4 ᠰᠡᠷ᠎ᠡ ᠶᠢᠨ 8 ᠤ ᠡᠳᠣᠷ ᠤᠨ ᠦᠳᠡ ᠶᠢᠨ ᠬᠤᠶᠢᠨ᠎ᠠ᠂ ᠰᠢᠯᠢ ᠶᠢᠨ ᠭᠤᠤᠯ ᠠᠶᠢᠮᠠᠭ ᠤᠨ ᠦᠢᠯᠡᠳᠪᠦᠷᠢ | ᠬᠤᠳᠠᠯᠳᠤᠭᠠᠨ ᠤ ᠬᠤᠯᠪᠣᠭᠠᠳᠣ ᠬᠤᠷᠠᠯ ᠤᠨ ᠲᠡᠷᠢᠬᠦᠯᠡᠭᠴᠢ ᠬᠠᠰᠬᠠᠶᠢᠷᠬᠠᠨ ᠨᠠᠷ ᠬᠦᠪᠡᠭᠡᠳᠦ ᠰᠢᠷ᠎ᠠ ᠬᠤᠰᠢᠭᠤᠨ ᠳᠤ | ᠬᠦᠨᠵᠡᠬᠡᠶᠢᠷᠡᠵᠣ ︽ᠰᠤᠷᠲᠠᠯ ᠢᠶᠠᠨ ᠬᠤᠪᠢᠷᠠᠭᠤᠯᠵᠤ᠂ ᠠᠵᠤ ᠠᠬᠤᠶᠢᠯᠠᠯ ᠳᠤ ᠬᠦᠷᠴᠣ᠂ ᠠᠷᠠᠳ ᠤᠨ ᠪᠠᠶᠢᠳᠠᠯ ᠢ | ᠤᠶᠢᠯᠠᠭᠠᠬᠤ︾ ᠠᠷᠠᠳ ᠠᠴᠠ ᠡᠵᠡᠩᠨᠡᠭᠰᠠᠨ ᠠᠵᠤ ᠠᠬᠤᠶ ᠶᠢᠨ ᠬᠦᠷᠢᠶᠡᠨ ᠳᠤ ᠪᠠᠶᠢᠴᠠᠭᠠᠨ ᠰᠤᠳᠤᠯᠬᠤ ᠠᠵᠢᠯᠯᠠᠭ᠎ᠠ | ᠦᠷᠨᠢᠬᠦᠯᠪᠡ᠃ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠬᠡᠰᠢᠬᠦᠨ᠂ ᠨᠢᠬᠡᠳᠣᠮᠠᠯ ᠹᠷᠣᠨᠲ ᠤᠨ ᠬᠡᠯᠳᠡᠰ | ᠤᠨ ᠲᠠᠷᠤᠭ᠎ᠠ ᠨᠠᠬᠢᠶ᠎ᠠ᠂ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ᠂ ᠦᠢᠯᠡᠳᠪᠦᠷᠢ ᠬᠤᠳᠠᠯᠳᠤᠭᠠᠨ ᠤ | ᠬᠤᠯᠪᠣᠭᠠᠳᠣ ᠬᠤᠷᠠᠯ ᠤᠨ ᠲᠡᠷᠢᠭᠦᠯᠡᠭᠴᠢ ᠪᠠᠶᠠᠷᠲᠤ ᠵᠡᠷᠭᠡ ᠬᠠᠮᠢᠶ᠎ᠠ ᠪᠥᠬᠦᠶ ᠰᠠᠯᠠᠭ᠎ᠠ ᠮᠥᠴᠢᠷ ᠨᠢᠭᠡᠴᠡ ᠶᠢᠨ | ᠬᠠᠷᠢᠭᠤᠴᠠᠯᠭᠠᠲᠠᠨ ᠪᠠᠶᠢᠴᠠᠭᠠᠨ ᠰᠤᠳᠤᠯᠤᠯᠲᠠ ᠳᠤ ᠤᠷᠤᠯᠴᠠᠪᠠ᠃ | ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ᠂ ᠬᠥᠪᠡᠭᠡᠲᠦ ᠰᠢᠷ᠎ᠠ ᠬᠤᠰᠢᠭᠤᠨ ᠤ ᠮᠧᠩ ᠶᠢᠨ | ᠠᠭᠤᠷᠬᠠᠢ ᠶᠢᠨ ᠦᠢᠯᠡᠰ ᠤᠨ ᠬᠢᠵᠠᠭᠠᠷᠲᠤ ᠺᠣᠮᠫᠠᠨᠢ᠂ ᠥᠪᠥᠷ ᠮᠣᠩᠭᠤᠯ ᠤᠨ ᠭᠠᠨ ᠹᠧᠩ ᠯᠢᠲ᠋ᠢ ᠶᠢᠨ ᠦᠢᠯᠡᠰ ᠤᠨ | ᠬᠢᠵᠠᠭᠠᠷᠲᠤ ᠺᠣᠮᠫᠠᠨᠢ᠂ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠤᠯᠠᠨ ᠨᠡᠶᠢᠲᠡ ᠶᠢᠨ ᠦᠢᠯᠡᠴᠢᠯᠡᠭᠡᠨ ᠤ ᠲᠥᠪ᠂ | ᠦᠨᠳᠦᠰᠦᠲᠡᠨ ᠤ ᠤᠯᠠᠮᠵᠢᠯᠠᠯᠲᠤ ᠴᠠᠭᠠᠨ ᠢᠳᠡᠭᠡᠨ ᠤ ᠠᠵᠤ ᠦᠢᠯᠡᠰ ᠤᠨ ᠲᠤᠭᠤᠷᠢᠭ᠂ ᠣᠩᠭᠤᠨ ᠬᠤᠨᠢᠴᠢᠨ ᠴᠠᠭᠠᠨ | ᠢᠳᠡᠭᠡᠨ ᠤ ᠠᠵᠤ ᠠᠬᠤᠶᠢᠯᠠᠯ ᠵᠡᠷᠭᠡ ᠪᠠᠷ ᠭᠦᠨᠵᠡᠭᠡᠶᠢᠷᠡᠵᠦ᠂ ᠠᠵᠤ ᠠᠬᠤᠶᠢᠯᠠᠯ ᠤᠨ ᠦᠢᠯᠡᠳᠪᠦᠷᠢᠯᠡᠯ ᠡᠵᠡᠩᠨᠡᠯᠲᠡ᠂ | ᠵᠠᠬ᠎ᠠ ᠳᠡᠯᠭᠡᠭᠦᠷ ᠤᠨ ᠪᠣᠷᠣᠯᠠᠭᠤᠯᠭ᠎ᠠ᠂ ᠮᠡᠷᠭᠡᠵᠢᠯ ᠤᠨ ᠰᠢᠨ᠎ᠡ ᠶᠢ ᠡᠭᠦᠳᠬᠦ ᠵᠡᠷᠭᠡ ᠪᠠᠶᠢᠳᠠᠯ ᠢ ᠨᠠᠷᠢᠨ ᠣᠶᠢᠯᠠᠭᠠᠵᠤ᠂ | ᠠᠵᠤ ᠠᠬᠤᠶᠢᠯᠠᠯ ᠤᠨ ᠬᠥᠭᠵᠢᠯᠲᠡ ᠶᠢᠨ ᠳᠤᠮᠳᠠ ᠲᠤᠯᠭᠠᠷᠠᠭᠰᠠᠨ ᠬᠦᠴᠢᠷᠳᠡᠯ ᠢ ᠤᠶᠢᠯᠠᠭᠠᠵᠤ᠂ ᠠᠵᠤ | ᠠᠬᠤᠶᠢᠯᠠᠯ ᠤᠨ ᠬᠠᠷᠢᠭᠤᠴᠠᠯᠭᠠᠲᠠᠨ ᠲᠠᠢ ᠰᠠᠨᠠᠯ ᠢᠶᠠᠨ ᠰᠤᠯᠢᠯᠴᠠᠪᠠ᠃ | 4 ᠰᠠᠷ᠎ᠠ ᠶᠢᠨ 9 ᠤ ᠡᠳᠦᠷ ᠤᠨ ᠦᠳᠡ ᠶᠢᠨ ᠡᠮᠦᠨ᠎ᠡ᠂ ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ | ᠬᠥᠪᠡᠭᠡᠲᠦ ᠰᠢᠷ᠎ᠠ ᠬᠤᠰᠢᠭᠤᠨ ᠤ ᠦᠢᠯᠡᠳᠪᠦᠷᠢ ᠬᠤᠳᠠᠯᠳᠤᠭᠠᠨ ᠤ ᠬᠤᠯᠪᠣᠭᠠᠳᠣ ᠬᠤᠷᠠᠯ ᠤᠨ ᠬᠠᠷᠢᠶᠠᠳᠦ | ᠬᠤᠳᠠᠯᠳᠤᠭᠠᠴᠢᠳ ᠤᠨ ︵ᠨᠡᠶᠢᠭᠡᠮᠯᠢᠭ︶ ᠡᠪᠯᠡᠯ ᠵᠢᠴᠢ ᠬᠡᠰᠡᠭ ᠠᠵᠤ ᠠᠬᠤᠶᠢᠯᠠᠯ ᠲᠠᠢ ᠶᠠᠷᠢᠯᠴᠠᠬᠤ ᠬᠤᠷᠠᠯ | ᠬᠤᠷᠠᠯᠳᠤᠭᠤᠯᠵᠤ᠂ ᠡᠯ᠎ᠡ ᠠᠵᠤ ᠠᠬᠤᠶᠢᠯᠠᠯ ᠤᠨ ᠲᠤᠰᠬᠠᠭᠰᠠᠨ ᠠᠰᠠᠭᠤᠳᠠᠯ ᠢ ᠰᠤᠨᠤᠰᠴᠦ ᠪᠤᠳᠠᠳᠠᠢ ᠱᠠᠭᠠᠷᠳᠠᠯᠭ᠎ᠠ | ᠲᠤᠷᠠᠳᠪᠠ᠃ | ᠬᠤᠷᠠᠯ ᠠᠴᠠ᠂ ᠬᠥᠪᠡᠭᠡᠲᠦ ᠰᠢᠷ᠎ᠠ ᠬᠤᠰᠢᠭᠤᠨ ᠤ ᠨᠠᠮ ᠤᠨ ᠬᠤᠷᠢᠶᠠᠨ ᠤ ᠨᠢᠭᠡᠳᠦᠮᠡᠯ ᠹᠷᠣᠨᠲ ᠤᠨ ᠬᠡᠯᠲᠡᠰ᠂ | ᠬᠤᠰᠢᠭᠤᠨ ᠤ ᠦᠢᠯᠡᠳᠪᠦᠷᠢ ᠬᠤᠳᠠᠯᠳᠤᠭᠠᠨ ᠤ ᠬᠤᠯᠪᠣᠭᠠᠳᠣ ᠬᠤᠷᠠᠯ ᠨᠢ ᠬᠥᠭᠦᠷᠭᠡ ᠬᠤᠯᠪᠣᠭᠠᠰᠤ ᠶᠢᠨ | ᠦᠢᠯᠡᠳᠦᠯ ᠢᠶᠠᠨ ᠦᠷᠭᠦᠯᠵᠢᠯᠡᠨ ᠪᠠᠳᠠᠷᠠᠭᠤᠯᠵᠤ᠂ ᠠᠵᠤ ᠠᠬᠤᠶᠢᠯᠠᠯ ᠤᠨ ᠰᠠᠨᠠᠯ ᠢ ᠰᠣᠨᠣᠰᠴᠤ᠂ ᠪᠦᠬᠦ ᠰᠡᠳᠬᠢᠯ ᠪᠦᠬᠦ | ᠬᠦᠴᠦᠨ ᠢᠶᠠᠷ ᠢᠶᠠᠨ ᠦᠢᠯᠡᠴᠢᠯᠡᠵᠦ᠂ ᠦᠢᠯᠡᠴᠢᠯᠡᠭᠡᠨ ᠤ ᠳᠤᠮᠳᠠ ᠰᠤᠷᠲᠠᠯ ᠢᠶᠠᠨ ᠬᠤᠪᠢᠷᠠᠭᠤᠯᠵᠤ᠂ | ᠰᠠᠨᠠᠭᠠᠴᠢᠯᠠᠭ᠎ᠠ ᠠᠴᠠ ᠪᠠᠨ ᠠᠵᠢᠯᠯᠠᠵᠤ᠂ ᠪᠦᠬᠦ ᠬᠤᠰᠢᠭᠤᠨ ᠤ ᠠᠷᠠᠳ ᠠᠴᠠ ᠡᠵᠡᠩᠨᠡᠭᠰᠠᠨ ᠠᠵᠤ ᠠᠬᠤᠶᠢᠯᠠᠯ ᠤᠨ | ᠭᠦᠭᠵᠢᠯᠳᠡ ᠶᠢ ᠠᠬᠢᠭᠤᠯᠬᠤ ᠬᠡᠷᠡᠭᠲᠡᠢ᠃ ᠬᠠᠮᠢᠶ᠎ᠠ ᠪᠥᠬᠦᠶ ᠰᠠᠯᠠᠭ᠎ᠠ ᠮᠥᠴᠢᠷ ᠠᠵᠢᠯ ᠤᠨ ᠠᠷᠭ᠎ᠠ ᠬᠡᠯᠪᠡᠷᠢ ᠪᠠᠨ | ᠰᠠᠶᠢᠵᠢᠷᠠᠭᠤᠯᠵᠤ᠂ ᠠᠵᠢᠯ ᠤᠨ ᠰᠤᠷᠲᠠᠯ ᠢᠶᠠᠨ ᠬᠤᠪᠢᠷᠠᠭᠤᠯᠤᠨ᠂ ᠦᠢᠯᠡᠴᠢᠯᠡᠭᠡᠨ ᠤ ᠬᠢᠷᠢ ᠲᠦᠪᠰᠢᠨ ᠢᠶᠠᠨ | ᠳᠡᠭᠡᠭᠰᠢᠯᠡᠭᠦᠯᠵᠦ᠂ ᠬᠦᠪᠡᠭᠡᠳᠦ ᠰᠢᠷ᠎ᠠ ᠬᠤᠰᠢᠭᠤᠨ ᠤ ᠠᠷᠠᠳ ᠠᠴᠠ ᠡᠵᠡᠩᠨᠡᠭᠰᠠᠨ ᠠᠵᠤ ᠠᠬᠤᠢ ᠶᠢᠨ | ᠬᠥᠭᠵᠢᠯᠲᠡ ᠶᠢ ᠬᠠᠮᠲᠤᠪᠠᠷ ᠠᠬᠢᠭᠤᠯᠬᠤ ᠬᠡᠷᠡᠭᠲᠡᠶ ᠬᠡᠵᠣ ᠴᠢᠬᠤᠯᠠᠴᠢᠯᠠᠵᠠᠢ᠃ |