︽ᠲᠤᠯᠠᠭᠠᠯᠠᠬᠤ ᠢᠨᠵᠧᠨᠧᠷᠢᠩ︾ ᠠᠷᠠᠳ ᠤᠨ ᠰᠡᠳᠬᠢᠯ ᠢ ᠪᠠᠶᠠᠰ᠊
ᠨᠡᠶᠢᠲᠡᠯᠡᠭᠰᠡᠨ ᠴᠠᠭ᠄
2024/4/1
︽ᠲᠤᠯᠠᠭᠠᠯᠠᠬᠤ ᠢᠨᠵᠧᠨᠧᠷᠢᠩ︾ ᠠᠷᠠᠳ ᠤᠨ ᠰᠡᠳᠬᠢᠯ ᠢ ᠪᠠᠶᠠᠰᠬᠠᠨ᠎ᠠ                      ᠰᠤᠷᠪᠤᠯᠵᠢᠯᠠᠭᠴᠢ ᠬᠠᠰᠭᠤᠸ᠎ᠠ  ᠹᠧᠩ ᡁᠢ ᠸᠧᠢ    ᠡᠪᠦᠯ ᠤᠨ ᠤᠯᠠᠷᠢᠯ ᠤᠨ ᠳᠤᠯᠠᠭᠠᠯᠠᠭ᠎ᠠ ᠬᠠᠩᠭᠠᠬᠤ ᠪᠣᠯ ᠠᠷᠠᠳ ᠤᠨ ᠠᠮᠢᠳᠤᠷᠠᠯ ᠤᠨ ᠴᠢᠬᠤᠯᠠ ᠢᠨᠵᠧᠨᠧᠷᠢᠩ ᠪᠠᠶᠢᠵᠤ᠂ ᠤᠯᠠᠨ ᠲᠦᠮᠡᠨ ᠤ ᠠᠰᠢᠭ ᠲᠤᠰᠠ ᠲᠠᠢ ᠬᠤᠯᠪᠣᠭᠳᠠᠨ᠎ᠠ᠃ ᠣᠶᠢᠷ᠎ᠠ ᠶᠢᠨ ᠵᠢᠯ᠂ ᠬᠥᠪᠡᠭᠡᠲᠦ ᠰᠢᠷ᠎ᠠ ᠬᠤᠰᠢᠭᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠣᠯᠠᠨ ᠲᠦᠮᠡᠨ ᠤ ᠳᠤᠯᠠᠭᠠᠨ ᠡᠪᠦᠯᠵᠢᠬᠦ ᠶᠢ ᠴᠠᠭ ᠢᠮᠠᠭᠲᠠ ᠰᠡᠳᠬᠢᠯ ᠳᠡᠭᠡᠨ ᠪᠤᠳᠤᠵᠤ᠂ ᠢᠯᠴᠢ ᠬᠠᠩᠭᠠᠬᠤ ᠨᠢᠭᠡᠳᠦᠭᠡᠷ ᠳᠡᠰ ᠤᠨ ᠬᠤᠭᠤᠯᠠᠶ ᠲᠣᠤᠷ ᠢ ᠲᠠᠰ ᠳᠡᠪᠰᠢᠭᠦᠯᠦᠨ ᠥᠭᠡᠷᠡᠴᠢᠯᠡᠬᠦ᠂ ᠢᠯᠴᠢ ᠬᠠᠩᠭᠠᠬᠤ ᠰᠢᠰᠲ᠋ᠧᠮ ᠤᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠵᠡᠷᠭᠡ ᠲᠠᠯ᠎ᠠ ᠪᠠᠷ ᠬᠦᠴᠦ ᠲᠠᠯᠪᠢᠵᠤ᠂ ᠡᠪᠦᠯ ᠤᠨ ᠤᠯᠠᠷᠢᠯ ᠤᠨ ᠲᠥᠪᠯᠡᠷᠡᠭᠦᠯᠦᠨ ᠢᠯᠴᠢ ᠬᠠᠩᠭᠠᠬᠤ ᠶᠠᠰᠤ ᠴᠢᠨᠠᠷ ᠢ ᠳᠡᠭᠡᠭᠰᠢᠯᠡᠭᠦᠯᠦᠨ᠂ ᠢᠯᠴᠢ ᠬᠠᠩᠭᠠᠬᠤ ᠠᠵᠢᠯ ᠢ ᠰᠠᠶᠢᠲᠤᠷ ᠬᠢᠵᠦ᠂ ᠣᠯᠠᠨ ᠲᠦᠮᠡᠨ ᠤ ᠳᠤᠯᠠᠭᠠᠨ ᠡᠪᠦᠯᠵᠢᠬᠦ ᠶᠢ ᠪᠥᠬᠦ ᠬᠦᠴᠦᠨ ᠢᠶᠠᠷ ᠢᠶᠠᠨ ᠪᠠᠳᠤᠯᠠᠵᠤ ᠪᠤᠢ᠃    ᠬᠥᠪᠡᠭᠡᠲᠦ ᠰᠢᠷ᠎ᠠ ᠬᠤᠰᠢᠭᠤᠨ ᠤ ᠰᠢᠨᠡᠪᠤᠯᠠᠭ ᠪᠠᠯᠭᠠᠰᠤᠨ ᠤ ᠵᠢᠶᠠ ᠯᠢᠶᠠᠨ A ᠲᠣᠭᠤᠷᠢᠭ ᠤᠨ ᠰᠠᠭᠤᠭᠠᠯᠢ ᠠᠷᠠᠳ ᠬᠤᠷᠴᠠᠪᠢᠯᠢᠭ᠌ ᠤᠨ ᠠᠰᠠᠷ ᠲᠤ ᠤᠷᠤᠬᠤ ᠳᠤ ᠬᠠᠯᠠᠭᠤᠠ ᠢᠯᠴᠢ ᠦᠭᠡᠳᠡ ᠠᠴᠠ ᠲᠦᠭᠡᠨᠡᠵᠥ ᠪᠠᠶᠢᠯ᠎ᠠ᠃ ︽ᠨᠢᠳᠤᠨᠤᠨ ᠮᠠᠨ ᠤ ᠬᠤᠰᠢᠭᠤ ᠳᠤᠯᠠᠭᠠᠯᠭ᠎ᠠ ᠶᠢᠨ ᠬᠤᠭᠤᠯᠠᠶ ᠲᠣᠣᠷ ᠢ ᠦᠭᠡᠷᠡᠴᠢᠯᠡᠡ ᠵᠠᠰᠬᠠᠰᠠᠠ ᠠᠴᠠ ᠮᠠᠨ ᠤ ᠬᠡᠷ ᠤᠨ ᠳᠤᠯᠠᠭᠠᠯᠭ᠎ᠠ ᠶᠢᠨ ᠬᠡᠮᠵᠢᠶ᠎ᠡ ᠤᠯᠠᠮ ᠰᠠᠶᠢᠠ ᠪᠤᠯᠤᠠᠠᠰᠠᠠ᠂ ᠡᠪᠦᠯ ᠤᠨ ᠤᠯᠠᠷᠢᠯ ᠤᠨ ᠠᠭᠤᠷ ᠠᠮᠢᠰᠬᠤᠯ ᠬᠠᠮᠤᠭ ᠤᠨ ᠬᠦᠢᠲᠡᠨ ᠦᠶ᠎ᠡ ᠳᠤ ᠬᠡᠷ ᠤᠨ ᠳᠤᠯᠠᠭᠠᠨ ᠤ ᠬᠡᠮᠵᠢᠶ᠎ᠡ 22᠂ 23 ᠭᠷᠠᠳᠦ᠋ᠰ ᠲᠤ ᠬᠦᠷᠴᠦ ᠪᠠᠶᠢᠨ᠎ᠠ︾ ᠭᠡᠵᠥ ᠬᠤᠷᠴᠠᠪᠢᠯᠢᠭ᠌ ᠶᠠᠷᠢᠯ᠎ᠠ᠃     ᠴᠡᠩᠭᠡᠯ ᠰᠠᠭᠤᠭᠠᠯᠢ ᠠᠷᠠᠳ ᠤᠨ ᠲᠣᠭᠤᠷᠢᠭ ᠤᠨ ᠤᠷᠠᠨᠭᠡᠷᠡᠯ ᠨᠠᠰᠤᠲᠠᠨ ᠰᠤᠷᠪᠤᠯᠵᠢᠯᠠᠭᠴᠢ ᠳᠤ ᠬᠡᠯᠡᠬᠦ ᠳᠡᠭᠡᠨ᠂ ᠪᠥᠬᠦ ᠬᠤᠰᠢᠭᠤᠨ ᠤ ᠢᠯᠴᠢ ᠬᠠᠩᠭᠠᠬᠤ ᠬᠤᠭᠤᠯᠠᠶ ᠶᠢᠨ ᠲᠣᠤᠷ ᠢ ᠥᠭᠡᠷᠡᠴᠢᠯᠡᠨ ᠲᠠᠰ ᠳᠡᠪᠰᠢᠭᠦᠯᠦᠭᠰᠡᠨ ᠤ ᠳᠠᠷᠠᠭ᠎ᠠ ᠂ ᠲᠡᠭᠦᠨ ᠤ ᠬᠡᠷ ᠤᠨ ᠳᠤᠯᠠᠭᠠᠨ ᠥᠩᠭᠡᠷᠡᠭᠰᠡᠨ ᠵᠢᠯ ᠤᠳ ᠠᠴᠠ ᠲᠤᠯᠠᠭᠠᠠ ᠪᠤᠯᠵᠤ ᠣᠷᠣᠨ ᠰᠠᠭᠤᠴᠠ ᠨᠢ ᠨᠠᠩ ᠲᠠᠭᠠᠯᠠᠮᠵᠢᠲᠠᠶ ᠪᠤᠯᠤᠠᠠᠰᠠᠠ ᠭᠡᠵᠥ ᠪᠠᠶᠢᠯ᠎ᠠ᠃ᠬᠥᠪᠡᠭᠡᠲᠦ ᠰᠢᠷ᠎ᠠ ᠬᠤᠰᠢᠭᠤ 2023 ᠣᠨ ᠳᠤ ︽2023 ᠣᠨ ᠳᠤ ᠬᠥᠪᠡᠭᠡᠲᠦ ᠰᠢᠷ᠎ᠠ ᠬᠤᠰᠢᠭᠤᠨ ᠤ ᠬᠤᠲᠠ ᠪᠠᠯᠭᠠᠰᠤᠨ ᠤ ᠢᠯᠴᠢ ᠬᠠᠩᠭᠠᠬᠤ ︿ᠡᠪᠦᠯ ᠤᠨ ᠡᠪᠡᠳᠴᠢᠨ ᠢ ᠵᠣᠨ ᠵᠠᠰᠠᠬᠤ﹀ ᠲᠤᠰᠬᠠᠶ ᠠᠵᠢᠯᠯᠠᠭᠠᠨ ᠤ ᠲᠥᠰᠦᠯ︾  ᠢ ᠲᠣᠭᠲᠠᠭᠠᠵᠤ᠂ ᠬᠤᠭᠤᠯᠠᠶ ᠲᠣᠤᠷ᠂ ᠢᠵᠢ ᠪᠥᠷᠢᠳᠦᠭᠦᠯᠬᠦ ᠲᠥᠬᠦᠭᠡᠷᠦᠮᠵᠢ ᠵᠡᠷᠭᠡ ᠲᠠᠯ᠎ᠠ ᠶᠢᠨ 45 ᠠᠰᠠᠭᠤᠳᠠᠯ ᠢ ᠴᠠᠭ ᠲᠤᠬᠠᠶ ᠳᠤᠨᠢ ᠪᠠᠶᠢᠴᠠᠭᠠᠨ ᠰᠢᠢᠥᠡᠪᠥᠷᠢᠯᠡᠵᠥ᠂ ᠡᠭᠦᠨ ᠤ ᠬᠠᠮᠲᠤ ᠲᠣᠰ ᠵᠢᠯ ᠳᠤ ᠢᠯᠴᠢ ᠬᠠᠩᠭᠠᠬᠤ ᠨᠢᠭᠡᠳᠦᠭᠡᠷ ᠳᠡᠰ ᠤᠨ ᠬᠤᠭᠤᠯᠠᠶ ᠲᠣᠤᠷ ᠢ 6.4 ᠺᠢᠯᠥᠮᠧᠲᠷ ᠵᠢᠴᠢ ᠢᠵᠢ ᠪᠥᠷᠢᠳᠦᠭᠦᠯᠬᠦ ᠳᠠᠭᠠᠯᠲᠠ ᠲᠥᠬᠦᠭᠡᠷᠦᠮᠵᠢ ᠶᠢ ᠥᠭᠡᠷᠡᠴᠢᠯᠡᠨ ᠰᠠᠶᠢᠵᠢᠷᠠᠭᠤᠯᠵᠤ᠂ ᠢᠯᠴᠢ ᠰᠣᠯᠢᠯᠴᠠᠬᠤ ᠥᠷᠲᠡᠭᠡ ᠶᠢᠨ ᠰᠠᠯᠪᠤᠷᠢ ᠤᠲᠠᠰᠤ ᠶᠢ 8 ᠥᠭᠡᠷᠡᠴᠢᠯᠡᠨ ᠰᠠᠶᠢᠵᠢᠷᠠᠭᠤᠯᠵᠤ᠂ ᠢᠯᠴᠢ ᠬᠠᠩᠭᠠᠬᠤ ᠬᠤᠶᠠᠳᠤᠭᠠᠷ ᠳᠡᠰ ᠤᠨ ᠬᠤᠭᠤᠯᠠᠶ ᠲᠣᠣᠷ ᠢ 5 ᠺᠢᠯᠥᠮᠧᠲᠷ ᠰᠢᠨᠡᠳᠭᠡᠨ ᠥᠭᠡᠷᠡᠴᠢᠯᠡᠵᠦ᠂ ᠰᠢᠯᠭᠠᠠ ᠪᠠᠶᠢᠴᠠᠭᠠᠬᠤ ᠬᠤᠳᠳᠤᠭ62 ᠰᠠᠭᠤᠷᠢ᠂ ᠪᠥᠬᠦ ᠵᠢᠯ ᠳᠤ 2000 ᠲᠦᠮᠡᠨ ᠲᠥᠭᠦᠷᠢᠭ ᠤᠨ ᠪᠠᠯᠠ ᠣᠷᠣᠭᠤᠯᠤᠯᠲᠠ ᠶᠢ ᠪᠡᠶᠡᠯᠡᠭᠦᠯᠵᠦ᠂ ᠢᠯᠴᠢ ᠬᠠᠩᠭᠠᠬᠤ ᠬᠤᠭᠤᠯᠠᠶ ᠲᠣᠤᠷ ᠤᠨ ᠠᠮᠤᠷ ᠲᠦᠪᠰᠢᠨ ᠢᠶᠠᠷ ᠠᠵᠢᠯᠯᠠᠬᠤ ᠬᠢᠷᠢ ᠲᠦᠪᠰᠢᠨ ᠢ ᠦᠨᠡᠡᠭᠦ ᠳᠡᠭᠡᠭᠰᠢᠯᠡᠭᠦᠯᠪᠡ᠃    ᠡᠨᠡ ᠵᠢᠯ ᠬᠥᠪᠡᠭᠡᠲᠦ ᠰᠢᠷ᠎ᠠ ᠬᠤᠰᠢᠭᠤ ᠢᠯᠴᠢ ᠬᠠᠩᠭᠠᠬᠤ ᠬᠤᠶᠠᠳᠤᠭᠠᠷ ᠲᠡᠰ ᠤᠨ ᠬᠤᠭᠤᠯᠠᠢ ᠲᠣᠣᠷ ᠢ 16 ᠺᠢᠯᠣᠮᠧᠲᠷ ᠵᠢᠴᠢ ᠬᠠᠮᠢᠶ᠎ᠠ ᠪᠦᠬᠦᠢ ᠳᠠᠭᠠᠯᠲᠠ ᠲᠥᠬᠦᠭᠡᠷᠦᠮᠵᠢ ᠶᠢ ᠰᠢᠨᠡᠥᠡᠭᠡᠡ ᠦᠭᠡᠷᠡᠴᠢᠯᠡᠭᠦ ᠪᠠᠷ ᠲᠥᠯᠥᠪᠯᠡᠵᠦ᠂ 70 ᠲᠦᠮᠡᠨ ᠲᠡᠭᠰᠢ ᠳᠥᠷᠪᠡᠯᠵᠢᠨ ᠮᠧᠲᠷ᠂ 11 ᠢᠯᠴᠢ ᠰᠣᠯᠢᠬᠤ ᠥᠷᠲᠡᠭᠡ᠂ 6 ᠮᠢᠩᠭ᠎ᠠ ᠭᠠᠷᠤᠢ ᠡᠷᠦᠬᠡ ᠳᠤ ᠬᠤᠯᠪᠣᠭᠳᠠᠵᠤ᠂ 2600 ᠲᠦᠮᠡᠨ ᠲᠥᠭᠦᠷᠢᠭ ᠤᠨ ᠪᠡᠯᠡ ᠣᠷᠣᠭᠤᠯᠬᠤ ᠪᠠᠷ ᠲᠥᠯᠥᠪᠯᠡᠵᠦ  ᠪᠠᠶᠢᠨ᠎ᠠ᠃ ᠪᠡᠯᠡ ᠮᠥᠩᠭᠦᠨ ᠤ ᠢᠷᠡᠯᠲᠡ ᠨᠢ ᠳᠡᠭᠡᠳᠦ ᠱᠠᠲᠤᠨ ᠤ ᠪᠡᠯᠡ ᠮᠥᠩᠭᠦ ᠶᠢ ᠡᠷᠡᠮᠡᠯᠵᠡᠯᠡᠭᠦ ᠪᠠ ᠣᠷᠣᠨ ᠨᠤᠲᠤᠭ ᠤᠨ ᠢᠵᠢ ᠪᠦᠷᠢᠳᠦᠭᠦᠯᠬᠦ ᠪᠠᠷ ᠲᠥᠯᠥᠪᠯᠡᠵᠦ᠂ ᠣᠳᠣᠬᠠᠨ ᠳᠤ ᠨᠢᠭᠡᠨᠲᠡ ᠪᠠᠷᠢᠯᠭ᠎ᠠ ᠶᠢᠨ ᠵᠢᠷᠤᠭ ᠲᠥᠯᠥᠪᠯᠡᠭᠡ ᠶᠢ ᠬᠢᠵᠦ ᠳᠠᠭᠤᠰᠭᠠᠵᠠᠢ᠃    ᠲᠠᠷᠠᠭᠠᠴᠢ ᠶᠢᠨ ᠠᠯᠬᠤᠮ ᠳᠤ᠂ ᠬᠦᠪᠡᠬᠡᠲᠦ ᠰᠢᠷ᠎ᠠ ᠬᠤᠰᠢᠭᠤ ᠢᠯᠴᠢ ᠬᠠᠩᠭᠠᠬᠤ ᠲᠥᠬᠦᠭᠡᠷᠦᠮᠵᠢ ᠶᠢ ᠲᠠᠰ ᠳᠡᠪᠰᠢᠭᠦᠯᠦᠨ ᠥᠭᠡᠷᠡᠴᠢᠯᠡᠬᠦ ᠪᠠᠯᠠ ᠮᠥᠩᠭᠦ ᠶᠢ ᠴᠢᠷᠮᠠᠶᠢᠨ ᠤᠯᠬᠤ ᠠᠵᠢᠯ ᠢ ᠦᠷᠭᠦᠯᠵᠢᠯᠡᠨ ᠴᠢᠩᠭᠠᠳᠬᠠᠨ᠎ᠠ᠃ ᠡᠭᠦᠨ ᠤ ᠬᠠᠮᠲᠤ᠂ ᠦᠶᠯᠡᠴᠢᠯᠡᠭᠡᠨ ᠤ ᠪᠠᠲᠤᠯᠠᠭ᠎ᠠ ᠶᠢᠨ ᠠᠵᠢᠯ ᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠣᠯᠠᠨ ᠲᠦᠮᠡᠨ ᠤ ᠰᠠᠨᠠᠯ ᠰᠠᠨᠠᠭᠤᠯᠭ᠎ᠠ ᠶᠢ ᠬᠢᠨᠠᠮᠠᠭᠠᠶ ᠰᠣᠨᠣᠰᠴᠤ᠂ ᠢᠯᠴᠢ ᠬᠠᠩᠭᠠᠬᠤ ᠪᠡᠯᠡᠳᠬᠡᠮᠵᠢ ᠲᠦᠭᠦᠭᠡᠷᠥᠮᠵᠢ ᠶᠢᠨ ᠠᠵᠢᠯᠯᠠᠭᠠᠨ ᠤ ᠪᠠᠶᠢᠳᠠᠯ ᠪᠠ ᠬᠡᠷᠡᠭᠯᠡᠭᠴᠢ ᠶᠢᠨ ᠢᠯᠴᠢ ᠬᠡᠷᠡᠭᠯᠡᠵᠦ ᠪᠠᠶᠢᠭ᠎ᠠ ᠪᠠᠶᠢᠳᠠᠯ ᠢ ᠴᠠᠭ ᠲᠤᠬᠠᠶ ᠳᠤᠨᠢ ᠤᠶᠢᠯᠠᠭᠠᠨ ᠡᠵᠡᠮᠰᠢᠵᠦ᠂ ᠢᠯᠡᠷᠡᠭᠦᠯᠦᠭᠰᠡᠨ ᠠᠰᠠᠭᠤᠳᠠᠯ ᠢ ᠴᠠᠭ ᠲᠤᠬᠠᠶ ᠳᠤᠨᠢ ᠰᠢᠶᠳᠪᠦᠷᠢᠯᠡᠨ᠂ ᠣᠯᠠᠨ ᠲᠦᠮᠡᠨ ᠤ ᠬᠠᠨᠤᠮᠵᠢ ᠶᠢᠨ ᠬᠡᠮᠵᠢᠶ᠎ᠡ ᠶᠢ ᠲᠠᠰᠤᠷᠠᠯᠲᠠ ᠥᠬᠡᠶ ᠲᠡᠭᠡᠭᠰᠢᠯᠡᠭᠦᠯᠥᠨ᠎ᠡ᠃
 
ᠢᠷᠡᠯᠲᠡ᠄ ᠬᠥᠪᠡᠭᠡᠲᠦ ᠰᠢᠷ᠎ᠠ ᠬᠤᠰᠢᠭᠤᠨ ᠤ ᠰᠤᠨᠢᠨ ᠮᠡᠳᠡᠭᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号