ᠬᠦᠪᠡᠭᠡᠳᠦ ᠰᠢᠷ᠎ᠠ ᠬᠤᠰᠢᠭᠤᠨ ᠤ  ᠠᠷᠠᠯᠵᠢᠶᠠᠴᠢᠨ ᠤᠷᠢᠵᠤ ᠪᠠᠯᠠ‌‍ᠲ᠋ᠠᠳᠠᠬᠤ ᠵᠢᠴᠢ ᠦᠨᠡᠨᠴᠢ ᠢᠲᠡᠭᠡᠮᠵᠢ  ᠶᠢᠨ ᠪᠠᠶᠢᠭᠤᠯᠤᠯᠲᠠ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2024/4/10
      4 ᠰᠠᠷ᠎ᠠ ᠶᠢᠨ 1 ᠤ ᠡᠳᠦᠷ᠂ ᠪᠥᠬᠦ ᠬᠤᠰᠢᠭᠤᠨ ᠤ  ᠠᠷᠠᠯᠵᠢᠶᠠᠴᠢᠨ ᠤᠷᠢᠵᠤ ᠪᠠᠯᠠ ᠲᠠᠳᠠᠬᠤ ᠵᠢᠴᠢ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠬᠤᠷᠠᠯ ᠬᠤᠷᠠᠯᠳᠤᠵᠤ᠂ ᠬᠤᠰᠢᠭᠤᠨ ᠤ ᠨᠠᠮ ᠤᠨ ᠬᠤᠷᠢᠶᠠᠨ ᠤ ᠱᠦᠵᠢ ᠬᠤᠪᠢᠰᠬᠠᠯᠲᠤ  ᠶᠠᠷᠢᠶ᠎ᠠ ᠲᠠᠯᠪᠢᠵᠤ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠤᠷᠳᠤᠨ ᠤ ᠳᠠᠷᠤᠭ᠎ᠠ ᠯᠢ ᠵᠢᠶᠠᠨ ᠴᠢᠶᠠᠩ ᠬᠤᠷᠠᠯ ᠢ ᠡᠷᠭᠢᠯᠡᠪᠡ᠃       ᠬᠤᠰᠢᠭᠤᠨ ᠤ ᠳᠥᠷᠪᠡᠨ ᠶᠡᠭᠡ ᠤᠳᠤᠷᠢᠳᠬᠤ ᠪᠠᠭ ᠤᠨ ᠬᠤᠰᠢᠭᠤᠨ ᠳᠠᠭᠠᠨ ᠪᠠᠶᠢᠭ᠎ᠠ ᠤᠳᠤᠷᠢᠳᠤᠯᠭ᠎ᠠ᠂ ᠰᠢᠭᠦᠬᠦ ᠬᠤᠷᠢᠶ᠎ᠠ ᠪᠠᠶᠢᠴᠠᠭᠠᠬᠤ ᠬᠤᠷᠢᠶᠠᠨ ᠤ ᠳᠠᠷᠤᠭ᠎ᠠ᠂ ᠡᠯ᠎ᠡ ᠰᠤᠮᠤ ᠪᠠᠯᠭᠠᠰᠤ᠂ ᠬᠤᠰᠢᠭᠤᠨ ᠤ ᠪᠠᠶᠢᠭᠤᠯᠭ᠎ᠠ ᠨᠢᠭᠡᠴᠡ᠂  ᠠᠷᠠᠳ ᠤᠨ ᠪᠦᠯᠬᠦᠮ᠂ ᠠᠵᠤ ᠠᠬᠤᠶᠢᠯᠠᠯ ᠤᠨ ᠬᠠᠷᠢᠭᠤᠴᠠᠯᠭᠠᠲᠠᠨ  ᠬᠤᠷᠠᠯ ᠳᠤ ᠣᠷᠣᠯᠴᠠᠪᠠ᠃      ᠬᠤᠷᠠᠯ ᠠᠴᠠ᠂ 2023 ᠣᠨ ᠤ ᠪᠥᠬᠦ ᠬᠤᠰᠢᠭᠤᠨ ᠤ ᠬᠤᠳᠠᠯᠳᠤᠭᠠᠴᠢᠨ ᠤᠷᠢᠵᠤ ᠪᠠᠯᠠ ᠲᠠᠳᠠᠭᠰᠠᠨ ᠪᠠᠶᠢᠳᠠᠯ ᠢ ᠮᠡᠳᠡᠭᠳᠡᠵᠦ᠂ ︽2023 ᠣᠨ ᠤ ᠪᠥᠬᠦ ᠬᠤᠰᠢᠭᠤᠨ ᠤ ᠬᠤᠳᠠᠯᠳᠤᠭᠠᠴᠢᠨ ᠤᠷᠢᠵᠤ ᠪᠠᠯᠠ ᠲᠠᠳᠠᠬᠤ ᠳᠤ ᠠᠮᠵᠢᠯᠲᠠ ᠪᠦᠲᠦᠮᠵᠢ  ᠭᠠᠷᠭᠠᠭᠰᠠᠨ ᠲᠡᠷᠢᠭᠦᠨ ᠤ ᠨᠢᠭᠡᠴᠡ ᠪᠠ ᠬᠤᠪᠢ ᠨᠡᠮᠡᠷᠢ ᠪᠠᠷ ᠨᠡᠯᠢᠶᠡᠳ ᠶᠡᠭᠡ ᠠᠵᠤ ᠠᠬᠤᠶᠢᠯᠠᠯ ᠢ ᠱᠠᠩᠨᠠᠬᠤ ᠲᠤᠬᠠᠶ ᠲᠣᠭᠲᠠᠭᠠᠯ︾ ᠢ ᠤᠩᠰᠢᠨ  ᠨᠡᠶᠢᠳᠡᠯᠡᠵᠤ᠂  ᠬᠤᠳᠠᠯᠳᠤᠭᠠᠴᠢᠨ ᠤᠷᠢᠵᠤ ᠪᠠᠯᠠ  ᠲᠠᠳᠠᠬᠤ ᠪᠠ ᠦᠨᠡᠨᠴᠢ  ᠢᠳᠡᠭᠡᠮᠵᠢ ᠶᠢᠨ ᠪᠠᠶᠢᠭᠤᠯᠤᠯᠳᠠ ᠵᠢᠨ‌ᠢᠨᠵᠧᠨᠧᠷᠢᠩ ᠵᠡᠷᠭᠡ ᠭᠤᠤᠯᠳᠠᠯᠭ᠎ᠠ ᠲᠠᠢ ᠠᠵᠢᠯ ᠢ  ᠪᠠᠶᠢᠷᠢᠯᠠᠭᠤᠯᠪᠠ᠃      ᠬᠤᠷᠠᠯ ᠠᠴᠠ᠂ ᠠᠷᠠᠯᠵᠢᠶᠠᠴᠢᠨ ᠤᠷᠢᠵᠤ ᠪᠡᠯᠡ ᠲᠠᠳᠠᠬᠤ ᠪᠣᠯ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠪᠡᠶᠡᠯᠡᠭᠦᠯᠬᠦ ᠶᠢᠨ ︽ᠡᠬᠢ ᠪᠤᠯᠠᠭ︾ ᠮᠥᠨ᠂ ᠭᠤᠣᠯᠳᠠᠯᠭ᠎ᠠ ᠲᠠᠢ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠪᠣᠯ ᠠᠵᠤ ᠠᠬᠤᠢ ᠶᠢᠨ ᠬᠥᠭᠵᠢᠯᠲᠡ ᠶᠢᠨ ᠴᠢᠬᠤᠯᠠ ᠲᠤᠯᠭᠠᠭᠤᠷᠢᠯᠠᠯ ᠪᠠ ︽ᠭᠤᠣᠯ ᠬᠥᠳᠡᠯᠭᠡᠭᠦᠷ︾ ᠮᠥᠨ᠂ ᠡᠶᠢᠮᠤ ᠠᠴᠠ᠂ ᠦᠳᠲᠡᠷ ᠲᠦᠷᠭᠡᠨ ᠬᠥᠳᠡᠯᠦᠯᠴᠡᠵᠦ᠂ ᠠᠵᠠ ᠲᠣᠬᠢᠶᠠᠯ ᠢ ᠡᠵᠡᠮᠳᠡᠨ᠂ ᠡᠬᠢ ᠪᠠᠶᠠᠯᠢᠭ ᠤᠨ ᠳᠠᠪᠠᠭᠤᠯᠢᠭ ᠲᠤ ᠰᠠᠭᠤᠷᠢᠯᠠᠨ᠂ ᠡᠯ᠎ᠡ ᠲᠠᠯ᠎ᠠ ᠶᠢᠨ ᠠᠷᠠᠯᠵᠢᠶᠠᠴᠢᠨ ᠤᠷᠢᠬᠤ ᠡᠬᠢ ᠪᠠᠶᠠᠯᠢᠭ ᠢ ᠰᠠᠶᠢᠲᠤᠷ ᠠᠰᠢᠭᠯᠠᠨ᠂ ᠠᠷᠠᠯᠵᠢᠶᠠᠴᠢᠨ ᠤᠷᠢᠬᠤ ᠠᠷᠭ᠎ᠠ ᠬᠡᠯᠪᠡᠷᠢ ᠶᠢᠨ ᠰᠢᠨ᠎ᠡ ᠶᠢ ᠡᠭᠦᠳᠴᠦ᠂ ᠦᠷᠭᠦᠯᠵᠢᠯᠡᠨ ᠶᠡᠭᠡ ᠲᠦᠷᠦᠯ ᠵᠦᠢᠯ ᠢ ᠣᠷᠣᠭᠤᠯᠤᠨ ᠬᠦᠴᠦᠷᠬᠡᠭᠵᠢᠭᠦᠯᠵᠦ᠂ ᠰᠢᠨ᠎ᠡ ᠰᠢᠯᠢᠳᠡᠭ ᠲᠦᠷᠦᠯ ᠵᠦᠢᠯ ᠢ ᠣᠷᠣᠭᠤᠯᠤᠨ ᠠᠪᠴᠢᠷᠠᠵᠤ᠂ ᠠᠵᠤ ᠠᠬᠤᠢ ᠶᠢᠨ ᠬᠥᠭᠵᠢᠯᠲᠡ ᠳᠤ ᠨᠡᠩ ᠤᠯᠠᠨ ᠰᠢᠨ᠎ᠡ ᠴᠢᠨᠠᠷ ᠪᠦᠬᠦᠢ ᠦᠢᠯᠡᠳᠪᠦᠷᠢᠯᠡᠯ ᠤᠨ ᠬᠦᠴᠦᠨ ᠪᠠ ᠨᠡᠮᠡᠭᠳᠡᠯ ᠤᠨ ᠴᠡᠭ ᠢ ᠪᠣᠶᠢᠵᠢᠭᠤᠯᠬᠤ ᠪᠠᠷ ᠴᠢᠷᠮᠠᠶᠢᠬᠤ ᠬᠡᠷᠡᠭᠲᠡᠢ᠃ ᠲᠥᠷᠥᠯ ᠵᠦᠶᠯ ᠢ ᠲᠥᠯᠥᠪᠵᠢᠭᠦᠯᠦᠨ ᠨᠥᠭᠡᠴᠡᠯᠡᠬᠦ ᠶᠢ ᠴᠢᠩᠭᠠᠳᠬᠠᠵᠤ᠂ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠢᠨᠵᠧᠨᠧᠷᠢᠩ ᠤᠨ ᠠᠵᠢᠯ ᠤᠨ ᠲᠤᠰᠬᠠᠶ ᠠᠩᠭᠢ ᠶᠢᠨ ᠦᠶᠯᠡᠳᠦᠯ ᠢ ᠰᠠᠶᠢᠲᠤᠷ ᠪᠠᠳᠠᠷᠠᠭᠤᠯᠵᠤ᠂ ᠲᠥᠷᠥᠯ ᠵᠦᠶᠯ ᠡᠷᠡᠮᠡᠯᠵᠡᠯᠡᠨ ᠪᠠᠯᠠ ᠮᠥᠩᠭᠦ ᠤᠯᠬᠤ ᠪᠠᠷ ᠴᠢᠷᠮᠠᠶᠢᠵᠤ᠂ ᠲᠥᠷᠥᠯ ᠵᠦᠶᠯ ᠤᠨ ᠪᠥᠲᠥᠭᠡᠨ ᠪᠠᠶᠢᠭᠤᠯᠤᠯᠲᠠ ᠵᠢᠨ‌ᠦᠶᠡᠯᠡᠯ ᠬᠤᠭᠤᠴᠠᠭ᠎ᠠ ᠳᠤ ᠠᠩᠬᠠᠷᠤᠯ ᠢᠶᠠᠨ ᠲᠥᠪᠯᠡᠷᠡᠭᠦᠯᠦᠨ ᠦᠶᠯᠡᠴᠢᠯᠡᠭᠡ ᠪᠠᠲᠤᠯᠠᠭ᠎ᠠ ᠶᠢ ᠰᠠᠶᠢᠲᠤᠷ ᠬᠢᠵᠦ᠂ ᠲᠥᠷᠥᠯ ᠵᠦᠶᠯ ᠢ ᠨᠠᠶᠢᠳᠠᠪᠤᠷᠢᠵᠢᠭᠤᠯᠬᠤ᠂ ᠪᠠᠷᠢᠯᠭ᠎ᠠ ᠡᠬᠢᠯᠡᠭᠦᠯᠬᠦ᠂ ᠠᠰᠢᠭᠯᠠᠯᠲᠠ ᠳᠤ ᠣᠷᠣᠭᠤᠯᠬᠤ᠂ ᠦᠷ᠎ᠡ ᠪᠦᠲᠦᠮᠵᠢ ᠤᠯᠬᠤ ᠶᠢ ᠪᠥᠬᠦ ᠬᠦᠴᠦᠨ ᠢᠶᠠᠷ ᠠᠬᠢᠭᠤᠯᠵᠤ᠂ ︽ᠨᠢᠭᠡ ᠪᠦᠯᠦᠭ ᠲᠦᠷᠦᠯ ᠵᠦᠢᠯ ᠢ ᠲᠥᠰᠦᠪᠯᠡᠬᠦ᠂ ᠨᠢᠭᠡ ᠪᠦᠯᠦᠭ ᠲᠦᠷᠦᠯ ᠵᠦᠢᠯ ᠢ ᠨᠥᠭᠡᠴᠡᠯᠡᠬᠦ᠂ ᠨᠢᠭᠡ ᠪᠦᠯᠦᠭ ᠲᠦᠷᠦᠯ ᠵᠦᠢᠯ ᠢ ᠠᠵᠢᠯ ᠡᠬᠢᠯᠡᠭᠦᠯᠬᠦ᠂ ᠨᠢᠭᠡ ᠪᠦᠯᠦᠭ ᠲᠦᠷᠦᠯ ᠵᠦᠢᠯ ᠢ ᠪᠥᠲᠥᠭᠡᠨ ᠪᠠᠶᠢᠭᠤᠯᠬᠤ᠂ ᠨᠢᠭᠡ ᠪᠦᠯᠦᠭ ᠲᠦᠷᠦᠯ ᠵᠦᠢᠯ ᠠᠴᠠ ᠦᠷ᠎ᠡ ᠪᠦᠲᠦᠮᠵᠢ ᠭᠠᠷᠭᠠᠬᠤ︾ ᠱᠠᠲᠤᠯᠢᠭ ᠪᠠᠶᠢᠷᠢᠰᠢᠯ ᠢ ᠪᠦᠷᠢᠯᠳᠦᠭᠦᠯᠬᠦ ᠬᠡᠷᠡᠭᠲᠡᠶ᠃ ᠪᠣᠳᠠᠲᠠᠶ ᠪᠠᠯᠠ ᠮᠥᠩᠭᠦ ᠪᠠ ᠠᠵᠢᠯ ᠡᠬᠢᠯᠡᠭᠦᠯᠦᠭᠰᠡᠨ ᠲᠥᠷᠥᠯ ᠵᠦᠶᠯ ᠢᠶᠠᠷ  ᠰᠢᠯᠢᠳᠡᠭ ᠢ ᠦᠨᠡᠯᠡᠵᠦ᠂ ᠰᠠᠨᠠᠮᠵᠢ ᠪᠠᠨ ᠭᠡᠷ᠎ᠡ᠂ ᠲᠥᠷᠥᠯ ᠵᠦᠶᠯ ᠢ ᠨᠠᠶᠢᠳᠠᠪᠤᠷᠢᠵᠢᠭᠤᠯᠬᠤ᠂ ᠪᠠᠯᠠ ᠮᠥᠩᠭᠦ ᠶᠢ ᠪᠣᠳᠠᠲᠠᠶᠢᠵᠢᠭᠤᠯᠬᠤ ᠶᠢ ᠠᠬᠢᠭᠤᠯᠤᠨ᠂ ᠦᠨᠡᠨ‌‍ᠪᠣᠳᠠᠲᠠᠶ ᠦᠷ᠎ᠡ ᠪᠦᠲᠦᠭᠡᠯ ᠢᠶᠠᠷ ᠬᠤᠳᠠᠯᠳᠤᠭᠠᠴᠢᠨ ᠤᠷᠢᠵᠤ ᠪᠠᠯᠠ ᠣᠷᠣᠭᠤᠯᠤᠭᠰᠠᠨ ᠦᠷ᠎ᠡ ᠪᠦᠲᠦᠮᠵᠢ ᠶᠢ ᠰᠢᠯᠭᠠᠨ ᠪᠠᠶᠢᠴᠠᠭᠠᠬᠤ ᠬᠡᠷᠡᠭᠲᠡᠶ ᠭᠡᠵᠡᠢ᠃      ᠬᠤᠷᠠᠯ ᠠᠴᠠ᠂ ᠦᠨᠡᠨᠴᠢ ᠢᠲᠡᠭᠡᠮᠵᠢ ᠶᠢᠨ  ᠪᠠᠶᠢᠭᠤᠯᠤᠯᠲᠠ ᠶᠢᠨ ᠢᠨᠵᠧᠨᠧᠷᠢᠩ ᠪᠣᠯ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠠᠴᠠ ᠪᠠᠶᠢᠷᠢᠯᠠᠭᠤᠯᠤᠭᠰᠠᠨ ︽ᠵᠢᠷᠭᠤᠭᠠᠨ ᠢᠨᠵᠧᠨᠧᠷᠢᠩ︾ ᠤᠨ ᠨᠢᠭᠡ ᠮᠥᠨ᠂ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠴᠢᠬᠤᠯᠠ ᠲᠤᠯᠭᠠᠭᠤᠷᠢᠯᠠᠯ ᠮᠥᠨ᠃ ᠡᠯ᠎ᠡ ᠰᠤᠮᠤ ᠪᠠᠯᠭᠠᠰᠤ᠂ ᠡᠯ᠎ᠡ ᠰᠠᠯᠠᠭ᠎ᠠ ᠮᠥᠴᠢᠷ ᠨᠢᠭᠡᠴᠡ ᠨᠢ ᠰᠠᠨᠠᠭᠠᠴᠢᠯᠠᠭ᠎ᠠ ᠠᠴᠠ ᠪᠠᠨ ᠡᠬᠦᠷᠭᠡᠯᠡᠵᠤ᠂ ᠦᠨᠡᠨᠴᠢ ᠢᠲᠡᠭᠡᠮᠵᠢ  ᠶᠢᠨ ᠪᠠᠶᠢᠭᠤᠯᠤᠯᠲᠠ ᠶᠢᠨ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠵᠠᠰᠠᠭ  ᠤᠨ ᠶᠠᠪᠤᠳᠠᠯ ᠤᠨ ᠦᠨᠡᠨᠴᠢ ᠢᠲᠡᠭᠡᠮᠵᠢ ᠶᠢ ᠳᠣᠪᠣᠶᠢᠯᠭᠠᠨ ᠰᠠᠶᠢᠲᠤᠷ ᠠᠳᠬᠤᠵᠤ᠂ ᠬᠤᠳᠠᠯᠳᠤᠭᠠᠨ ᠤ ᠶᠠᠪᠤᠳᠠᠯ ᠤᠨ ᠦᠨᠡᠨᠴᠢ ᠢᠲᠡᠭᠡᠮᠵᠢ ᠶᠢ ᠢᠳᠡᠪᠬᠢᠲᠡᠢ ᠬᠥᠲᠥᠯᠥᠨ ᠳᠠᠭᠠᠭᠤᠯᠵᠤ᠂ ᠨᠡᠶᠢᠭᠡᠮ ᠤᠨ ᠦᠨᠡᠨᠴᠢ ᠢᠲᠡᠭᠡᠮᠵᠢ ᠶᠢ ᠪᠦᠬᠦ ᠲᠠᠯ᠎ᠠ ᠪᠠᠷ ᠠᠬᠢᠭᠤᠯᠤᠨ᠂ ᠬᠠᠤᠯᠢ ᠴᠠᠭᠠᠵᠠ ᠶᠢᠨ ᠨᠡᠶᠢᠲᠡ ᠶᠢᠨ ᠢᠲᠡᠭᠡᠮᠵᠢ ᠶᠢ ᠴᠢᠷᠮᠠᠶᠢᠨ ᠳᠡᠭᠡᠭᠰᠢᠯᠡᠭᠦᠯᠵᠦ᠂ ᠦᠨᠡᠨᠴᠢ ᠢᠲᠡᠭᠡᠮᠵᠢᠲᠡᠢ᠂ ᠥᠨᠳᠥᠷ ᠪᠦᠲᠦᠮᠵᠢᠲᠡᠢ᠂ ᠳᠥᠭᠦᠮ ᠳᠥᠲᠡ ᠵᠠᠰᠠᠭ ᠤᠨ ᠶᠠᠪᠤᠳᠠᠯ ᠤᠨ ᠣᠷᠴᠢᠨ ᠲᠣᠭᠤᠷᠢᠨ᠂ ᠦᠨᠡᠨᠴᠢ ᠢᠲᠡᠭᠡᠮᠵᠢᠲᠡᠢ ᠪᠠᠷ ᠬᠠᠤᠯᠢ ᠶᠢ ᠰᠠᠬᠢᠬᠤ ᠪᠠ ᠡᠷᠬᠡ ᠲᠡᠭᠰᠢ ᠪᠠᠷ ᠥᠷᠢᠰᠦᠯᠳᠦᠬᠦ ᠵᠠᠬ᠎ᠠ ᠳᠡᠯᠭᠡᠭᠦᠷ ᠤᠨ ᠣᠷᠴᠢᠨ ᠲᠣᠭᠤᠷᠢᠨ᠂ ᠦᠨᠡᠨᠴᠢ ᠢᠲᠡᠭᠡᠮᠵᠢᠲᠡᠢ ᠪᠠᠷ ᠠᠮᠠᠯᠠᠯᠲᠠ ᠪᠠᠨ ᠦᠢᠯᠡᠳᠦᠯᠭᠡᠵᠢᠭᠦᠯᠬᠦ ᠪᠠ ᠰᠡᠳᠬᠢᠯ ᠲᠠᠭᠠᠯᠠᠮᠵᠢᠲᠠᠢ ᠨᠡᠶᠢᠭᠡᠮ ᠤᠨ ᠣᠷᠴᠢᠨ ᠲᠣᠭᠤᠷᠢᠨ᠂ ᠢᠯᠡ ᠲᠣᠳᠣ ᠪᠠ ᠲᠥᠪ ᠭᠤᠣᠯᠴᠢ ᠬᠠᠤᠯᠢ ᠪᠠᠷ ᠵᠠᠰᠠᠬᠤ ᠣᠷᠴᠢᠨ ᠲᠣᠭᠤᠷᠢᠨ ᠢ ᠪᠤᠢ ᠪᠣᠯᠭᠠᠬᠤ ᠬᠡᠷᠡᠭᠲᠡᠢ ᠭᠡᠵᠦ ᠴᠢᠬᠤᠯᠠᠴᠢᠯᠠᠪᠠ᠃
 
ᠢᠷᠡᠯᠲᠡ᠄ ᠬᠦᠪᠡᠭᠡᠲᠦ ᠰᠢᠷ᠎ᠠ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号