ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠢᠨᠵᠧᠨᠧᠷᠢᠩ ᠢ ᠬᠦᠴᠦᠯᠡᠨᠥᠷᠨᠢᠭᠦᠯᠵᠦ ᠠᠵᠤ ᠠᠬᠤᠶᠢᠯᠠᠯ ᠤᠨ ᠬᠥᠭᠵᠢᠯᠲᠡ ᠳᠤ ᠦᠢᠯᠡᠴᠢ᠊
ᠨᠡᠶᠢᠲᠡᠯᠡᠭᠰᠡᠨ ᠴᠠᠭ᠄
2024/4/1
ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠢᠨᠵᠧᠨᠧᠷᠢᠩ ᠢ ᠬᠦᠴᠦᠯᠡᠨᠥᠷᠨᠢᠭᠦᠯᠵᠦ ᠠᠵᠤ ᠠᠬᠤᠶᠢᠯᠠᠯ ᠤᠨ ᠬᠥᠭᠵᠢᠯᠲᠡ ᠳᠤ ᠦᠢᠯᠡᠴᠢᠯᠡᠨ᠎ᠡ                             ᠬᠠᠮ ᠵᠠᠭᠤᠴᠢᠯᠠᠭᠤᠷ ᠤᠨ ᠰᠤᠷᠪᠤᠯᠵᠢᠯᠠᠭᠴᠢ  ᠰᠤᠷᠪᠤᠯᠵᠢᠯᠠᠭᠴᠢ                                     ᠵᠤᠨ᠎ᠠ  ᠬᠠᠰᠪᠢᠯᠢᠭ᠌     ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠢᠨᠵᠧᠨᠧᠷᠢᠩ ᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠠᠴᠠ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠶᠢ ᠳᠥᠯᠭᠢᠨ ᠠᠬᠢᠭᠤᠯᠬᠤ ︽ᠵᠢᠷᠭᠤᠭᠠᠨ ᠶᠡᠭᠡ ᠢᠨᠵᠧᠨᠧᠷᠢᠩ︾ ᠤᠨ ᠨᠢᠭᠡ ᠪᠤᠯᠭᠠᠨ ᠳᠤᠷᠠᠳᠴᠦ ᠠᠳᠬᠤᠨ ᠠᠬᠢᠭᠤᠯᠤᠭᠰᠠᠨ ᠠᠴᠠ ᠨᠠᠭᠠᠰᠢ᠂ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠢᠨᠵᠧᠨᠧᠷᠢᠩ ᠢ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢᠨ ᠲᠥᠯᠥᠭᠡ ᠬᠥᠪᠡᠭᠡᠲᠦ ᠰᠢᠷ᠎ᠠ ᠬᠤᠰᠢᠭᠤ ᠨᠢ ᠨᠡᠶᠢᠭᠡᠮ ᠤᠨ ᠦᠨᠡᠨᠴᠢ ᠢᠲᠡᠭᠡᠮᠵᠢ ᠶᠢᠨ ᠰᠢᠰᠲ᠋ᠧᠮ ᠤᠨ ᠪᠠᠶᠢᠭᠤᠯᠤᠯᠲᠠ ᠶᠢ ᠲᠠᠰᠤᠷᠠᠯᠲᠠ ᠥᠬᠡᠶ ᠪᠦᠷᠢᠨᠰᠢᠬᠦᠯᠵᠦ᠂ ᠪᠥᠬᠦ ᠬᠤᠰᠢᠭᠤ ᠪᠠᠷ ᠢᠶᠠᠨ ᠠᠮᠠᠯᠠᠯᠲᠠ ᠪᠠᠨ ᠪᠠᠲᠤ ᠰᠠᠬᠢᠬᠤ ᠶᠢ ᠳᠥᠯᠭᠢᠨ ᠠᠬᠢᠭᠤᠯᠵᠤ᠂ ᠵᠠᠰᠠᠭ ᠤᠨ ᠶᠠᠪᠤᠳᠠᠯ ᠤᠨ ᠦᠨᠡᠨᠴᠢ ᠢᠲᠡᠭᠡᠮᠵᠢ ᠪᠠ ᠬᠤᠳᠠᠯᠳᠤᠭᠠᠨ ᠤ ᠶᠠᠪᠤᠳᠠᠯ ᠤᠨ ᠦᠨᠡᠨᠴᠢ ᠢᠲᠡᠭᠡᠮᠵᠢ᠂ ᠨᠡᠶᠢᠭᠡᠮ ᠤᠨ ᠦᠨᠡᠨᠴᠢ ᠢᠲᠡᠭᠡᠮᠵᠢ᠂ ᠬᠠᠤᠯᠢ ᠴᠠᠭᠠᠵᠠ ᠶᠢᠨ ᠨᠡᠶᠢᠲᠡ ᠶᠢᠨ ᠢᠲᠡᠭᠡᠮᠵᠢ ᠶᠢ ᠴᠢᠬᠤᠯᠠᠴᠢᠯᠠᠵᠤ᠂ ᠦᠨᠡᠨᠴᠢ ᠢᠲᠡᠭᠡᠮᠵᠢ ᠶᠢ ᠬᠠᠮᠲᠦ ᠪᠠᠷ ᠡᠷᠬᠢᠮᠯᠡᠬᠦ ᠰᠠᠶᠢᠨ ᠰᠠᠶᠢᠬᠠᠨ ᠨᠡᠶᠢᠭᠡᠮ ᠤᠨ ᠳᠦᠷᠢ ᠲᠥᠷᠬᠦ ᠶᠢ ᠱᠤᠭᠤᠭᠰᠠᠨ ᠪᠠᠶᠢᠨ᠎ᠠ᠃    ᠬᠥᠪᠡᠭᠡᠲᠦ ᠰᠢᠷ᠎ᠠ ᠬᠤᠰᠢᠭᠤᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠠᠵᠢᠯᠲᠠᠳ ᠮᠧᠩ ᠺᠧ ᠯᠦᠩ ᠬᠡᠳᠦ ᠳᠡᠯᠭᠡᠭᠦᠷ ᠲᠤ ᠲᠠᠸᠠᠷ ᠤᠨ ᠦᠢᠯᠡᠳᠪᠦᠷᠢᠯᠡᠯ ᠤᠨ ᠡᠳᠦᠷ ᠬᠤᠭᠤᠴᠠᠭ᠎ᠠ᠂ ᠴᠢᠨᠠᠷ ᠢ ᠪᠠᠲᠤᠯᠠᠬᠤ ᠬᠤᠭᠤᠴᠠᠭ᠎ᠠ᠂ ᠠᠵᠤ ᠠᠬᠤᠶᠢᠯᠠᠯ ᠤᠨ ᠪᠠᠷᠠᠭ᠎ᠠ ᠬᠠᠩᠭᠠᠬᠤ ᠡᠬᠡ ᠲᠠᠩᠰᠠ᠂ ᠪᠠᠷᠠᠭ᠎ᠠ ᠬᠠᠩᠭᠠᠬᠤ ᠲᠠᠯ᠎ᠠ ᠶᠢᠨ ᠬᠠᠤᠯᠢ ᠶᠣᠰᠣᠨ ᠤ ᠬᠢᠷᠢ ᠬᠡᠮ᠂ ᠦᠢᠯᠡᠳᠪᠦᠷᠢ ᠠᠴᠠ ᠭᠠᠷᠬᠤ ᠪᠠᠶᠢᠴᠠᠭᠠᠯᠲᠠ ᠶᠢᠨ ᠮᠡᠳᠡᠭᠦᠯᠦᠯᠲᠡ ᠪᠣᠯᠤᠨ ᠬᠦᠢᠲᠡᠨ ᠬᠡᠯᠬᠢᠶᠡᠲᠦ ᠢᠳᠡᠭᠡᠨ ᠤ ᠬᠢᠷᠢ ᠲᠡᠩᠴᠡᠭᠰᠡᠨ ᠦᠨᠡᠮᠯᠡᠯ ᠢ ᠪᠠᠶᠢᠴᠠᠭᠠᠨ ᠦᠵᠡᠵᠤ᠂ ᠬᠡᠳᠦ ᠳᠡᠯᠭᠡᠭᠦᠷ ᠤᠨ ᠰᠤᠯᠠ ᠪᠣᠭᠤᠳᠠᠯᠯᠠᠭᠰᠠᠨ ᠢᠳᠡᠭᠡᠨ ᠤ ᠲᠡᠮᠳᠡᠭ ᠤᠨ ᠪᠠᠶᠢᠳᠠᠯ ᠵᠢᠴᠢ ᠭᠠᠳᠠᠭᠠᠳᠤ ᠠᠴᠠ ᠣᠷᠣᠭᠤᠯᠤᠭᠰᠠᠨ ᠢᠳᠡᠭᠡᠨ᠂ ᠣᠨᠴᠠᠭᠠᠢ ᠲᠦᠷᠦᠯ ᠤᠨ ᠢᠳᠡᠭᠡᠨ ᠢ ᠪᠠᠶᠢᠴᠠᠭᠠᠨ ᠰᠢᠯᠭᠠᠵᠤ ᠪᠠᠶᠢᠯ᠎ᠠ᠃  ᠪᠠᠶᠢᠴᠠᠭᠠᠵᠤ ᠭᠠᠷᠭᠠᠭᠰᠠᠨ ᠠᠰᠠᠭᠤᠳᠠᠯ ᠢ ᠬᠠᠤᠯᠢ ᠬᠡᠷᠡᠭᠵᠢᠭᠦᠯᠬᠦ ᠠᠵᠢᠯᠲᠠᠨ ᠠᠴᠠ ᠬᠤᠭᠤᠴᠠᠭ᠎ᠠ ᠳᠤᠭᠳᠠᠨ  ᠬᠠᠯᠠᠨ ᠰᠠᠶᠢᠵᠢᠷᠠᠭᠤᠯᠬᠤ ᠶᠢ ᠱᠠᠭᠠᠷᠳᠠᠵᠠᠢ᠃ ᠡᠭᠦᠨ ᠤ ᠵᠡᠷᠭᠡ ᠪᠠᠷ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠵᠤ᠂ ᠣᠯᠠᠨ ᠲᠦᠮᠡᠨ ᠳᠤ ᠨᠡᠶᠢᠭᠡᠮ ᠤᠨ ᠦᠨᠡᠨᠴᠢ ᠢᠲᠡᠭᠡᠮᠵᠢ ᠶᠢᠨ ᠰᠢᠰᠲ᠋ᠧᠮ ᠤᠨ ᠪᠠᠶᠢᠭᠤᠯᠤᠯᠲᠠ ᠶᠢᠨ ᠬᠤᠯᠪᠣᠭᠳᠠᠯ ᠪᠥᠬᠦᠶ ᠲᠥᠷᠥ ᠶᠢᠨ ᠪᠣᠳᠣᠯᠭ᠎ᠠ ᠬᠠᠤᠯᠢ ᠲᠣᠭᠲᠠᠭᠠᠯ ᠪᠠ ᠦᠨᠡᠨᠴᠢ ᠢᠲᠡᠭᠡᠮᠵᠢ ᠶᠢᠨ ᠮᠡᠳᠡᠭᠡ ᠵᠠᠩᠭᠢ ᠶᠢᠨ ᠮᠡᠳᠡᠯᠭᠡ ᠶᠢ ᠲᠦᠭᠡᠮᠡᠯᠵᠢᠭᠦᠯᠵᠦ᠂ ᠣᠯᠠᠨ ᠲᠦᠮᠡᠨ ᠤ ᠦᠨᠡᠨᠴᠢ ᠢᠲᠡᠭᠡᠮᠵᠢ ᠶᠢᠨ ᠤᠬᠠᠮᠰᠠᠷ ᠢ ᠨᠡᠮᠡᠭᠳᠡᠭᠦᠯᠦᠨ᠂ ᠨᠡᠶᠢᠭᠡᠮ ᠳᠠᠶᠠᠭᠠᠷ ᠲᠤ ᠦᠨᠡᠨᠴᠢ ᠢᠲᠡᠭᠡᠮᠵᠢ ᠶᠢᠨ ᠶᠣᠰᠣ ᠰᠤᠷᠲᠠᠬᠤᠨ ᠢ ᠤᠯᠠᠮ ᠴᠢᠨᠠᠭᠰᠢᠳᠠ ᠲᠦᠭᠡᠮᠡᠯᠵᠢᠬᠦᠯᠬᠦ ᠶᠢ ᠰᠠᠨᠠᠭᠠᠴᠢᠯᠠᠵᠠᠢ᠃ ︽ᠪᠢᠳᠡ ᠬᠥᠪᠡᠭᠡᠲᠦ ᠰᠢᠷ᠎ᠠ ᠬᠤᠰᠢᠭᠤᠨ ᠤ ᠠᠷᠠᠳ ᠢᠷᠭᠡᠳ ᠲᠤ ᠦᠢᠯᠡᠴᠢᠯᠡᠳᠡᠭ ᠬᠡᠲᠦ ᠳᠡᠯᠭᠡᠭᠦᠷ ᠪᠣᠯᠤᠭᠰᠠᠨ ᠤ ᠬᠤᠪᠢ ᠳᠤ ᠬᠢᠷᠢ ᠬᠡᠮ ᠤᠨ ᠲᠠᠯ᠎ᠠ ᠪᠠᠷ ᠴᠢᠩᠭ᠎ᠠ ᠠᠳᠬᠤᠨ᠂ ᠬᠤᠯᠪᠣᠭᠳᠠᠯ ᠪᠥᠬᠦᠶ ᠢᠳᠡᠭᠡᠨ ᠤ ᠠᠮᠤᠷ ᠲᠦᠪᠰᠢᠨ ᠤ ᠳᠠᠭᠠᠳᠬᠠᠯ ᠳᠤ ᠤᠷᠤᠵᠤ᠂ ᠬᠡᠷᠪᠡ ᠶᠠᠮᠠᠷ ᠨᠢᠭᠡᠨ ᠰᠠᠨᠠᠭᠠᠨ ᠳᠤ ᠥᠬᠡᠶ ᠶᠠᠪᠤᠳᠠᠯ ᠭᠠᠷᠪᠠᠯ᠂ ᠪᠢᠳᠡ ᠴᠥᠮ ᠴᠠᠭ ᠲᠤᠬᠠᠶ ᠳᠤᠨᠢ ᠳᠥᠯᠥᠵᠦ ᠦᠭᠬᠦᠨ᠎ᠡ︔ ᠮᠠᠨ ᠤ ᠬᠡᠲᠦ ᠳᠡᠯᠭᠡᠭᠦᠷ ᠠᠴᠠ ᠬᠤᠳᠠᠯᠳᠤᠨ ᠠᠪᠤᠭᠰᠠᠨ ᠪᠠᠷᠠᠭ᠎ᠠ ᠳᠤ ᠶᠠᠮᠠᠷ ᠨᠢᠭᠡᠨ ᠠᠰᠠᠭᠤᠳᠠᠯ ᠭᠠᠷᠪᠠᠯ᠂ ᠶᠠᠮᠠᠷ ᠴᠤ ᠰᠢᠯᠲᠠᠭᠠᠨ ᠥᠬᠡᠶ ᠪᠠᠷ ᠪᠤᠴᠠᠭᠠᠨ ᠦᠭᠭᠦᠨ᠎ᠡ︔ ᠪᠢᠳ᠋ᠨ ᠦᠷᠭᠦᠯᠵᠢᠯᠡᠨ ᠪᠦᠭᠦ ᠬᠤᠰᠢᠭᠤᠨ ᠤ ᠠᠷᠠᠳ ᠢᠷᠭᠡᠳ ᠲᠤ ᠠᠮᠤᠷ ᠲᠦᠪᠰᠢᠨ᠂ ᠡᠷᠡᠭᠦᠯ ᠴᠢᠭᠢᠷᠠᠭ᠂ ᠪᠣᠬᠢᠷᠲᠤᠯ ᠦᠭᠡᠢ ᠢᠳᠡᠭᠡᠨ ᠢ ᠬᠠᠩᠭᠠᠨ᠎ᠠ︾ ᠭᠡᠵᠤ ᠮᠧᠩ ᠺᠧ ᠯᠦᠩ ᠴᠢᠯᠦᠭᠡᠲᠦ ᠳᠡᠯᠭᠡᠭᠦᠷ ᠤᠨ ᠬᠠᠷᠢᠭᠤᠴᠠᠯᠭᠠᠲᠠᠨ ᠹᠦ᠋ ᠶᠢᠨ ᠪᠦᠦ ᠶᠠᠷᠢᠯ᠎ᠠ᠃    ᠣᠶᠢᠯᠠᠭᠠᠭᠰᠠᠨ ᠢᠶᠠᠷ᠂ ᠬᠥᠪᠡᠭᠡᠲᠦ ᠰᠢᠷ᠎ᠠ ᠬᠤᠰᠢᠭᠤᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠦᠨᠡᠨᠴᠢ ᠢᠲᠡᠭᠡᠮᠵᠢ ᠶᠢᠨ ᠮᠡᠳᠡᠭᠡ ᠵᠠᠩᠭᠢ ᠶᠢ ᠴᠤᠭᠯᠠᠭᠤᠯᠵᠤ ᠬᠠᠮᠲᠤᠪᠠᠷ  ᠠᠰᠢᠭᠯᠠᠬᠤ ᠶᠢᠨ ᠲᠥᠯᠥᠭᠡ᠂ ᠪᠥᠬᠦ ᠤᠯᠤᠰ ᠤᠨ ᠦᠨᠡᠨᠴᠢ ᠢᠲᠡᠭᠡᠮᠵᠢ ᠶᠢᠨ ᠮᠡᠳᠡᠭᠡ ᠵᠠᠩᠭᠢ ᠶᠢᠨ ᠵᠢᠭᠰᠠᠭᠠᠯᠲᠠ ᠪᠠ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠯᠠᠨ ᠨᠡᠶᠢᠲᠡ ᠶᠢᠨ ᠦᠨᠡᠨᠴᠢ ᠢᠲᠡᠭᠡᠮᠵᠢ ᠶᠢᠨ ᠮᠡᠳᠡᠭᠡ ᠵᠠᠩᠭᠢ ᠶᠢᠨ ᠵᠢᠭᠰᠠᠭᠠᠯᠲᠠ ᠂ ᠡᠯ᠎ᠡ ᠲᠥᠷᠥᠯ ᠤᠨ ᠦᠨᠡᠨᠴᠢ ᠢᠲᠡᠭᠡᠮᠵᠢ ᠶᠢᠨ ᠮᠡᠳᠡᠭᠡ ᠵᠠᠩᠭᠢ ᠶᠢ ᠴᠤᠭᠯᠠᠭᠤᠯᠵᠦ᠂ ᠰᠠᠯᠠᠭ᠎ᠠ ᠮᠥᠴᠢᠷ ᠤᠳ ᠤᠨ ᠬᠤᠭᠤᠷᠤᠨᠳᠦ ᠦᠨᠡᠨᠴᠢ ᠢᠲᠡᠭᠡᠮᠵᠢ ᠶᠢᠨ ᠮᠡᠳᠡᠭᠡ ᠵᠠᠩᠭᠢ ᠶᠢ ᠬᠠᠮᠲᠦ ᠪᠠᠷ ᠠᠰᠢᠭᠯᠠᠬᠤ ᠶᠢ ᠪᠡᠶᠡᠯᠡᠭᠦᠯᠦᠨ᠂ ᠠᠵᠤ ᠠᠬᠤᠶᠢᠯᠠᠯ ᠤᠨ ᠦᠨᠡᠨᠴᠢ ᠢᠲᠡᠭᠡᠮᠵᠢ ᠶᠢᠨ ᠪᠠᠶᠢᠳᠠᠯ ᠢ ᠴᠠᠭ ᠳᠤᠬᠠᠢ ᠳᠤᠨᠢ ᠰᠢᠨᠡᠳᠬᠡᠬᠦ ᠳᠤ ᠪᠣᠳᠠᠲᠤ ᠲᠤᠭ᠎ᠠ ᠪᠠᠷᠢᠮᠲᠠ ᠬᠠᠩᠭᠠᠵᠠᠢ᠃ ᠣᠲᠣ ᠪᠣᠯᠲᠠᠯ᠎ᠠ᠂ ᠮᠠᠨ ᠤ ᠬᠤᠰᠢᠭᠤᠨ ᠤ ᠠᠵᠤ ᠠᠬᠤᠶᠢᠯᠠᠯ ᠲᠠᠢ ᠬᠤᠯᠪᠣᠭᠳᠠᠭᠰᠠᠨ ︽ᠬᠤᠶᠠᠷ ᠢ ᠵᠠᠷᠯᠠᠨ ᠨᠡᠶᠢᠲᠡᠯᠡᠬᠦ︾ ᠵᠠᠰᠠᠭ ᠵᠠᠬᠢᠷᠭᠠᠨ ᠤ ᠬᠢᠨᠠᠨ ᠵᠦᠪᠰᠢᠶᠡᠷᠡᠬᠦ ᠵᠦᠢᠯ 1628᠂ ᠵᠠᠰᠠᠬ ᠵᠠᠬᠢᠷᠭᠠᠨ ᠤ ᠰᠢᠢᠳᠬᠡᠯ ᠲᠤᠷᠭᠠᠭᠤᠯᠢ 308 ᠵᠦᠢᠯ ᠳᠤ ᠬᠦᠷᠦᠭᠰᠡᠨ ᠪᠠᠶᠢᠨ᠎ᠠ᠃ ᠡᠨᠡ ᠵᠢᠯ ᠠᠴᠠ ᠨᠠᠭᠠᠰᠢ᠂ ᠳᠣᠲᠣᠭᠠᠳᠤ ᠶᠢᠨ ᠡᠭᠦᠷᠭᠡ ᠶᠢ ᠨᠡᠶᠢᠲᠡ 16 ᠤᠳᠠᠭ᠎ᠠ᠂ ᠬᠠᠮᠲᠤᠷᠠᠭᠰᠠᠨ ᠡᠭᠦᠷᠭᠡ ᠶᠢ 2 ᠤᠳᠠᠭ᠎ᠠ ᠥᠷᠨᠢᠭᠦᠯᠵᠦ᠂ ᠳᠣᠤᠷᠠᠳᠤ ᠱᠠᠲᠤᠨ ᠤ ᠪᠠᠶᠢᠴᠠᠭᠠᠯᠲᠠ ᠶᠢ 1 ᠤᠳᠠᠭ᠎ᠠ ᠦᠷᠨᠢᠭᠦᠯᠵᠡᠢ᠃ ︽ᠪᠢᠳᠡ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠪᠠᠷ ᠭᠤᠣᠯ ᠰᠢᠵᠢᠮ ᠪᠣᠯᠭᠠᠬᠤ ᠶᠢ ᠪᠠᠷᠢᠮᠲᠠᠯᠠᠵᠤ᠂ ᠪᠦᠬᠦ ᠣᠷᠣᠨ᠂ ᠪᠦᠬᠦ ᠠᠶᠢᠮᠠᠭ᠂ ᠪᠦᠬᠦ ᠬᠤᠰᠢᠭᠤᠨ ᠤ ᠠᠵᠤ ᠠᠬᠤᠢ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠡᠵᠡᠩᠨᠡᠯᠲᠡ ᠶᠢᠨ ᠭᠤᠣᠯ ᠴᠣᠭᠴᠠ ᠶᠢᠨ ᠦᠨᠡᠨᠴᠢ ᠢᠲᠡᠭᠡᠮᠵᠢ ᠶᠢᠨ ᠲᠦᠪᠰᠢᠨ ᠢ ᠳᠡᠭᠡᠭᠰᠢᠯᠡᠭᠦᠯᠵᠦ᠂ ᠬᠤᠳᠠᠯᠳᠤᠭ᠎ᠠ ᠡᠷᠬᠢᠯᠡᠬᠦ ᠣᠷᠴᠢᠨ ᠲᠣᠭᠤᠷᠢᠨ ᠢ ᠦᠷᠭᠦᠯᠵᠢᠯᠡᠨ ᠰᠢᠯᠢᠳᠡᠭᠵᠢᠭᠦᠯᠬᠦ ᠪᠠᠷ ᠬᠠᠷᠠᠯᠲᠠ ᠪᠣᠯᠭᠠᠵᠤ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠬᠦᠷᠢᠶᠡᠨ ᠤ ᠦᠨᠡᠨᠴᠢ ᠢᠲᠡᠭᠡᠮᠵᠢ ᠶᠢᠨ ᠮᠡᠳᠡᠭᠡ ᠵᠠᠩᠭᠢ ᠶᠢᠨ ᠭᠦᠨᠵᠡᠭᠡᠢ ᠠᠭᠤᠰᠤᠯᠴᠠᠯ ᠢ ᠠᠬᠢᠭᠤᠯᠵᠤ᠂ ᠵᠠᠬ᠎ᠠ ᠳᠡᠯᠭᠡᠭᠦᠷ ᠤᠨ ᠡᠮᠬᠢ ᠳᠢᠭᠯᠢᠮ ᠢ ᠦᠨᠡᠨᠬᠦ ᠵᠢᠷᠤᠮᠵᠢᠭᠤᠯᠵᠤ᠂ ᠠᠷᠠᠯᠵᠢᠶᠠᠨ ᠤ ᠥᠪᠡᠷ ᠤᠨ ᠦᠷᠳᠡᠭ ᠢ ᠪᠠᠭᠤᠷᠠᠭᠤᠯᠵᠤ᠂ ᠬᠢᠨᠠᠨ ᠬᠠᠮᠢᠶᠠᠷᠬᠤ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠡᠵᠡᠩᠨᠡᠯᠲᠡ ᠶᠢᠨ ᠭᠤᠤᠯ ᠴᠣᠭᠴᠠ ᠶᠢᠨ ᠦᠨᠡᠨᠴᠢ ᠢᠲᠡᠭᠡᠮᠵᠢ ᠶᠢᠨ ᠬᠢᠷᠢ ᠲᠦᠪᠰᠢᠨ ᠢ ᠳᠡᠭᠡᠭᠰᠢᠯᠡᠭᠦᠯᠬᠦ ᠳᠤ ᠬᠦᠴᠦᠨ ᠨᠡᠮᠡᠷᠢᠯᠡᠵᠦ᠂ ᠦᠨᠡᠨᠴᠢ ᠢᠲᠡᠭᠡᠮᠵᠢᠲᠡᠶ ᠵᠠᠬ᠎ᠠ ᠳᠡᠯᠭᠡᠭᠦᠷ ᠤᠨ ᠠᠵᠢᠯᠯᠠᠭᠠᠨ ᠤ ᠤᠷᠴᠢᠨ ᠢ ᠪᠣᠶ ᠪᠣᠯᠭᠠᠵᠤ᠂ ︽ᠬᠤᠶᠠᠷ ᠶᠡᠭᠡ ᠶᠠᠪᠤᠳᠠᠯ︾ ᠢ ᠨᠠᠶᠢᠳᠠᠪᠤᠷᠢᠵᠢᠭᠤᠯᠬᠤ ᠠᠵᠤ ᠠᠬᠤᠶ ᠶᠢᠨ ᠰᠠᠭᠤᠷᠢ ᠶᠢ ᠪᠠᠲᠤᠳᠬᠠᠨ᠂ ᠬᠥᠪᠡᠭᠡᠲᠦ ᠰᠢᠷ᠎ᠠ ᠬᠤᠰᠢᠭᠤᠨ ᠤ ᠡᠵᠡᠩᠨᠡᠯᠲᠡ ᠶᠢᠨ ᠭᠤᠤᠯ ᠴᠣᠭᠴᠠ ᠶᠢᠨ ᠴᠢᠨᠠᠷ ᠰᠠᠶᠢᠲᠠᠶ ᠬᠥᠭᠵᠢᠯᠲᠡ ᠳᠤ ᠦᠨᠡᠨᠬᠦ ᠦᠢᠯᠡᠴᠢᠯᠡᠨ᠎ᠡ︾ ᠭᠡᠵᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠳᠤᠪᠴᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠳᠡᠳ᠋ ᠳᠠᠷᠤᠭ᠎ᠠ ᠵᠢᠷᠭᠠᠯ ᠶᠠᠷᠢᠯ᠎ᠠ᠃     ᠡᠬᠦᠨ ᠠᠴᠠ ᠭᠠᠳᠠᠨ᠎ᠠ᠂ ᠬᠥᠪᠡᠭᠡᠲᠦ ᠰᠢᠷ᠎ᠠ ᠬᠤᠰᠢᠭᠤᠨ ᠤ ᠡᠯ᠎ᠡ ᠰᠠᠯᠠᠭ᠎ᠠ ᠮᠥᠴᠢᠷ ᠨᠢᠭᠡᠴᠡ ᠴᠦ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠢᠨᠵᠧᠨᠧᠷᠢᠩ ᠢ ᠪᠦᠬᠦ ᠬᠦᠴᠦᠨ ᠢᠶᠠᠷ ᠢᠶᠠᠨ ᠠᠬᠢᠭᠤᠯᠬᠤ ᠳᠤ ᠦᠢᠯᠡᠴᠢᠯᠡᠵᠤ ᠪᠤᠢ᠃ ᠣᠶᠢᠯᠠᠭᠠᠭᠰᠠᠨ ᠢᠶᠠᠷ᠂ ᠬᠥᠪᠡᠭᠡᠲᠦ ᠰᠢᠷ᠎ᠠ ᠬᠤᠰᠢᠭᠤᠨ ᠤ 12345 ᠬᠠᠯᠠᠮᠰᠢᠯ ᠤᠲᠠᠰᠤ ᠨᠢ ᠤᠯᠠᠨ ᠵᠦᠢᠯ ᠤᠨ ᠠᠷᠭ᠎ᠠ ᠬᠡᠮᠵᠢᠶ᠎ᠡ ᠪᠠᠷ ᠵᠡᠷᠭᠡᠪᠡᠷ ᠬᠡᠷᠡᠭᠵᠢᠭᠦᠯᠵᠦ᠂ ᠬᠠᠯᠠᠮᠰᠢᠯ ᠤᠲᠠᠰᠤᠨ ᠤ ᠦᠨᠡᠨᠴᠢ ᠢᠲᠡᠭᠡᠮᠵᠢ ᠶᠢᠨ ᠰᠢᠰᠲ᠋ᠧᠮ ᠤᠨ ᠪᠠᠶᠢᠭᠤᠯᠤᠯᠲᠠ ᠶᠢ ᠯᠠᠪᠳᠠᠭᠤᠨ ᠪᠠᠲᠤᠲᠠᠢ ᠠᠬᠢᠭᠤᠯᠵᠤ᠂ ᠵᠢᠯ ᠤᠨ ᠡᠬᠢᠨ ᠠᠴᠠ ᠤᠳᠤ ᠪᠣᠯᠲᠠᠯ᠎ᠠ ᠨᠡᠶᠢᠳᠡ 61 ᠠᠵᠤ ᠠᠬᠤᠶᠢᠯᠠᠯ ᠤᠨ ᠬᠦᠰᠡᠯ ᠱᠠᠭᠠᠷᠳᠠᠯᠭ᠎ᠠ ᠶᠢ ᠬᠦᠯᠢᠶᠡᠨ ᠠᠪᠴᠤ ᠰᠢᠢᠳᠪᠦᠷᠢᠯᠡᠬᠦ ᠶᠢᠨ ᠬᠠᠮᠲᠤ ᠬᠤᠯᠪᠤᠭᠠᠲᠦ ᠬᠤᠷᠠᠯ ᠤᠨ ᠲᠣᠭᠲᠠᠴᠠ ᠶᠢ ᠭᠦᠨᠵᠡᠭᠡᠶᠢᠷᠡᠭᠦᠯᠦᠨ ᠨᠠᠶᠢᠳᠠᠪᠤᠷᠢᠵᠢᠭᠤᠯᠬᠤ ᠪᠠᠷ ᠳᠠᠮᠵᠢᠭᠤᠯᠵᠤ᠂ ᠬᠦᠴᠢᠷ ᠲᠦᠪᠡᠭᠲᠡᠢ ᠠᠰᠠᠭᠤᠳᠠᠯ ᠤᠨ ᠭᠤᠣᠯ ᠬᠠᠷᠢᠭᠤᠴᠠᠯᠭᠠᠲᠤ ᠨᠢᠭᠡᠴᠡ ᠪᠣᠯᠤᠨ ᠬᠤᠯᠪᠣᠭᠳᠠᠬᠤ ᠰᠠᠯᠠᠭ᠎ᠠ ᠮᠥᠴᠢᠷ ᠢ ᠲᠣᠳᠣᠷᠬᠠᠶᠢᠯᠠᠵᠤ᠂ ᠠᠵᠤ ᠠᠬᠤᠶᠢᠯᠠᠯ ᠤᠨ ᠬᠦᠴᠢᠷ ᠲᠦᠪᠡᠭ ᠲᠠᠢ 58 ᠠᠰᠠᠭᠤᠳᠠᠯ ᠢ ᠵᠣᠬᠢᠴᠠᠭᠤᠯᠤᠨ ᠰᠢᠢᠳᠪᠦᠷᠢᠯᠡᠵᠦ᠂ 3 ᠠᠰᠠᠭᠤᠳᠠᠯ ᠢ ᠶᠠᠭ ᠰᠢᠢᠳᠪᠦᠷᠢᠯᠡᠵᠦ ᠪᠠᠶᠢᠭ᠎ᠠ ᠪᠦᠭᠡᠳ ᠰᠢᠢᠳᠪᠦᠷᠢᠯᠡᠭᠰᠡᠨ ᠬᠠᠨᠤᠮᠵᠢ ᠶᠢᠨ ᠨᠤᠷᠮ᠎ᠠ 95% ᠲᠤ ᠬᠦᠷᠴᠦ᠂ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠶᠡᠭᠡ ᠪᠠᠷ ᠰᠠᠶᠢᠵᠢᠷᠠᠭᠤᠯᠤᠨ᠂ ᠦᠨᠡᠨᠴᠢ ᠢᠲᠡᠭᠡᠮᠵᠢ ᠶᠢᠨ ᠦᠢᠯᠡᠴᠢᠯᠡᠭᠡ ᠶᠢᠨ ᠦᠷ᠎ᠡ ᠪᠦᠲᠦᠮᠵᠢ ᠤᠯᠬᠤ ᠶᠢ ᠦᠨᠡᠨ ᠬᠦ ᠪᠠᠲᠤᠯᠠᠵᠠᠢ᠃    ᠬᠥᠪᠡᠭᠡᠲᠦ ᠰᠢᠷ᠎ᠠ ᠬᠤᠰᠢᠭᠤ ᠨᠢ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠢᠨᠵᠧᠨᠧᠷᠢᠩ ᠢ ᠦᠷᠭᠦᠯᠵᠢᠯᠡᠨ ᠭᠦᠨᠵᠡᠭᠡᠶᠢᠷᠡᠭᠦᠯᠵᠦ᠂ ᠱᠠᠯᠠᠪᠳᠠᠭᠤᠯᠤᠨ ᠭᠦᠢᠴᠡᠳᠬᠡᠬᠦ ᠡᠷᠴᠢᠮ ᠢᠶᠠᠨ ᠴᠢᠩᠭᠠᠷᠠᠭᠤᠯᠵᠤ᠂ ᠠᠵᠤ ᠠᠬᠤᠶᠢᠯᠠᠯ ᠤᠨ ᠬᠥᠭᠵᠢᠯᠲᠡ ᠳᠤ ᠨᠡᠩ ᠴᠢᠨᠠᠷ ᠰᠠᠶᠢᠲᠠᠢ᠂ ᠥᠨᠳᠥᠷ ᠦᠷ᠎ᠡ ᠪᠦᠲᠦᠮᠵᠢᠲᠡᠢ ᠬᠠᠤᠯᠢᠵᠢᠯ ᠤᠨ ᠣᠷᠴᠢᠨ ᠲᠣᠭᠤᠷᠢᠨ ᠢ ᠡᠬᠦᠳᠦᠨ᠂ ᠡᠯ᠎ᠡ ᠰᠠᠯᠠᠭ᠎ᠠ ᠮᠥᠴᠢᠷ ᠯᠦᠭᠡ ᠶᠢᠨ ᠬᠠᠮᠵᠢᠯᠴᠠᠭ᠎ᠠ ᠶᠢ ᠴᠢᠩᠭᠠᠳᠬᠠᠵᠤ᠂ ᠠᠵᠢᠯ ᠤᠨ ᠬᠠᠮᠲᠤᠷᠠᠯ ᠤᠨ ᠬᠦᠴᠦᠨ ᠢᠶᠠᠷ ᠬᠠᠤᠯᠢᠵᠢᠭᠰᠠᠨ ᠡᠵᠡᠩᠨᠡᠯᠲᠡ ᠶᠢᠨ ᠣᠷᠴᠢᠨ ᠲᠣᠭᠤᠷᠢᠨ ᠢ ᠦᠷᠭᠦᠯᠵᠢᠯᠡᠨ ᠰᠢᠯᠢᠳᠡᠭᠵᠢᠭᠦᠯᠵᠤ᠂ ᠪᠥᠬᠦ ᠬᠤᠰᠢᠭᠤᠨ ᠤ ᠠᠵᠤ ᠠᠬᠤᠶ ᠨᠡᠶᠢᠭᠡᠮ ᠤᠨ ᠬᠥᠭᠵᠢᠯᠲᠡ ᠳᠤ ᠦᠷᠬᠦᠯᠵᠢᠯᠡᠨ ᠦᠢᠯᠡᠴᠢᠯᠡᠵᠤ ᠪᠤᠢ᠃ 
 
ᠢᠷᠡᠯᠲᠡ᠄ ᠬᠥᠪᠡᠭᠡᠲᠦ ᠰᠢᠷ᠎ᠠ ᠬᠤᠰᠢᠭᠤᠨ ᠤ ᠰᠤᠨᠢᠨ ᠮᠡᠳᠡᠭᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号