ᠬᠦᠪᠡᠬᠡᠲᠦ ᠰᠢᠷ᠎ᠠ ᠬᠤᠰᠢᠭᠤ ᠤᠢ ᠰᠢᠭᠤᠢ ᠨᠣᠳᠤᠭ ᠪᠠᠯᠴᠢᠬᠡᠷ ᠤᠨ ᠭᠠᠯ ᠤᠨ  ᠭᠠᠮᠰᠢᠭ ᠤᠨ ᠪᠠᠴᠢᠮ ᠪᠠᠶᠢᠳᠠᠯ ᠢ ᠠᠷᠭᠠᠴᠠᠭᠠᠬᠤ ᠰᠣᠷᠢᠯᠳᠠ ᠦᠷᠨᠢᠭ᠊
ᠨᠡᠶᠢᠲᠡᠯᠡᠭᠰᠡᠨ ᠴᠠᠭ᠄
2024/4/1
   ᠬᠦᠪᠡᠬᠡᠲᠦ ᠰᠢᠷ᠎ᠠ ᠬᠤᠰᠢᠭᠤ ᠤᠢ ᠰᠢᠭᠤᠢ ᠨᠣᠳᠤᠭ ᠪᠠᠯᠴᠢᠬᠡᠷ ᠤᠨ ᠭᠠᠯ ᠤᠨ   ᠭᠠᠮᠰᠢᠭ ᠤᠨ ᠪᠠᠴᠢᠮ ᠪᠠᠶᠢᠳᠠᠯ ᠢ ᠠᠷᠭᠠᠴᠠᠭᠠᠬᠤ ᠰᠣᠷᠢᠯᠳᠠ ᠦᠷᠨᠢᠭᠦᠯᠪᠡ                                                       ᠬᠠᠮ ᠵᠠᠭᠤᠴᠢᠯᠠᠭᠤᠷ ᠤᠨ ᠰᠤᠷᠪᠤᠯᠵᠢᠯᠠᠭᠴᠢ                                ᠲᠣᠷᠠᠨ᠎ᠠ  ᠹᠧᠩ ᡁᠢ ᠸᠧᠢ    ᠬᠦᠪᠡᠬᠡᠳᠣ ᠰᠢᠷ᠎ᠡ ᠬᠤᠰᠢᠭᠤ ᠣᠶ ᠰᠢᠭᠤᠶ ᠨᠤᠲᠤᠭ ᠪᠡᠯᠴᠢᠭᠡᠷ ᠤᠨ ᠭᠠᠯ ᠲᠦᠢᠮᠡᠷ ᠢ ᠰᠡᠷᠭᠡᠶᠢᠯᠡᠬᠦ ᠠᠵᠢᠯ ᠢ ᠤᠯᠠᠮ ᠨᠢᠭᠡ ᠠᠯᠬᠤᠮ ᠴᠢᠩᠭᠠᠳᠬᠠᠵᠤ᠂ ᠪᠥᠬᠦ ᠬᠤᠰᠢᠭᠤᠨ ᠤ ᠣᠶ ᠰᠢᠭᠤᠶ ᠶᠢᠨ ᠡᠬᠢ ᠪᠠᠶᠠᠯᠢᠭ ᠪᠠ ᠠᠷᠠᠳ ᠣᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠪᠠᠲᠤᠯᠠᠬᠤ ᠶᠢᠨ ᠲᠥᠯᠥᠭᠡ᠂ 3 ᠰᠠᠷ᠎ᠠ ᠶᠢᠨ 2 ᠤ ᠡᠳᠦᠷ᠂ ᠬᠦᠪᠡᠬᠡᠳᠣ ᠰᠢᠷ᠎ᠡ ᠬᠤᠰᠢᠭᠤ ᠣᠶ ᠰᠢᠭᠤᠶ ᠨᠤᠲᠤᠭ ᠪᠡᠯᠴᠢᠭᠡᠷ ᠤᠨ ᠭᠠᠯ ᠤᠨ ᠭᠠᠮᠰᠢᠭ ᠤᠨ ᠪᠠᠴᠢᠮ ᠪᠠᠶᠢᠳᠠᠯ ᠢ ᠠᠷᠭᠠᠴᠠᠭᠠᠬᠤ ᠰᠣᠷᠢᠯᠲᠠ ᠥᠷᠨᠢᠭᠦᠯᠪᠡ᠃     ᠰᠣᠷᠢᠯᠲᠠ ᠠᠴᠠ ᠡᠮᠦᠨ᠎ᠡ᠂ ᠭᠠᠯ ᠰᠡᠷᠬᠡᠶᠢᠯᠡᠬᠦ ᠠᠪᠤᠷᠠᠨ ᠲᠤᠰᠠᠯᠠᠬᠤ ᠶᠡᠭᠡ ᠠᠩᠭᠢ ᠶᠢᠨ ᠠᠵᠢᠯᠳᠠᠨ ᠠᠴᠠ ᠭᠠᠯ ᠤᠨᠲᠠᠷᠠᠭᠠᠬᠤ ᠮᠠᠰᠢᠨ ᠢ ᠬᠡᠷᠡᠭᠯᠡᠬᠦ ᠠᠷᠭ᠎ᠠ ᠪᠠ ᠴᠢᠳᠠᠮᠵᠢ ᠶᠢᠨ ᠣᠨᠴᠠᠯᠢᠭ ᠵᠢᠴᠢ ᠬᠡᠷᠬᠢᠨ ᠠᠷᠠᠴᠢᠯᠠᠬᠤ ᠵᠡᠷᠭᠡ ᠲᠠᠯ᠎ᠠ ᠪᠠᠷ ᠨᠠᠷᠢᠨ ᠲᠠᠶᠢᠯᠪᠤᠷᠢᠯᠠᠯᠲᠠ ᠬᠢᠪᠡ᠃    ᠲᠣᠰ ᠤᠳᠠᠭᠠᠨ ᠤ ᠪᠠᠴᠢᠮ ᠪᠠᠶᠢᠳᠠᠯ ᠢ ᠠᠷᠭᠠᠴᠠᠭᠠᠬᠤ ᠰᠣᠷᠢᠯᠲᠠ ᠨᠢ ᠲᠤᠬᠠᠶ ᠶᠢᠨ ᠲᠠᠯᠠᠪᠠᠶ ᠶᠢᠨ ᠵᠢᠯᠣᠭᠤᠳᠤᠭᠴᠢ ᠶᠢᠨ ᠪᠠᠶᠢᠷᠢᠯᠠᠭᠤᠯᠤᠯᠲᠠ ᠪᠠᠷ᠂ ᠰᠣᠷᠢᠯᠳᠠ ᠳᠤ ᠣᠷᠣᠯᠴᠬᠰᠠᠳ ᠭᠠᠯ ᠤᠨᠲᠠᠷᠠᠭᠠᠬᠤ ᠮᠠᠰᠢᠨ ᠵᠢᠴᠢ 2 ᠳ᠋ᠤᠭᠠᠷ ᠨᠣᠮᠧᠷᠲᠤ ᠪᠠᠭᠠᠵᠢ ᠵᠡᠷᠭᠡ ᠭᠠᠯ ᠤᠨᠲᠠᠷᠠᠭᠠᠬᠤ ᠪᠠᠭᠠᠵᠢ ᠬᠡᠷᠡᠭᠰᠡᠯ ᠢ ᠬᠡᠷᠡᠭᠯᠡᠵᠦ ᠭᠠᠯ ᠣᠨᠳᠠᠷᠠᠭᠠᠪᠠ᠃ ᠪᠦᠬᠦ᠋ᠢᠯᠡ ᠰᠣᠷᠢᠯᠲᠠ ᠶᠢᠨ ᠶᠠᠪᠤᠴᠠ ᠳᠤ ᠡᠯ᠎ᠡ ᠭᠤᠭᠴᠤᠭ᠎ᠠ ᠶᠢ ᠪᠦᠲᠦᠮᠵᠢᠲᠡᠶ ᠵᠣᠯᠭᠠᠭᠤᠯᠵᠤ᠂ ᠵᠢᠱᠢᠭᠰᠡᠨ ᠦᠷ᠎ᠡ ᠪᠦᠲᠦᠮᠵᠢ ᠳᠤ ᠬᠦᠷᠴᠡᠶ᠃ ᠲᠣᠰ ᠤᠳᠠᠭᠠᠨ ᠤ ᠰᠣᠷᠢᠯᠲᠠ ᠳᠤ ᠨᠡᠶᠢᠲᠡ18 ᠶᠡᠷᠦᠩᠬᠡᠶᠢᠯᠡᠭᠰᠡᠨ ᠪᠠᠴᠢᠮ ᠪᠠᠶᠢᠳᠠᠯ ᠢ ᠠᠷᠭᠠᠴᠠᠭᠠᠬᠤ ᠠᠪᠤᠷᠠᠨ ᠲᠤᠰᠠᠯᠠᠬᠤ ᠠᠩᠭᠢ ᠶᠢᠨ ᠭᠡᠰᠢᠭᠦᠨ᠂ 1 ᠪᠠᠴᠢᠮ ᠪᠠᠶᠢᠳᠠᠯ ᠢ ᠠᠷᠭᠠᠴᠠᠭᠠᠬᠤ ᠲᠡᠷᠭᠡ᠂ 2 ᠭᠠᠯ ᠤᠨᠲᠠᠷᠠᠭᠠᠬᠤ ᠲᠡᠷᠭᠡ ᠶᠢ ᠬᠦᠳᠡᠯᠭᠡᠵᠠᠢ᠃    ᠬᠥᠪᠡᠭᠡᠲᠦ ᠰᠢᠷ᠎ᠡ ᠬᠤᠰᠢᠭᠤᠨ ᠤ ᠪᠠᠴᠢᠮ ᠪᠠᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠣᠪᠴᠢᠶᠠᠨ ᠤ ᠪᠠᠴᠢᠮ ᠪᠠᠶᠢᠳᠠᠯ ᠢ ᠠᠷᠭᠠᠴᠠᠭᠠᠬᠤ ᠠᠪᠤᠷᠠᠨ ᠲᠤᠰᠠᠯᠠᠬᠤ ᠦᠢᠯᠡᠴᠢᠯᠡᠭᠡᠨ ᠤ ᠲᠥᠪ ᠤᠨ ᠡᠷᠬᠢᠯᠡᠭᠴᠢ ᠰᠥᠩ ᠰᠢᠶᠣᠣ ᠫᠧᠩ᠄ ︽ᠬᠠᠩᠰᠢ ᠶᠢᠨ ᠬᠤᠭᠤᠴᠠᠭᠠᠨ ᠳᠤ᠂ ᠪᠢᠳᠡ ᠣᠯᠠᠨ ᠵᠦᠢᠯ ᠤᠨ ᠬᠡᠯᠪᠡᠷᠢ ᠪᠠᠷ ᠤᠬᠠᠭᠤᠯᠭ᠎ᠠ ᠬᠢᠵᠦ᠂  ᠭᠤᠣᠯᠳᠠᠯᠭ᠎ᠠ ᠲᠠᠢ ᠭᠠᠵᠠᠷ ᠲᠤ ᠲᠤᠭᠤᠷᠢᠨ ᠪᠠᠶᠢᠴᠠᠭᠠᠬᠤ ᠳᠤᠭᠤᠶᠢᠯᠠᠩ ᠲᠤᠬᠢᠷᠠᠭᠤᠯᠵᠤ᠂ ᠬᠠᠩᠰᠢ ᠶᠢᠨ ᠬᠤᠭᠤᠴᠠᠭᠠᠨ ᠤ ᠠᠮᠤᠷ ᠲᠦᠪᠰᠢᠨ ᠲᠣᠭᠲᠠᠭᠤᠨ ᠢ ᠪᠠᠳᠣᠯᠠᠨ᠎ᠠ︾ ᠭᠡᠯ᠎ᠡ᠃    ᠲᠣᠰ ᠤᠳᠠᠭᠠᠨ ᠤ ᠰᠣᠷᠢᠯᠲᠠ ᠪᠠᠷ ᠳᠡᠮᠵᠢᠨ᠂ ᠰᠤᠮᠤ ᠪᠠᠯᠭᠠᠰᠤ ᠪᠠ ᠬᠠᠮᠢᠶ᠎ᠠ ᠪᠥᠬᠦᠶ ᠰᠠᠯᠠᠭ᠎ᠠ ᠮᠥᠴᠢᠷ ᠨᠢᠭᠡᠴᠡ ᠳᠤ ᠣᠶ ᠰᠢᠭᠤᠶ ᠨᠣᠳᠤᠭ ᠪᠠᠯᠴᠢᠬᠡᠷ ᠤᠨ ᠭᠠᠯ ᠲᠦᠢᠮᠡᠷ ᠢ ᠤᠨᠲᠠᠷᠠᠭᠠᠬᠤ ᠮᠡᠳᠡᠯᠭᠡ ᠶᠢ ᠤᠯᠠᠮ ᠨᠢᠭᠡ ᠠᠯᠬᠤᠮ ᠡᠵᠡᠮᠰᠢᠭᠦᠯᠵᠦ᠂ ᠡᠯ᠎ᠡ ᠨᠢᠭᠡᠴᠡ ᠶᠢᠨ ᠪᠠᠴᠢᠮ ᠪᠠᠶᠢᠳᠠᠯ ᠢ ᠠᠷᠭᠠᠴᠠᠬᠤ ᠲᠤᠰᠬᠠᠯ ᠪᠠ ᠠᠪᠤᠷᠠᠨ ᠲᠤᠰᠠᠯᠠᠬᠤ ᠡᠩᠨᠡᠭᠡ ᠶᠢᠨ ᠪᠣᠳᠠᠲᠤ ᠦᠢᠯᠡᠳᠦᠯᠭᠡ  ᠶᠢᠨ ᠴᠢᠳᠠᠪᠤᠷᠢ ᠶᠢ ᠳᠠᠭᠡᠭᠰᠢᠯᠡᠭᠦᠯᠬᠦ ᠳᠤ ᠨᠦᠬᠦᠴᠡᠯ ᠬᠠᠩᠭᠠᠵᠠᠢ᠃ 
 
ᠢᠷᠡᠯᠲᠡ᠄ ᠬᠥᠪᠡᠭᠡᠲᠦ ᠰᠢᠷ᠎ᠠ ᠬᠤᠰᠢᠭᠤᠨ ᠤ ᠰᠤᠨᠢᠨ ᠮᠡᠳᠡᠭᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号