ᠬᠥᠪᠡᠭᠡᠲᠦ ᠰᠢᠷ᠎ᠠ ᠬᠤᠰᠢᠭᠤ 2024 ᠣᠨ ᠤ ᠤᠷᠢᠬᠠᠨ ᠬᠠᠪᠤᠷ ᠲᠤᠬᠠᠶ ᠶᠢᠨ ᠲᠠᠯᠠᠪᠠᠶ ᠶᠢᠨ ᠠᠵᠢᠯᠲᠠᠨ ᠡᠯᠰᠡᠬᠦ ᠴᠤᠭᠯᠠᠭᠠᠨ ᠢ ᠡᠷᠭᠢ᠊
ᠨᠡᠶᠢᠲᠡᠯᠡᠭᠰᠡᠨ ᠴᠠᠭ᠄
2024/4/1
           ᠬᠥᠪᠡᠭᠡᠲᠦ ᠰᠢᠷ᠎ᠠ ᠬᠤᠰᠢᠭᠤ 2024 ᠣᠨ ᠤ ᠤᠷᠢᠬᠠᠨ  ᠬᠠᠪᠤᠷ ᠲᠤᠬᠠᠶ ᠶᠢᠨ ᠲᠠᠯᠠᠪᠠᠶ ᠶᠢᠨ ᠠᠵᠢᠯᠲᠠᠨ ᠡᠯᠰᠡᠬᠦ ᠴᠤᠭᠯᠠᠭᠠᠨ ᠢ ᠡᠷᠭᠢᠯᠡᠪᠡ                              ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ᠵᠢᠴᠢ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠠᠵᠢᠯ ᠣᠯᠭᠤᠯᠲᠠ ᠶᠢᠨ ᠠᠵᠢᠯ ᠤᠨ ᠲᠤᠬᠠᠶ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠮᠠᠯᠴᠢᠨ ᠲᠠᠷᠢᠶᠠᠴᠢᠨ ᠬᠦᠴᠦ ᠶᠠᠪᠤᠭᠰᠠᠳ᠂ ᠠᠵᠢᠯ ᠣᠯᠬᠤ ᠳᠤ ᠬᠦᠴᠢᠷᠲᠡᠶ ᠬᠥᠮᠦᠰ᠂  ᠶᠡᠭᠡ ᠳᠡᠭᠡᠳᠦ ᠰᠤᠷᠭᠠᠭᠤᠯᠢ ᠲᠡᠭᠦᠰᠦᠭᠰᠡᠳ᠂ ᠴᠡᠷᠢᠭ ᠠᠴᠠ ᠬᠠᠯᠠᠭᠳᠠᠭᠰᠠᠳ ᠵᠡᠷᠭᠡ ᠭᠤᠤᠯᠳᠠᠯᠭ᠎ᠠ ᠲᠠᠢ ᠭᠦᠮᠥᠰ ᠢ ᠲᠥᠪᠯᠡᠷᠡᠭᠦᠯᠦᠨ ᠬᠠᠪᠰᠤᠷᠤᠨ ᠲᠡᠳᠬᠦᠵᠦ ᠠᠵᠢᠯ ᠣᠯᠭᠤᠬᠤ ᠶᠢᠨ ᠲᠤᠰᠠᠳᠠ᠂ ᠬᠥᠳᠡᠯᠮᠦᠷᠢᠴᠢᠳ ᠤᠨ ᠠᠵᠢᠯ ᠡᠷᠢᠬᠦ ᠪᠠ ᠬᠥᠮᠦᠨ ᠬᠡᠷᠡᠭᠯᠡᠬᠦ ᠨᠢᠭᠡᠴᠡ ᠶᠢᠨ ᠠᠵᠢᠯᠲᠠᠨ ᠡᠯᠰᠡᠬᠦ ᠳᠤ ᠲᠠᠪᠴᠠᠩ ᠪᠠᠶᠢᠭᠤᠯᠤᠨ ᠥᠭᠴᠦ᠂ ᠠᠵᠢᠯ ᠣᠯᠭᠤᠯᠲᠠ ᠶᠢ ᠲᠣᠭᠲᠠᠪᠤᠷᠢᠵᠢᠭᠤᠯᠬᠤ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠬᠦ ᠶᠢᠨ ᠲᠦᠯᠥᠭᠡ᠂ 3 ᠰᠠᠷ᠎ᠠ ᠶᠢᠨ 29 ᠤ ᠡᠳᠦᠷ᠂ ᠬᠥᠪᠡᠭᠡᠲᠦ ᠰᠢᠷ᠎ᠠ ᠬᠤᠰᠢᠭᠤᠨ ᠤ 2024 ᠣᠨ ᠤ ᠤᠷᠢᠬᠠᠨ ᠬᠠᠪᠤᠷ ᠲᠤᠬᠠᠶ ᠶᠢᠨ ᠲᠠᠯᠠᠪᠠᠶ ᠶᠢᠨ ᠠᠵᠢᠯᠲᠠᠨ ᠡᠯᠰᠡᠬᠦ ᠴᠤᠭᠯᠠᠭᠠᠨ ᠨᠢ ᠬᠤᠰᠢᠭᠤ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠶᠢᠨ ᠨᠢᠭᠡᠳᠦᠭᠡᠷ ᠲᠠᠪᠬᠤᠷᠭ᠎ᠠ ᠳᠤ ᠶᠠᠪᠤᠭᠳᠠᠪᠠ᠃    ᠲᠤᠰ ᠤᠳᠠᠭᠠᠨ ᠤ ᠠᠵᠢᠯᠲᠠᠨ ᠡᠯᠰᠡᠬᠦ ᠴᠤᠭᠯᠠᠭᠠᠨ ᠨᠢ ᠠᠵᠢᠯᠲᠠᠨ ᠡᠯᠰᠡᠬᠦ ᠴᠤᠭᠯᠠᠭᠠᠨ ᠨᠢ ︽ᠤᠷᠢᠬᠠᠨ ᠬᠠᠪᠤᠷ ᠠᠵᠢᠯ ᠤᠨ ᠪᠠᠶᠢᠷᠢ ᠤᠯᠭᠤᠵᠤ ᠠᠵᠢᠯ ᠤᠯᠭᠤᠯᠳᠠ ᠶᠢ ᠠᠬᠢᠭᠤᠯᠵᠤ ᠤᠨᠤᠪᠴᠢᠳᠠᠢ ᠪᠠᠷ ᠦᠢᠯᠡᠴᠢᠯᠡᠡ ᠭᠦᠭᠵᠢᠯᠳᠡ ᠶᠢ ᠠᠬᠢᠭᠤᠯᠬᠤ︾ ᠪᠠᠷ ᠭᠤᠤᠯ ᠰᠡᠳᠦᠪ ᠪᠣᠯᠭᠠᠵᠤ᠂ ᠠᠵᠢᠯ ᠣᠯᠵᠤ ᠠᠳᠠᠯ ᠦᠢᠯᠡᠰ ᠴᠣᠭᠴᠠᠯᠠᠬᠤ ᠬᠦᠰᠡᠯ ᠡᠷᠡᠮᠡᠯᠵᠡᠯ ᠲᠠᠢ ᠮᠠᠯᠵᠢᠬᠤ ᠲᠠᠷᠢᠶᠠᠯᠠᠬᠤ ᠣᠷᠣᠨ ᠤ ᠬᠥᠳᠡᠯᠮᠦᠷᠢᠴᠢᠨ᠂ 2024 ᠣᠨ ᠤ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠵᠢᠴᠢ ᠲᠡᠭᠦᠰᠦᠭᠡᠳ ᠠᠵᠢᠯ ᠣᠯᠤᠭᠠᠳᠤᠶ ᠤᠶᠤᠲᠠᠳ ᠲᠤ ᠠᠵᠢᠯ ᠣᠯᠭᠤᠬᠤ ᠲᠠᠪᠴᠠᠩ ᠬᠠᠩᠭᠠᠪᠠ᠃    ᠲᠤᠰ ᠤᠳᠠᠭᠠᠨ ᠤ ᠠᠵᠢᠯᠲᠠᠨ ᠡᠯᠰᠡᠬᠦ ᠴᠤᠭᠯᠠᠭᠠᠨ ᠳᠡᠭᠡᠷ᠎ᠡ᠂ ᠥᠪᠥᠷ ᠮᠣᠩᠭᠤᠯ ᠤᠨ ᠭᠠᠨ ᠹᠧᠩ ᠯᠢᠲ᠋ᠢ ᠶᠢᠨ ᠦᠢᠯᠡᠰ ᠤᠨ ᠬᠢᠵᠠᠭᠠᠷᠲᠤ ᠺᠣᠮᠫᠠᠨᠢ᠂ ᠰᠢᠯᠢ ᠶᠢᠨ ᠭᠤᠣᠯ ᠠᠶᠢᠮᠠᠭ ᠤᠨ ᡁᠢ ᠴᠢᠨ ᠨᠢᠭᠲᠠᠯᠠᠨ ᠪᠣᠳᠣᠬᠤ ᠬᠡᠷᠡᠭ ᠡᠷᠬᠢᠯᠡᠬᠦ ᠭᠠᠵᠠᠷ ᠵᠡᠷᠭᠡ ᠣᠷᠣᠨ ᠤ ᠳᠣᠲᠣᠷᠠᠬᠢ ᠪᠠ ᠪᠦᠬᠦ ᠠᠶᠢᠮᠠᠭ ᠤᠨ ᠬᠡᠪᠴᠢᠶᠡᠡ ᠤ 30 ᠠᠵᠤ ᠠᠬᠤᠶᠢᠯᠠᠯ 500 ᠠᠵᠢᠯ ᠤᠨ ᠪᠠᠶᠢᠷᠢ ᠬᠠᠩᠭᠠᠵᠤ᠂ ᠪᠣᠷᠣᠯᠠᠭᠤᠯᠬᠤ᠂ ᠰᠦᠯᠵᠢᠶᠡᠨ ᠤ ᠬᠠᠮᠢᠶᠠᠷᠤᠯᠲᠠ᠂ ᠮᠠᠰᠢᠡ ᠮᠧᠬᠠᠨᠢᠭ ᠂ ᠲᠤᠬᠠᠶᠢᠯᠠᠭᠰᠠᠨ ᠠᠵᠢᠯ ᠤᠨ ᠦᠢᠯᠡᠴᠢᠯᠡᠭᠡ ᠵᠡᠷᠭᠡ ᠤᠯᠠᠨ ᠠᠵᠢᠯ ᠲᠦᠷᠦᠯ ᠤᠨ ᠬᠦᠷᠢᠶ᠎ᠡ ᠶᠢ ᠬᠠᠮᠤᠷᠪᠠ᠃ ᠠᠵᠢᠯᠯᠠᠭ᠎ᠠ ᠶᠢᠨ ᠲᠤᠬᠠᠶ ᠶᠢᠨ ᠲᠠᠯᠠᠪᠠᠶ ᠳᠤ ︽ᠦᠶᠯᠡᠰ ᠴᠣᠭᠴᠠᠯᠠᠬᠤ ᠢᠲᠡᠭᠡᠮᠵᠢᠲᠦ ᠵᠢᠭᠡᠯᠡᠯᠭᠡ ᠶᠢᠨ ᠲᠥᠷᠥ ᠶᠢᠨ ᠪᠣᠳᠣᠯᠭ᠎ᠠ ᠶᠢᠨ ᠠᠰᠠᠭᠤᠯᠲᠠ ᠬᠠᠷᠢᠭᠤᠯᠲᠠ︾᠂ ︽ᠠᠵᠢᠯ ᠣᠯᠭᠤᠯᠲᠠ ᠶᠢᠨ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢᠨ ᠳᠡᠪᠲᠡᠷ︾ ᠵᠡᠷᠭᠡ ᠡᠯ᠎ᠡ ᠲᠥᠷᠥᠯ ᠤᠨ ᠤᠬᠠᠭᠤᠯᠭ᠎ᠠ ᠶᠢᠨ ᠬᠠᠭᠤᠳᠠᠰᠤ ᠶᠢ 200 ᠭᠠᠷᠤᠶ ᠬᠤᠪᠢ ᠲᠠᠷᠬᠠᠭᠠᠪᠠ᠃ ︽ᠥᠨᠥᠳᠦᠷ ᠤᠨ ᠤᠷᠢᠬᠠᠨ ᠬᠠᠪᠤᠷ ᠲᠤᠬᠠᠶ ᠶᠢᠨ ᠲᠠᠯᠠᠪᠠᠶ ᠶᠢᠨ ᠠᠵᠢᠯᠲᠠᠨ ᠡᠯᠰᠡᠬᠦ ᠴᠤᠭᠯᠠᠭᠠᠨ ᠤᠷᠤᠠᠠᠰᠢᠳᠠᠢ ᠶᠠᠪᠤᠭᠳᠠᠵᠤ ᠪᠠᠶᠢᠨ᠎ᠠ︔ ᠡᠩ ᠲᠡᠷᠢᠭᠦᠡ ᠳᠤ ᠬᠥᠪᠡᠭᠡᠲᠦ ᠰᠢᠷ᠎ᠠ ᠬᠤᠰᠢᠭᠤᠨ ᠤ ᠠᠵᠢᠯ ᠣᠯᠭᠤᠯᠲᠠ ᠶᠢᠨ ᠦᠢᠯᠡᠴᠢᠯᠡᠭᠡᠨ ᠤ ᠲᠥᠪ ᠠᠴᠠ ᠮᠠᠨ ᠤ ᠤᠶᠤᠲᠠᠳ ᠲᠤ ᠠᠵᠢᠯ ᠣᠯᠭᠤᠯᠲᠠ ᠶᠢᠨ ᠲᠠᠪᠴᠠᠩ ᠬᠠᠩᠭᠠᠭᠰᠠᠨ ᠳᠤ ᠲᠠᠯᠠᠷᠬᠠᠵᠤ ᠪᠠᠶᠢᠨ᠎ᠠ︔ ᠠᠵᠢᠯ ᠤᠯᠭᠤᠯᠲᠠ ᠪᠤᠯ ᠤᠶᠤᠲᠠᠳ ᠤᠨ ᠨᠢᠳᠥᠡ ᠡᠮᠥᠨ᠎ᠡ ᠲᠤᠯᠭᠠᠷᠠᠵᠤ ᠪᠠᠶᠢᠭ᠎ᠠ ᠴᠢᠬᠤᠯᠠ ᠠᠰᠠᠭᠤᠳᠠᠯ ᠪᠤᠯᠬᠤᠷ ᠤᠯᠠᠨ ᠢᠶᠠᠷ ᠢᠶᠠᠨ ᠡᠨᠡ ᠤᠳᠠᠭᠠᠨ ᠤ ᠠᠵᠠ ᠲᠣᠬᠢᠶᠠᠯ ᠢ ᠨᠠᠨᠳᠢᠩᠨᠠᠨ ᠢᠳᠡᠪᠬᠢᠲᠠᠢ ᠤᠷᠤᠯᠴᠠᠵᠠᠭᠠᠭᠠᠷᠠᠢ︾ ᠭᠡᠵᠦ ᠣᠶᠤᠲᠠᠨ ᠤᠷᠠᠨ᠎ᠠ ᠶᠠᠷᠢᠵᠤ ᠪᠠᠶᠢᠯ᠎ᠠ᠃     ᠲᠣᠰ ᠤᠳᠠᠭᠠᠨ ᠤ ᠠᠵᠢᠯᠲᠠᠨ ᠡᠯᠰᠡᠬᠦ ᠴᠤᠭᠯᠠᠭᠠᠨ ᠢ ᠠᠮᠵᠢᠯᠲᠠ ᠲᠠᠢ ᠡᠷᠬᠢᠯᠡᠭᠰᠡᠨ ᠨᠢ ᠥᠷᠭᠡᠨ ᠣᠯᠠᠨ ᠬᠥᠮᠦᠨ ᠬᠡᠷᠡᠭᠯᠡᠬᠦ ᠨᠢᠭᠡᠴᠡ ᠪᠣᠯᠤᠨ ᠡᠯ᠎ᠡ ᠲᠥᠷᠥᠯ ᠤᠨ ᠠᠵᠢᠯ ᠡᠷᠢᠭ᠍ᠰᠡᠳ ᠲᠤ ᠬᠤᠤᠰ ᠴᠢᠭᠯᠡᠯ ᠢᠶᠠᠷ ᠰᠣᠩᠭᠤᠬᠤ ᠲᠠᠪᠴᠠᠩ ᠪᠠᠶᠢᠭᠤᠯᠵᠤ᠂ ᠬᠠᠷᠢᠶᠠᠲᠤ ᠣᠷᠣᠨ ᠤ ᠰᠠᠭᠤᠭᠠᠯᠢ ᠠᠷᠠᠳ ᠪᠣᠯᠤᠨ ᠮᠠᠯᠵᠢᠬᠤ ᠲᠠᠷᠢᠶᠠᠯᠠᠬᠤ ᠣᠷᠣᠨ ᠤ ᠦᠯᠡᠭᠦᠦ ᠬᠥᠳᠡᠯᠮᠦᠷᠢ ᠬᠦᠴᠦᠨ ᠳᠤ ᠴᠢᠨᠠᠷ ᠰᠠᠶᠢᠲᠠᠶ ᠠᠵᠢᠯ ᠣᠯᠭᠤᠬᠤ ᠲᠣᠬᠢᠶᠠᠯ ᠬᠠᠩᠭᠠᠭᠰᠠᠨ ᠪᠠᠶᠢᠨ᠎ᠠ᠃
 
ᠢᠷᠡᠯᠲᠡ᠄ ᠬᠥᠪᠡᠭᠡᠲᠦ ᠰᠢᠷ᠎ᠠ ᠬᠤᠰᠢᠭᠤᠨ ᠤ ᠰᠤᠨᠢᠨ ᠮᠡᠳᠡᠭᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号