠᠴᠠ ᠬᠡᠷᠬᠢᠨ ᠠᠮᠤᠷ ᠲᠦᠪᠰᠢᠨ ᠢᠶᠠᠷ ᠵᠠᠶᠢᠯᠠᠬᠤ ᠶᠢ ᠰᠣᠷᠣᠭᠰᠠᠨ ᠪᠥᠭᠡᠳ ᠭᠠᠯ ᠤᠨᠲᠠᠷᠠᠭᠠᠬᠤ ᠲᠥᠬᠦᠭᠡᠷᠦᠮᠵᠢ ᠶᠢ ᠬᠡᠷᠬᠢᠨ ᠵᠥᠪ ᠬᠡᠷᠡᠭᠯᠡᠬᠦ ᠶᠢ ᠴᠦ ᠰᠤᠷᠴᠠᠢ︾ ᠭᠡᠯ᠎ᠡ᠃     ᠲᠣᠰ ᠤᠳᠠᠭᠠᠨ ᠤ ᠠᠵᠢᠯᠯᠠᠭ᠎ᠠ ᠪᠠᠷ ᠳᠡᠮᠵᠢᠨ᠂ ᠪᠠᠭᠰᠢ ᠰᠤᠷᠤᠭᠴᠢᠳ ᠲᠤ ᠪᠠᠷᠢᠯᠭ᠎ᠠ ᠶᠢᠨ ᠳᠣᠲᠣᠷᠠᠬᠢ ᠠᠶᠤᠯ ᠠᠴᠠ ᠵᠠᠶᠢᠯᠠᠬᠤ ᠠᠯᠬᠤᠮ ᠳᠠᠷᠠᠭ᠎ᠠ ᠶᠢ ᠤᠯᠠᠮ ᠨᠢᠭᠡ ᠠᠯᠬᠤᠮ ᠤᠶᠢᠯᠠᠭᠠᠭᠤᠯᠵᠤ᠂ ᠪᠠᠭᠰᠢ ᠰᠤᠷᠤᠭᠴᠢᠳ ᠤᠨ ᠭᠠᠯ ᠤᠨ ᠠᠶᠤᠯ ᠵᠡᠷᠭᠡ ᠪᠠᠴᠢᠮ ᠪᠠᠶᠢᠳᠠᠯ ᠢ ᠠᠷᠭᠠᠴᠠᠬᠤ ᠲᠤᠬᠠᠢ ᠮᠡᠳᠡᠯᠭᠡ ᠶᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠭᠠᠯ ᠤᠨᠲᠠᠷᠠᠭᠠᠬᠤ ᠠᠮᠤᠷ ᠲᠦᠪᠰᠢᠨ ᠤ ᠤᠬᠠᠮᠰᠠᠷ ᠢ ᠦᠨᠡᠨ ᠬᠦ ᠳᠡᠭᠡᠭᠰᠢᠯᠡᠭᠦᠯᠦᠭᠰᠡᠨ ᠪᠠᠶᠢᠨ᠎ᠠ᠃ ︽︿3.25﹀᠎ ᠤ ᠪᠥᠬᠦ ᠬᠤᠰᠢᠭᠤᠨ ᠤ ᠳᠤᠮᠳᠠᠳᠤ ᠪᠠᠭ᠎ᠠ ᠰᠤᠷᠭᠠᠭᠤᠯᠢ ᠶᠢᠨ ᠭᠠᠯ ᠤᠨᠲᠠᠷᠠᠭᠠᠬᠤ ᠰᠣᠷᠢᠯᠲᠠ ᠶᠢᠨ ᠲᠤᠬᠠᠶ ᠶᠢᠨ ᠲᠠᠯᠠᠪᠤᠷ ᠤᠨ ᠠᠵᠢᠯᠯᠠᠭ᠎ᠠ ᠶᠢᠨ ᠬᠡᠷᠡᠭᠵᠢᠭᠦᠯᠬᠦ ᠲᠥᠰᠦᠯ︾᠎ ᠤᠨ ᠲᠣᠬᠢᠷᠠᠭᠤᠯᠤᠯᠲᠠ ᠶᠣᠰᠣᠭᠠᠷ᠂ ᠪᠥᠬᠦ ᠬᠤᠰᠢᠭᠤᠨ ᠤ ᠡᠯ᠎ᠡ ᠰᠤᠷᠭᠠᠭᠤᠯᠢ ᠶᠢᠨ ᠬᠦᠷᠢᠶᠡᠨ ᠤ ᠬᠢᠨ ᠲᠣᠰ ᠭᠠᠷᠠᠭ ᠲᠤ ᠭᠠᠯ ᠤᠨᠲᠠᠷᠠᠭᠠᠬᠤ ᠰᠣᠷᠢᠯᠲᠠ ᠶᠢᠨ ᠠᠵᠢᠯᠯᠠᠭ᠎ᠠ ᠶᠢ ᠵᠠᠯᠭᠠᠭ᠎ᠠ ᠪᠠᠷ ᠥᠷᠨᠢᠭᠦᠯᠬᠦ ᠪᠠᠷ ᠪᠠᠶᠢᠨ᠎ᠠ᠃ 
 
ᠢᠷᠡᠯᠲᠡ᠄ ᠬᠥᠪᠡᠭᠡᠲᠦ ᠰᠢᠷ᠎ᠠ ᠬᠤᠰᠢᠭᠤᠨ ᠤ ᠰᠤᠨᠢᠨ ᠮᠡᠳᠡᠭᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号