ᠬᠦᠪᠡᠭᠡᠲᠦ ᠰᠢᠷ᠎ᠠ ᠬᠤᠰᠢᠭᠤ ᠭᠠᠶᠢᠯᠢ ᠶᠢᠨ ᠢᠳᠡᠭᠡᠮᠵᠢ ᠶᠢᠨ ᠪᠠᠶᠢᠭᠤᠯᠤᠯᠳᠠ ᠪᠠᠷᠠᠵᠦ ᠠᠬᠤᠶᠢᠯᠠᠯ ᠤᠨ ᠭᠦᠭᠵᠢᠯᠳᠡ ᠶᠢ ᠠᠬᠢᠭᠤ᠋
ᠨᠡᠶᠢᠲᠡᠯᠡᠭᠰᠡᠨ ᠴᠠᠭ᠄
2024/4/10
      ᠦᠨᠡᠨᠴᠢ ᠢᠲᠡᠭᠡᠮᠵᠢ ᠪᠣᠯ ᠨᠡᠶᠢᠭᠡᠮ ᠵᠢᠷᠤᠮ ᠤᠨ ᠭᠤᠣᠯᠯᠠᠭᠴᠢ ᠥᠷᠲᠡᠭ ᠤᠨ ᠦᠵᠡᠯᠲᠡ ᠶᠢᠨ ᠴᠢᠬᠤᠯᠠ ᠠᠭᠤᠯᠭ᠎ᠠ ᠪᠣᠯᠤᠨ᠎ᠠ᠃ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠢᠨᠵᠧᠨᠧᠷᠢᠩ ᠤᠨ ᠲᠤᠬᠠᠶ ᠥᠪᠡᠷᠲᠡᠭᠡᠨ ᠵᠠᠰᠠᠬᠤ ᠣᠷᠣᠨ ᠤ ᠬᠠᠮᠢᠶ᠎ᠠ ᠪᠦᠬᠦᠢ ᠪᠠᠶᠢᠷᠢᠯᠠᠭᠤᠯᠤᠯᠲᠠ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢᠨ ᠲᠥᠯᠥᠭᠡ᠂ ᠬᠥᠪᠡᠭᠡᠲᠦ ᠰᠢᠷ᠎ᠠ ᠬᠤᠰᠢᠭᠤᠨ ᠤ ᠭᠠᠶᠢᠯᠢ ᠶᠢᠨ ᠶᠠᠪᠤᠳᠠᠯ ᠤᠨ ᠲᠣᠪᠴᠢᠶ᠎ᠠ ᠡᠭᠦᠷᠭᠡ ᠴᠢᠳᠠᠪᠬᠢ ᠳᠠᠭᠠᠨ ᠰᠠᠭᠤᠷᠢᠯᠠᠨ᠂ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠢᠨᠵᠧᠨᠧᠷᠢᠩ ᠤᠨ ᠡᠵᠡᠩᠨᠡᠯᠲᠡ ᠶᠢᠨ ᠭᠤᠤᠯ ᠴᠣᠭᠴᠠ ᠶᠢᠨ ᠢᠲᠡᠭᠡᠮᠵᠢ ᠶᠢ ᠳᠡᠭᠡᠭᠰᠢᠯᠡᠭᠦᠯᠬᠦ ᠠᠵᠢᠯᠯᠠᠭ᠎ᠠ ᠶᠢ ᠦᠷᠨᠢᠬᠦᠯᠵᠦ᠂ ᠠᠵᠦ ᠠᠬᠤᠶᠢᠯᠠᠯ ᠤᠨ ᠭᠦᠭᠵᠢᠯᠳᠡ ᠶᠢ ᠠᠬᠢᠭᠤᠯᠵᠤ ᠪᠤᠢ᠃      ᠬᠥᠪᠡᠭᠡᠲᠦ ᠰᠢᠷ᠎ᠠ ᠬᠤᠰᠢᠭᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠪ ᠤᠨ ᠭᠠᠶᠢᠯᠢ ᠶᠢᠨ ᠶᠠᠪᠤᠳᠠᠯ ᠤᠨ ᠦᠢᠯᠡᠴᠢᠯᠡᠭᠡᠨ ᠤ ᠲᠢᠩᠬᠢᠮ ᠳᠤ᠂ ᠭᠠᠶᠢᠯᠢ ᠶᠢᠨ ᠶᠠᠪᠤᠳᠠᠯ ᠤᠨ ᠠᠵᠢᠯᠲᠠᠨ ᠠᠴᠠ ᠰᠠᠭᠤᠭᠠᠯᠢ ᠠᠷᠠᠳ ᠸᠠᠩ ᠠᠪᠤᠭᠠᠢ ᠳᠤ ᠨᠠᠷᠢᠨ ᠬᠢᠨᠠᠮᠠᠭᠠᠢ ᠵᠢᠯᠣᠭᠤᠳᠣᠯᠭ᠎ᠠ ᠬᠢᠵᠦ ᠪᠠᠶᠢᠯ᠎ᠠ᠃ ︽ᠥᠨᠥᠳᠥᠷ ᠪᠢ ᠬᠤᠪᠢ ᠬᠦᠮᠣᠨ ᠤ ᠫᠢᠶᠣᠤ ᠪᠠᠷᠢᠮᠲᠠ ᠣᠷᠣᠯᠠᠨ ᠥᠭᠬᠦ ᠲᠤᠬᠠᠶᠢᠯᠠᠭᠰᠠᠨ ᠠᠵᠢᠯ ᠢ ᠭᠦᠢᠴᠡᠳᠬᠡᠬᠦ ᠪᠠᠷ ᠢᠷᠡᠭᠰᠡᠨ᠂ ᠭᠠᠶᠢᠯᠢ ᠶᠢᠨ ᠠᠵᠢᠯᠲᠠᠨ ᠤ  ᠵᠢᠯᠤᠭᠤᠳᠤᠯᠭ᠎ᠠ ᠲᠤᠤᠷ᠎ᠠ ᠠᠵᠢᠯ ᠮᠠᠰᠢ ᠤᠷᠤᠭᠰᠢᠲᠠᠶ ᠪᠠᠶᠢᠨ᠎ᠠ︾ ᠭᠡᠵᠦ ᠰᠠᠭᠤᠭᠠᠯᠢ ᠠᠷᠠᠳ  ᠸᠠᠩ ᠵᠢᠶᠠᠩ ᠶᠠᠷᠢᠯ᠎ᠠ᠃       ᠬᠦᠪᠡᠬᠡᠳᠣ ᠰᠢᠷ᠎ᠠ ᠬᠤᠰᠢᠭᠤᠨ ᠤ ᠭᠠᠶᠢᠯᠢ ᠶᠢᠨ ᠶᠠᠪᠤᠳᠠᠯ ᠤᠨ ᠲᠣᠪᠴᠢᠶ᠎ᠠ ᠠᠵᠤ ᠠᠬᠤᠶᠢᠯᠠᠯ ᠳᠤ ᠢᠲᠡᠭᠡᠮᠵᠢ ᠶᠢᠨ ᠲᠠᠰ ᠲᠥᠷᠥᠯ ᠬᠤᠪᠢᠶᠠᠨ ᠬᠢᠨᠠᠨ ᠬᠠᠮᠢᠶᠠᠷᠬᠤ ᠶᠢ ᠬᠡᠷᠡᠭᠵᠢᠭᠦᠯᠵᠦ᠂ ᠭᠠᠶᠢᠯᠢ ᠲᠤᠰᠢᠶᠠᠬᠤ ᠢᠲᠡᠭᠡᠮᠵᠢ ᠶᠢᠨ ᠦᠨᠡᠯᠡᠯᠲᠡ ᠶᠢᠨ ᠬᠠᠮᠢᠶᠠᠷᠤᠯᠲᠠ ᠶᠢᠨ ᠠᠵᠢᠯ ᠢ ᠰᠠᠶᠢᠲᠤᠷ ᠬᠢᠵᠦ᠂ ᠣᠯᠠᠨ ᠨᠡᠶᠢᠲᠡ ᠶᠢᠨ ᠢᠲᠡᠭᠡᠮᠵᠢ ᠶᠢᠨ ᠶᠡᠷᠦᠩᠬᠡᠶᠢᠯᠡᠭᠰᠡᠨ ᠦᠨᠡᠯᠡᠯᠲᠡ ᠶᠢᠨ ᠦᠷ᠎ᠡ ᠳ᠋ᠦᠩ ᠢ ᠢᠳᠡᠪᠬᠢᠲᠡᠶ ᠬᠡᠷᠡᠭᠯᠡᠨ᠂ ᠭᠠᠶᠢᠯᠢ ᠲᠤᠰᠢᠶᠠᠬᠤ ᠢᠲᠡᠭᠡᠮᠵᠢ ᠶᠢᠨ ︽ᠨᠡᠷ᠎ᠡ ᠶᠢᠨ ᠬᠠᠭᠤᠳᠠᠰᠤ︾ ᠪᠠᠷ ᠠᠵᠤ ᠠᠬᠤᠶᠢᠯᠠᠯ ᠤᠨ ᠬᠦᠭᠵᠢᠯᠲᠡ ᠶᠢ ᠠᠬᠢᠭᠤᠯᠵᠤ ᠪᠠᠶᠢᠨ᠎ᠠ᠃      ᠣᠶᠢᠯᠠᠭᠠᠭᠰᠠᠨ ᠢᠶᠠᠷ᠂ ᠬᠥᠪᠡᠭᠡᠲᠦ ᠰᠢᠷ᠎ᠠ ᠬᠤᠰᠢᠭᠤᠨ ᠤ ᠭᠠᠶᠢᠯᠢ ᠶᠢᠨ ᠶᠠᠪᠤᠳᠠᠯ ᠤᠨ ᠲᠣᠪᠴᠢᠶ᠎ᠠ ᠵᠠᠯᠭᠠᠭ᠎ᠠ ᠪᠠᠷ ᠭᠤᠷᠪᠠᠨ ᠵᠢᠯ ᠭᠠᠶᠢᠯᠢ ᠶᠢᠨ ᠠᠵᠢᠯ ᠤᠨ A ᠲᠠᠰ ᠢᠶᠠᠷ ᠦᠨᠡᠯᠡᠭᠳᠡᠵᠣ᠂ ᠭᠠᠶᠢᠯᠢ ᠲᠤᠰᠢᠶᠠᠭᠴᠢ ᠳᠤ ᠲᠦᠷᠭᠡᠨ ᠬᠢᠨᠠᠨ ᠵᠥᠪᠰᠢᠶᠡᠷᠡᠬᠦ ᠵᠡᠷᠭᠡ ᠲᠦᠬᠦᠮ ᠦᠢᠯᠡᠴᠢᠯᠡᠭᠡ ᠬᠠᠩᠭᠠᠵᠤ᠂ ᠨᠢᠭᠡ  ᠶᠢ ᠨᠢᠭᠡ  ᠬᠠᠷᠠᠭᠠᠯᠵᠠᠭᠰᠠᠨ ᠰᠦᠯᠵᠢᠶᠡᠨ ᠤ ᠬᠠᠮᠢᠶᠠᠷᠤᠭᠴᠢ ᠶᠢᠨ ᠦᠢᠯᠡᠴᠢᠯᠡᠭᠡ ᠪᠠᠷ ᠳᠠᠮᠵᠢᠭᠤᠯᠤᠨ᠂ ᠭᠠᠶᠢᠯᠢ ᠲᠤᠰᠢᠶᠠᠬᠤ ᠢᠳᠡᠭᠡᠮᠵᠢᠳᠦ ᠠᠵᠤ ᠠᠬᠤᠶᠢᠯᠠᠯ ᠳᠤ ᠲᠦᠷᠭᠡᠨ ᠪᠥᠭᠡᠳ ᠥᠨᠳᠥᠷ ᠪᠦᠲᠦᠮᠵᠢᠲᠡᠶ ᠴᠢᠨᠠᠷ ᠰᠠᠶᠢᠲᠠᠶ ᠦᠢᠯᠡᠴᠢᠯᠡᠭᠡ ᠬᠠᠩᠭᠠᠭᠰᠠᠨ ᠪᠠᠶᠢᠨ᠎ᠠ᠃ ᠡᠭᠦᠨ ᠤ ᠬᠠᠮᠲᠤ᠂ ᠬᠥᠪᠡᠭᠡᠲᠦ ᠰᠢᠷ᠎ᠠ ᠬᠤᠰᠢᠭᠤᠨ ᠤ ᠭᠠᠶᠢᠯᠢ ᠶᠢᠨ ᠶᠠᠪᠤᠳᠠᠯ ᠤᠨ ᠲᠣᠪᠴᠢᠶ᠎ᠠ ᠤᠷᠢᠳᠴᠢᠯᠠᠨ ᠰᠡᠷᠡᠮᠵᠢᠯᠡᠭᠦᠯᠵᠦ ᠰᠠᠨᠠᠭᠤᠯᠬᠤ᠂ ᠨᠠᠷᠢᠯᠢᠭ ᠤᠨᠤᠪᠴᠢᠲᠠᠢ ᠪᠠᠷ ᠬᠠᠪᠰᠤᠷᠤᠨ ᠵᠢᠯᠣᠭᠤᠳᠬᠤ ᠵᠡᠷᠭᠡ ᠠᠷᠭ᠎ᠠ ᠬᠡᠯᠪᠡᠷᠢ ᠪᠠᠷ ᠳᠠᠮᠵᠢᠭᠤᠯᠤᠨ᠂ ᠠᠵᠤ ᠠᠬᠤᠶᠢᠯᠠᠯ ᠢ ᠬᠠᠪᠰᠤᠷᠤᠨ ᠭᠠᠶᠢᠯᠢ ᠲᠤᠰᠢᠶᠠᠬᠤ ᠢᠲᠡᠭᠡᠮᠵᠢ ᠶᠢᠨ ᠦᠨᠡᠯᠡᠯᠲᠡ ᠶᠢᠨ ᠰᠢᠰᠲ᠋ᠧᠮ ᠤᠨ ᠬᠤᠪᠢ ᠬᠠᠰᠤᠬᠤ ᠬᠦᠢᠴᠡᠳᠬᠡᠯ ᠲᠤᠭ᠎ᠠ ᠶᠢ ᠣᠶᠢᠯᠠᠭᠠᠭᠤᠯᠵᠤ᠂ ᠢᠲᠡᠭᠡᠮᠵᠢ ᠠᠯᠳᠠᠭᠰᠠᠨ ᠠᠵᠤ ᠠᠬᠤᠶᠢᠯᠠᠯ ᠳᠤ ᠢᠲᠡᠭᠡᠮᠵᠢ ᠶᠢ ᠰᠡᠷᠭᠦᠭᠡᠬᠦ ᠨᠥᠬᠦᠴᠡᠯ ᠪᠠ ᠨᠠᠷᠢᠨ ᠪᠠᠶᠢᠳᠠᠯ ᠢ ᠲᠠᠶᠢᠯᠪᠤᠷᠢᠯᠠᠨ᠂ ᠢᠲᠡᠭᠡᠮᠵᠢ ᠶᠢ ᠰᠡᠷᠭᠦᠭᠡᠬᠦ ᠲᠥᠰᠦᠯ ᠢ ᠲᠣᠭᠲᠠᠭᠠᠨ᠂ ᠢᠲᠡᠭᠡᠮᠵᠢ ᠠᠯᠳᠠᠭᠰᠠᠨ ᠠᠴᠠ ᠪᠣᠯᠤᠭᠰᠠᠨ ᠮᠠᠭᠤ ᠨᠥᠯᠥᠭᠡ ᠶᠢ ᠴᠠᠭ ᠲᠤᠬᠠᠶ ᠳᠤᠨᠢ ᠵᠠᠯᠠᠷᠠᠭᠤᠯᠵᠤ᠂ ᠠᠵᠤ ᠠᠬᠤᠶᠢᠯᠠᠯ ᠤᠨ ᠢᠲᠡᠭᠡᠮᠵᠢ ᠶᠢ ᠳᠠᠬᠢᠨ ᠴᠣᠭᠴᠠᠯᠠᠪᠠ᠃ ᠡᠬᠦᠨ ᠠᠴᠠ ᠭᠠᠳᠠᠨ᠎ᠠ ᠂ ︽ᠪᠠᠩᠬᠢ ᠭᠠᠶᠢᠯᠢ ᠶᠢᠨ ᠶᠠᠪᠤᠳᠠᠯ ᠢ ᠠᠭᠤᠰᠤᠯᠴᠠᠭᠤᠯᠬᠤ︾᠂ ︽ᠬᠤᠯᠪᠤᠭᠠᠰᠤ ᠶᠢ ᠴᠤᠭᠴᠠᠯᠠᠵᠤ ᠠᠵᠤ ᠠᠬᠤᠶᠢᠯᠠᠯ ᠢ ᠳᠡᠮᠵᠢᠬᠦ︾ ᠵᠡᠷᠭᠡ ᠠᠷᠭ᠎ᠠ ᠮᠠᠶ᠋ᠢᠭ ᠢᠶᠠᠷ ᠢᠲᠡᠭᠡᠮᠵᠢ ᠶᠢᠨ ᠪᠠᠶᠢᠭᠤᠯᠤᠯᠲᠠ ᠶᠢᠨ ᠬᠡᠷᠡᠭᠯᠡᠯᠲᠡ ᠲᠦᠭᠡᠮᠡᠯᠵᠢᠬᠦᠯᠦᠯᠲᠡ ᠶᠢ ᠴᠢᠩᠭᠠᠳᠬᠠᠵᠤ᠂ ᠠᠵᠤ ᠠᠬᠤᠶᠢᠯᠠᠯ ᠤᠨ ︽ᠦᠨᠡᠨᠴᠢ ᠢᠲᠡᠭᠡᠮᠵᠢ︾ ᠶᠢᠨ ᠬᠦᠷᠲᠡᠮᠵᠢ ᠶᠢᠨ ᠲᠥᠷᠥᠭᠳᠡᠯ ᠢ ᠲᠠᠰᠤᠷᠠᠯᠲᠠ ᠥᠬᠡᠶ ᠳᠡᠭᠡᠭᠰᠢᠯᠡᠭᠦᠯᠦᠨ᠂ ᠠᠵᠤ ᠠᠬᠤᠶᠢᠯᠠᠯ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠪᠠ᠃ ︽ᠭᠠᠶᠢᠯᠢ ᠶᠢᠨ ᠶᠠᠪᠤᠳᠠᠯ ᠤᠨ ᠰᠠᠯᠠᠭ᠎ᠠ ᠮᠥᠴᠢᠷ ᠭᠠᠶᠢᠯᠢ ᠲᠤᠰᠢᠶᠠᠬᠤ ᠢᠲᠡᠭᠡᠮᠵᠢ ᠶᠢᠨ ᠬᠠᠮᠢᠶᠠᠷᠤᠯᠲᠠ ᠶᠢ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠢ ᠰᠢᠯᠢᠳᠡᠭᠵᠢᠭᠦᠯᠬᠦ ᠴᠢᠬᠤᠯᠠ ᠠᠭᠤᠯᠭ᠎ᠠ ᠪᠣᠯᠭᠠᠵᠤ ᠂ ᠱᠠᠲᠤ ᠲᠥᠷᠥᠯ ᠬᠤᠪᠢᠶᠠᠨ ᠬᠢᠨᠠᠨ ᠬᠠᠮᠢᠶᠠᠷᠬᠤ ᠶᠢ ᠬᠡᠷᠡᠭᠵᠢᠭᠦᠯᠦᠨ᠂ ᠭᠠᠶᠢᠯᠢ ᠲᠤᠰᠢᠶᠠᠬᠤ ᠢᠲᠡᠭᠡᠮᠵᠢ ᠶᠢ ᠬᠢᠨᠠᠨ ᠲᠣᠭᠲᠠᠭᠠᠭᠰᠠᠨ ᠦᠷ᠎ᠡ ᠳ᠋ᠦᠩ ᠤᠨ ᠬᠡᠷᠡᠭᠯᠡᠯᠲᠡ ᠶᠢ ᠠᠯᠬᠤᠮ ᠠᠯᠬᠤᠮ ᠢᠶᠠᠷ ᠴᠢᠩᠭᠠᠳᠬᠠᠵᠤ᠂ ᠭᠠᠶᠢᠯᠢ ᠲᠤᠰᠢᠶᠠᠬᠤ ᠢᠲᠡᠭᠡᠮᠵᠢᠲᠦ ᠠᠵᠤ ᠠᠬᠤᠶᠢᠯᠠᠯ ᠳᠤ ᠰᠠᠭᠠᠳ ᠥᠬᠡᠶ ᠨᠡᠪᠲᠡᠷᠡᠬᠦ ᠵᠠᠮ ᠨᠡᠭᠡᠭᠡᠵᠤ᠂ ᠭᠠᠶᠢᠯᠢ ᠲᠤᠰᠢᠶᠠᠬᠤ ᠢᠲᠡᠭᠡᠮᠵᠢ ᠶᠢᠨ ᠰᠢᠰᠲ᠋ᠧᠮ ᠢ ᠦᠷᠭᠦᠯᠵᠢᠯᠡᠨ ᠪᠠᠶᠢᠭᠤᠯᠵᠤ᠂ ᠭᠠᠶᠢᠯᠢ ᠲᠤᠰᠢᠶᠠᠬᠤ ᠢᠲᠡᠭᠡᠮᠵᠢ ᠶᠢ ᠲᠠᠰᠤᠷᠠᠯᠲᠠ ᠥᠬᠡᠶ ᠳᠡᠭᠡᠭᠰᠢᠯᠡᠭᠦᠯᠦᠨ᠂ ᠭᠠᠶᠢᠯᠢ ᠲᠤᠰᠢᠶᠠᠬᠤ ᠤᠬᠠᠮᠰᠠᠷ ᠢ ᠤᠯᠠᠮ ᠨᠢᠭᠡ ᠠᠯᠬᠤᠮ ᠴᠢᠩᠭᠠᠳᠬᠠᠵᠤ᠂ ᠦᠨᠡᠨᠴᠢ ᠢᠲᠡᠭᠡᠮᠵᠢ ᠲᠠᠢ ᠪᠠᠷ ᠭᠠᠶᠢᠯᠢ ᠲᠤᠰᠢᠶᠠᠬᠤ ᠰᠠᠶᠢᠨ ᠰᠠᠶᠢᠬᠠᠨ ᠠᠭᠤᠷ ᠠᠮᠢᠰᠬᠤᠯ ᠢ ᠪᠣᠶ ᠪᠣᠯᠭᠠᠨ᠎ᠠ︾ ᠭᠡᠵᠤ ᠬᠥᠪᠡᠭᠡᠲᠦ ᠰᠢᠷ᠎ᠠ ᠬᠤᠰᠢᠭᠤᠨ ᠤ ᠭᠠᠶᠢᠯᠢ ᠶᠢᠨ ᠶᠠᠪᠤᠳᠠᠯ ᠤᠨ ᠲᠣᠪᠴᠢᠶ᠎ᠠ ᠶᠢᠨ ᠨᠢᠭᠡᠳᠦᠭᠡᠷ ᠭᠠᠶᠢᠯᠢ ᠶᠢᠨ ᠶᠠᠪᠤᠳᠠᠯ ᠤᠨ ᠬᠤᠪᠢᠶᠠᠷᠢ ᠲᠣᠪᠴᠢᠶᠠᠨ ᠤ ᠲᠣᠪᠴᠢᠶᠠᠨ ᠳᠠᠷᠤᠭ᠎ᠠ ᠯᠢᠨ ᠱᠤᠸᠠᠩ ᠶᠠᠷᠢᠯ᠎ᠠ᠃
 
ᠢᠷᠡᠯᠲᠡ᠄ ᠬᠦᠪᠡᠭᠡᠲᠦ ᠰᠢᠷ᠎ᠠ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号