︽ᠱᠦᠵᠢ ᠨᠠᠷ ᠬᠠᠷᠢᠯᠴᠠᠨ ᠰᠤᠷᠤᠯᠴᠠᠬᠤ︾ ᠤᠬᠠᠭᠤᠯᠤᠨ ᠲᠠᠶᠢᠯᠪᠤᠷᠢᠯᠠᠬᠤ ᠮᠡᠳᠡᠭᠦᠯᠦᠯᠲᠡ ᠶᠢᠨ ᠬᠤᠷᠠᠯ ᠬᠤᠷᠠᠯ᠊
ᠨᠡᠶᠢᠲᠡᠯᠡᠭᠰᠡᠨ ᠴᠠᠭ᠄
2024/4/1
︽ᠱᠦᠵᠢ ᠨᠠᠷ ᠬᠠᠷᠢᠯᠴᠠᠨ ᠰᠤᠷᠤᠯᠴᠠᠬᠤ︾ ᠤᠬᠠᠭᠤᠯᠤᠨ ᠲᠠᠶᠢᠯᠪᠤᠷᠢᠯᠠᠬᠤ ᠮᠡᠳᠡᠭᠦᠯᠦᠯᠲᠡ ᠶᠢᠨ ᠬᠤᠷᠠᠯ ᠬᠤᠷᠠᠯᠳᠤᠪᠠ                                   ᠬᠠᠮ ᠵᠠᠭᠤᠴᠢᠯᠠᠭᠤᠷ ᠤᠨ ᠰᠤᠷᠪᠤᠯᠵᠢᠯᠠᠭᠴᠢ                                           ᠬᠠᠰᠭᠤᠸ᠎ᠠ   ᠹᠧᠩ ᡁᠢ ᠸᠧᠢ     ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠭᠦᠨᠵᠡᠭᠡᠶ ᠰᠤᠷᠤᠯᠴᠠᠨ ᠲᠤᠤᠱᠯᠠᠭᠤᠯᠵᠤ᠂ ︽ᠨᠠᠮ ᠤᠨ ᠠᠴᠢ ᠳᠤ ᠲᠠᠯᠠᠷᠬᠠᠠ᠂ ᠨᠠᠮ ᠤᠨ ᠦᠭᠡ ᠶᠢ ᠰᠤᠨᠤᠰᠤᠠ᠂ ᠨᠠᠮ ᠢᠶᠠᠨ ᠲᠠᠭᠠᠨ ᠤᠷᠤᠠᠠᠰᠢᠯᠠᠶ᠎ᠠ︾ ᠣᠯᠠᠨ ᠲᠦᠮᠡᠨ ᠤ ᠬᠥᠮᠦᠵᠢᠯ ᠦᠢᠯᠡᠳᠦᠯᠭᠡ ᠶᠢᠨ ᠠᠵᠢᠯᠯᠠᠭ᠎ᠠ ᠶᠢ ᠪᠤᠳᠠᠲᠠᠶᠢᠵᠢᠭᠤᠯᠤᠨ ᠠᠬᠢᠭᠤᠯᠬᠤ ᠶᠢᠨ ᠲᠥᠯᠥᠭᠡ᠂ 3 ᠰᠠᠷ᠎ᠠ ᠶᠢᠨ 25 ᠤ ᠡᠳᠦᠷ᠂ ᠬᠥᠪᠡᠭᠡᠲᠦ ᠰᠢᠷ᠎ᠠ ᠬᠤᠰᠢᠭᠤ ︽ᠨᠠᠮ ᠤᠨ ᠠᠴᠢ ᠳᠤ ᠲᠠᠯᠠᠷᠬᠠᠠ᠂ ᠨᠠᠮ ᠤᠨ ᠦᠭᠡ ᠶᠢ ᠰᠤᠨᠤᠰᠤᠠ᠂ ᠨᠠᠮ ᠢᠶᠠᠨ ᠲᠠᠭᠠᠨ ᠤᠷᠤᠠᠠᠰᠢᠯᠠᠶ᠎ᠠ︾ ᠤᠯᠠᠨ ᠲᠦᠮᠡᠨ ᠤ ᠬᠥᠮᠦᠵᠢᠯ ᠦᠢᠯᠡᠳᠦᠯᠭᠡ ᠶᠢᠨ ᠠᠵᠢᠯᠯᠠᠭ᠎ᠠ ᠶᠢᠨ ︽ᠱᠦᠵᠢ ᠨᠠᠷ ᠬᠠᠷᠢᠯᠴᠠᠨ ᠰᠤᠷᠤᠯᠴᠠᠬᠤ︾ ᠤᠬᠠᠭᠤᠯᠤᠨ ᠲᠠᠶᠢᠯᠪᠤᠷᠢᠯᠠᠬᠤ ᠮᠡᠳᠡᠭᠦᠯᠦᠯᠲᠡ ᠶᠢᠨ ᠬᠤᠷᠠᠯ ᠢ ᠬᠤᠷᠠᠯᠳᠤᠭᠤᠯᠪᠠ᠃ ᠪᠥᠬᠦ ᠬᠤᠰᠢᠭᠤᠨ ᠤ ᠡᠯ᠎ᠡ ᠭᠠᠴᠠᠭ᠎ᠠ᠂ ᠨᠡᠶᠢᠭᠡᠮ ᠲᠣᠭᠤᠷᠢᠭ ᠪᠠ ᠡᠯ᠎ᠡ ᠪᠠᠶᠢᠭᠤᠯᠭ᠎ᠠ ᠠᠵᠢᠯ ᠦᠢᠯᠡᠰ ᠤᠨ ᠨᠢᠭᠡᠴᠡ᠂ ᠤᠯᠤᠰ ᠤᠨ ᠥᠮᠴᠢᠯᠡᠯ ᠤᠨ ᠠᠵᠤ ᠠᠬᠤᠶᠢᠯᠠᠯ᠂ ᠨᠡᠶᠢᠲᠡ ᠶᠢᠨ ᠥᠮᠴᠢᠯᠡᠯ ᠤᠨ ᠪᠤᠰᠤ ᠠᠵᠤ ᠠᠬᠤᠶᠢᠯᠠᠯ ᠪᠠ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠨᠠᠮ ᠤᠨ ᠡᠭᠦᠷ ᠤᠨ ᠱᠦᠵᠢ ᠪᠠ ᠨᠠᠮ ᠤᠨ ᠠᠵᠢᠯ ᠤᠨ ᠠᠵᠢᠯᠲᠠᠨ᠂ ᠪᠡᠯᠡᠳᠬᠡᠯ ᠨᠠᠮ ᠤᠨ ᠭᠡᠰᠢᠭᠦᠨ ᠵᠡᠷᠭᠡ ᠨᠡᠶᠢᠲᠡ 170 ᠭᠠᠷᠤᠶ ᠬᠥᠮᠦᠨ ᠮᠡᠳᠡᠭᠦᠯᠦᠯᠲᠡ ᠶᠢᠨ ᠬᠤᠷᠠᠯ ᠳᠤ ᠣᠷᠣᠯᠴᠠᠪᠠ     ᠮᠡᠳᠡᠭᠦᠯᠦᠯᠲᠡ ᠶᠢᠨ ᠬᠤᠷᠠᠯ ᠳᠡᠭᠡᠷ᠎ᠡ᠂ ᠠᠶᠢᠮᠠᠭ ᠤᠨ ᠱᠠᠲᠤᠨ ᠤ ᠤᠬᠠᠭᠤᠯᠤᠨ ᠲᠠᠶᠢᠯᠪᠤᠷᠢᠯᠠᠬᠤ ᠪᠦᠯᠬᠦᠮ ᠤᠨ ᠬᠤᠶᠠᠳᠤᠭᠠᠷ ᠤᠬᠠᠭᠤᠯᠤᠨ ᠲᠠᠶᠢᠯᠪᠤᠷᠢᠯᠠᠬᠤ ᠪᠦᠯᠬᠦᠮ ᠤᠨ ᠪᠦᠷᠢᠯᠳᠦᠬᠦᠨ ᠭᠡᠰᠢᠭᠦᠡ ᠪᠠ ᠬᠤᠰᠢᠭᠤ ᠱᠠᠲᠤᠨ ᠤ ᠤᠬᠠᠭᠤᠯᠤᠨ ᠲᠠᠶᠢᠯᠪᠤᠷᠢᠯᠠᠬᠤ ᠪᠦᠯᠬᠦᠮ ᠤᠨ ᠪᠦᠷᠢᠯᠳᠦᠬᠦᠨ ᠭᠡᠰᠢᠭᠦᠡ ︿ᠳᠡᠷᠭᠡᠳᠡᠬᠢ ᠬᠤᠪᠢᠷᠠᠯᠲᠠ ᠪᠠᠨ ᠦᠵᠡᠵᠦ᠂ ᠠᠴᠢ  ᠬᠠᠷᠢᠭᠤᠯᠤᠨ ᠡᠷᠡᠯᠬᠡᠭᠯᠡᠨ ᠤᠷᠤᠭᠰᠢᠯᠠᠵᠤ ᠨᠠᠮ ᠢᠶᠠᠨ ᠳᠠᠭᠠᠬᠤ﹀ ᠪᠠᠷ ᠭᠤᠣᠯ ᠰᠡᠳᠦᠪ ᠪᠣᠯᠭᠠᠵᠤ᠂ ︽ᠵᠢᠷᠭᠤᠭᠠᠨ ᠦᠭᠦᠯᠡᠪᠦᠷᠢ ᠶᠢᠨ ᠪᠣᠳᠠᠲᠤ ᠶᠠᠪᠤᠳᠠᠯ ᠪᠠ ᠶᠣᠰᠣ ᠤᠴᠢᠷ︾ ᠤᠨ ᠲᠣᠭᠤᠷᠢᠨ ᠳᠤ᠂ ︽ᠥᠩᠭᠡᠷᠡᠭᠦᠯᠦᠭᠴᠢ ᠂ ᠭᠡᠷᠡᠴᠢᠯᠡᠭᠴᠢ᠂ ᠬᠠᠮᠲᠤ ᠡᠳ᠋ᠯᠡᠭᠴᠢ︾ ᠶᠢᠨ ᠬᠤᠪᠢ ᠪᠠᠷ ᠦᠨᠳᠦᠰᠦᠨ ᠱᠠᠲᠤᠨ ᠤ ᠤᠴᠢᠷ ᠶᠠᠪᠤᠳᠠᠯ ᠢ ᠬᠤᠪᠢᠶᠠᠯᠴᠠᠪᠠ᠃ ᠡᠯ᠎ᠡ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠱᠦᠵᠢ᠂ ᠭᠡᠷᠡᠯ ᠵᠢᠷᠤᠭ᠂ ᠲᠤᠭ᠎ᠠ ᠪᠠᠷᠢᠮᠲᠠ᠂ ᠪᠣᠳᠠᠲᠤ ᠵᠢᠱᠢᠶ᠎ᠡ ᠪᠠᠷ ᠳᠠᠮᠵᠢᠭᠤᠯᠤᠨ᠂ ᠨᠤᠲᠤᠭ ᠤᠰᠤᠨ ᠤ ᠪᠠᠨ ᠬᠥᠭᠵᠢᠯᠲᠡ ᠬᠤᠪᠢᠷᠠᠯᠲᠠ ᠶᠢ ᠬᠠᠷᠠᠭᠤᠯᠵᠤ᠂ ᠨᠠᠮ ᠤᠨ ᠠᠷᠠᠳ ᠲᠤ ᠠᠰᠢᠭ ᠬᠦᠷᠲᠡᠭᠡᠬᠦ ᠲᠦᠷᠦ ᠶᠢᠨ ᠪᠤᠳᠤᠯᠭ᠎ᠠ ᠶᠢ ᠤᠬᠠᠭᠤᠯᠤᠨ ᠲᠠᠶᠢᠯᠪᠤᠷᠢᠯᠠᠵᠤ᠂ ᠲᠤᠬᠠᠢ ᠶᠢᠨ ᠲᠠᠯᠠᠪᠠᠢ ᠶᠢᠨ ᠺᠠᠳ᠋ᠷ ᠤᠯᠠᠨ ᠲᠦᠮᠡᠨ ᠳᠤ ᠨᠠᠮ ᠤᠨ ᠭᠡᠷᠡᠯ ᠰᠠᠴᠤᠷᠠᠩᠭᠤᠢ ᠲᠤᠰᠬᠠᠯ ᠳᠣᠣᠷ᠎ᠠ᠂ ᠨᠡᠶᠢᠭᠡᠮ ᠤᠨ ᠬᠥᠭᠵᠢᠯ ᠴᠡᠴᠡᠭᠯᠡᠯ ᠲᠣᠭᠲᠠᠭᠤᠨ᠂ ᠠᠷᠠᠳ ᠲᠦᠮᠡᠨ ᠠᠮᠤᠷ ᠲᠠᠶᠢᠪᠤᠩ ᠠᠵᠤ ᠲᠦᠷᠦᠵᠤ ᠪᠠᠶᠢᠭ᠎ᠠ  ᠪᠣᠳᠠᠲᠠᠢ ᠪᠠᠶᠢᠳᠠᠯ ᠢ ᠦᠨᠡᠡᠭᠦ ᠮᠡᠳᠡᠷᠡᠭᠦᠯᠪᠡ᠃    ᠮᠡᠳᠡᠭᠦᠯᠦᠯᠲᠡ ᠶᠢᠨ ᠬᠤᠷᠠᠯ ᠲᠡᠭᠦᠰᠦᠭᠰᠡᠨ ᠤ ᠳᠠᠷᠠᠭ᠎ᠠ᠂ ᠣᠯᠠᠨ ᠢᠶᠠᠷ ᠢᠶᠠᠨ ᠲᠣᠰ ᠪᠡᠶ᠎ᠡ ᠶᠢᠨ ᠠᠵᠢᠯ ᠤᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ᠬᠠᠷᠠᠯᠲᠠ ᠱᠠᠭᠠᠷᠳᠠᠯᠭ᠎ᠠ ᠲᠠᠢ ᠨᠢᠭᠲᠠ ᠤᠶᠠᠯᠳᠤᠭᠤᠯᠵᠤ᠂ ᠲᠦᠷᠦᠭᠦᠯᠡᠨ ᠰᠤᠷᠤᠯᠴᠠᠵᠤ᠂ ᠲᠦᠷᠦᠭᠦᠯᠡᠨ ᠶᠠᠷᠢᠵᠤ᠂ ᠲᠦᠷᠦᠭᠦᠯᠡᠨ ᠬᠢᠵᠦ᠂ ᠱᠦᠵᠢ ᠶᠢᠨ ︽ᠳᠠᠭᠠᠭᠤᠯᠤᠭᠴᠢ︾  ᠶᠢᠨ ᠦᠢᠯᠡᠳᠦᠯ ᠢ ᠪᠠᠳᠠᠷᠠᠭᠤᠯᠵᠤ᠂ ᠨᠠᠮ ᠤᠨ ᠬᠢᠴᠢᠶᠡᠯ ᠣᠷᠣᠬᠤ ᠪᠠ ᠤᠷᠤᠭᠰᠢᠯᠠᠬᠤ ᠮᠠᠶ᠋ᠢᠭ ᠤᠨ ᠰᠤᠷᠭᠠᠨ ᠬᠥᠮᠦᠵᠢᠯ ᠵᠡᠷᠭᠡ ᠠᠷᠭ᠎ᠠ ᠮᠠᠶ᠋ᠢᠭ ᠢᠶᠠᠷ ᠰᠤᠷᠴᠤ ᠤᠶᠢᠯᠠᠭᠠᠭᠰᠠᠨ ᠢᠶᠠᠨ ᠣᠯᠠᠨ ᠲᠦᠮᠡᠨ ᠳᠤ ᠶᠠᠷᠢᠵᠤ᠂ ︽ᠵᠢᠷᠭᠤᠭᠠᠨ ᠦᠭᠦᠯᠡᠪᠦᠷᠢ ᠶᠢᠨ ᠪᠣᠳᠠᠲᠤ ᠶᠠᠪᠤᠳᠠᠯ ᠪᠠ ᠶᠣᠰᠣ ᠤᠴᠢᠷ︾ ᠢ ᠦᠨᠳᠦᠰᠦᠨ ᠱᠠᠲᠤᠨ ᠳᠤ ᠳᠠᠮᠵᠢᠭᠤᠯᠤᠨ᠎ᠠ ᠭᠡᠵᠦ ᠢᠯᠡᠳᠬᠡᠵᠡᠭᠡᠪᠡ᠃
 
ᠢᠷᠡᠯᠲᠡ᠄ ᠬᠥᠪᠡᠭᠡᠲᠦ ᠰᠢᠷ᠎ᠠ ᠬᠤᠰᠢᠭᠤᠨ ᠤ ᠰᠤᠨᠢᠨ ᠮᠡᠳᠡᠭᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号