ᠬᠦᠪᠡᠬᠡᠲᠦ ᠰᠢᠷ᠎ᠠ ᠬᠤᠰᠢᠭᠤᠨ ᠤ 726.85 ᠲᠦᠮᠡᠨ ᠮᠤ᠋ ᠨᠤᠳᠤᠭ ᠪᠡᠯᠴᠢᠭᠡᠷ ︽ᠪᠠᠯᠴᠢᠬᠡᠷ ᠰᠡᠷᠬᠦᠬᠡᠬᠦ ᠬᠤᠭᠤᠴᠠᠭᠠᠨ︾ ᠳᠤ ᠣᠷᠣᠯ᠎ᠠ
ᠨᠡᠶᠢᠲᠡᠯᠡᠭᠰᠡᠨ ᠴᠠᠭ᠄
2024/4/10
     ᠬᠠᠪᠤᠷ ᠤᠨ ᠤᠯᠠᠷᠢᠯ ᠪᠣᠯ ᠨᠤᠲᠤᠭ ᠪᠡᠯᠴᠢᠭᠡᠷ ᠤᠨ ᠤᠷᠭᠤᠮᠠᠯ ᠤᠨ ᠬᠤᠴᠢᠯᠭ᠎ᠠ ᠶᠢ ᠨᠣᠭᠤᠭᠠᠷᠠᠭᠤᠯᠬᠤ ᠵᠠᠩᠭᠢᠯᠠᠭ᠎ᠠ ᠶᠢᠨ ᠬᠤᠭᠤᠴᠠᠭ᠎ᠠ ᠪᠣᠯᠤᠨ᠎ᠠ᠂ ᠨᠤᠲᠤᠭ ᠪᠡᠯᠴᠢᠭᠡᠷ ᠤᠨ ᠠᠮᠢ ᠠᠬᠤᠶ ᠶᠢᠨ ᠬᠠᠮᠠᠭᠠᠯᠠᠯᠲᠠ ᠶᠢᠨ ᠠᠵᠢᠯ ᠤᠨ ᠦᠷ᠎ᠡ ᠪᠦᠲᠦᠭᠡᠯ ᠢ ᠤᠯᠠᠮ ᠨᠢᠭᠡ ᠠᠯᠬᠤᠮ ᠪᠠᠬᠢᠵᠢᠭᠦᠯᠵᠦ᠂ ᠨᠤᠲᠤᠭ ᠪᠡᠯᠴᠢᠭᠡᠷ ᠤᠨ ᠠᠮᠢ ᠠᠬᠤᠶ ᠶᠢᠨ ᠡᠬᠢ ᠪᠠᠶᠠᠯᠢᠭ ᠢ ᠰᠢᠨᠵᠢᠯᠡᠬᠦ ᠤᠬᠠᠭᠠᠨᠴᠢ ᠪᠠᠷ ᠬᠠᠮᠠᠭᠠᠯᠠᠨ ᠠᠰᠢᠭᠯᠠᠬᠤ ᠶᠢᠨ ᠲᠥᠯᠥᠭᠡ᠂ 4 ᠰᠠᠷ᠎ᠠ ᠶᠢᠨ 1 ᠤ ᠡᠳᠦᠷ ᠠᠴᠠ ᠡᠬᠢᠯᠡᠨ᠂ ᠬᠥᠪᠡᠭᠡᠲᠦ ᠰᠢᠷ᠎ᠠ ᠬᠤᠰᠢᠭᠤᠨ ᠤ ᠪᠠᠶᠠᠨᠲᠠᠯ᠎ᠠ ᠪᠠᠯᠭᠠᠰᠣ᠂ ᠣᠩᠭᠤᠨ ᠠᠭᠤᠯᠠ ᠰᠣᠮᠣ ᠪᠠ ᠪᠣᠭᠳᠠ ᠶᠢᠨ ᠭᠤᠤᠯ ᠰᠣᠮᠣ ᠵᠡᠷᠬᠡ ᠪᠦᠬᠦ ᠬᠤᠰᠢᠭᠤᠨ ᠤ 3 ᠰᠤᠮᠤ ᠪᠠᠯᠭᠠᠰᠤᠨ ᠤ 55 ᠭᠠᠴᠠᠭᠠᠨ ᠤ ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ ᠣᠷᠣᠨ ᠳᠤ 45 ᠡᠳᠦᠷ ᠤᠨ ᠬᠤᠭᠤᠴᠠᠭ᠎ᠠ ᠲᠠᠢ ᠬᠠᠪᠤᠷ ᠤᠨ ᠤᠯᠠᠷᠢᠯ ᠤᠨ ᠪᠡᠯᠴᠢᠭᠡᠷ ᠰᠡᠷᠭᠦᠭᠡᠬᠦ ᠠᠷᠭ᠎ᠠ ᠬᠡᠮᠵᠢᠶ᠎ᠡ ᠶᠢ ᠪᠥᠬᠦ ᠲᠠᠯ᠎ᠠ ᠪᠠᠷ ᠬᠡᠷᠡᠭᠵᠢᠬᠦᠯᠬᠦ ᠪᠠᠷ ᠪᠣᠢ᠃     ᠪᠠᠯᠴᠢᠬᠡᠷ ᠰᠡᠷᠬᠦᠬᠡᠬᠦ ᠠᠩᠬᠠᠨ ᠤ ᠡᠳᠦᠷ ᠰᠤᠷᠪᠤᠯᠵᠢᠯᠠᠭᠴᠢ ᠬᠦᠪᠡᠭᠡᠲᠦ ᠰᠢᠷ᠎ᠠ ᠬᠤᠰᠢᠭᠤᠨ ᠤ ᠪᠣᠬᠳᠠ ᠶᠢᠨ ᠭᠤᠤᠯ ᠰᠤᠮᠤᠨ ᠤ ᠪᠠᠶᠠᠨᠴᠠᠭᠠᠨ ᠭᠠᠴᠠᠭᠠᠨ ᠳᠤ ᠬᠦᠷᠬᠦ ᠳᠤ᠂ ᠨᠤᠳᠤᠭ ᠪᠡᠯᠴᠢᠭᠡᠷ ᠲᠤ ᠨᠢ ᠮᠠᠯ ᠤᠨ ᠪᠠᠷ᠎ᠠ ᠬᠠᠷᠠᠭᠳᠠᠬᠤ ᠦᠬᠡᠢ ᠪᠠᠶᠢᠯ᠎ᠠ᠃     ᠮᠠᠯᠴᠢᠨ ᠬᠠᠰᠪᠠᠭᠠᠲᠤᠷ ᠤᠨ ᠬᠡᠷ ᠲᠤ ᠬᠦᠷᠬᠦ ᠳᠤ᠂ 170 ᠭᠠᠷᠤᠢ ᠬᠤᠨᠢ᠂ 20 ᠦᠬᠡᠷ ᠨᠢ ᠬᠠᠰᠢᠶᠠᠨ  ᠳᠠᠭᠠᠨ ︽ᠠᠮᠠᠷᠠᠵᠤ︾ ᠪᠠᠶᠢᠯ᠎ᠠ᠃ ᠡᠳᠡᠨᠡᠶᠢᠬᠢᠨ ᠨᠢᠳᠤᠨᠤᠨ ᠡᠪᠦᠯ 10 ᠭᠠᠷᠤᠢ ᠲᠣᠨ ᠬᠥᠬᠡ ᠡᠪᠡᠰᠦ᠂ 10 ᠭᠠᠷᠤᠢ ᠲᠣᠨ ᠲᠡᠵᠢᠭᠡᠯ ᠪᠣᠷᠳᠤᠭ᠎ᠠ ᠨᠥᠭᠡᠴᠡᠯᠡᠵᠦ᠂ ᠪᠠᠯᠴᠢᠬᠡᠷᠯᠡᠬᠦᠯᠬᠦ ᠶᠢ ᠵᠣᠬᠰᠣᠭᠠᠬᠤ ᠬᠤᠭᠤᠴᠠᠭᠠᠨ ᠳᠤ ᠪᠠᠰᠠ ᠨᠢᠭᠡ ᠪᠦᠯᠦᠭ ᠡᠪᠡᠰᠦ ᠪᠣᠷᠳᠤᠭ᠎ᠠ ᠬᠤᠳᠠᠯᠳᠤᠨ ᠠᠪᠴᠤ ᠮᠠᠯ ᠣᠨᠣᠭᠠᠨ ᠤ ᠪᠠᠨ ᠡᠪᠡᠰᠣ ᠪᠣᠷᠳᠣᠭᠠᠨ ᠤ ᠬᠠᠩᠭᠠᠯᠭ᠎ᠠ ᠬᠡᠷᠭᠴᠡᠭᠡ ᠶᠢ ᠪᠠᠳᠣᠯᠬᠬᠤ ᠪᠠᠷ ᠪᠣᠢ᠃ ᠬᠠᠰᠪᠠᠭᠠᠳᠣᠷ ᠤᠨ ᠳᠤ ᠪᠣᠭᠳᠠ ᠶᠢᠨ ᠭᠤᠤᠯ ᠰᠤᠮᠤᠨ ᠤ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶ᠎ᠠ ᠶᠢᠨ ᠠᠵᠢᠯᠲᠠᠳ ᠶᠠᠭ ᠰᠠᠶ᠋ᠢᠬᠠᠨ ᠮᠠᠯᠴᠢᠨ ᠡᠷᠣᠬᠡ ᠳᠤ ᠬᠦᠨᠵᠡᠬᠡᠶᠢᠷᠠᠨ ᠪᠡᠯᠴᠢᠭᠡᠷᠯᠡᠭᠦᠯᠬᠦ ᠶᠢ ᠵᠣᠭᠰᠣᠭᠠᠬᠤ ᠠᠵᠢᠯ ᠤᠨ ᠬᠠᠮᠢᠶ᠎ᠠ ᠪᠥᠬᠦᠶ ᠲᠥᠷᠥ ᠶᠢᠨ ᠪᠣᠳᠣᠯᠭ᠎ᠠ ᠶᠢ ᠤᠬᠠᠭᠤᠯᠤᠨ ᠲᠠᠶᠢᠯᠪᠤᠷᠢᠯᠠᠬᠤ ᠶᠢᠨ ᠬᠠᠮᠲᠤ ᠬᠢᠨᠠᠨ ᠬᠠᠮᠢᠶᠠᠷᠴᠤ ᠪᠠᠯᠴᠢᠬᠡᠷ ᠰᠡᠷᠬᠦᠬᠡᠬᠦ ᠬᠤᠭᠤᠴᠠᠭᠠᠨ ᠤ ᠠᠵᠢᠯ ᠢ ᠵᠢᠯᠣᠭᠤᠳᠴᠤ ᠪᠠᠶᠢᠯ᠎ᠠ᠃     ᠬᠦᠪᠡᠬᠡᠳᠣ ᠰᠢᠷ᠎ᠡ ᠬᠤᠰᠢᠭᠤᠨ ᠤ ᠪᠣᠬᠳᠠ ᠶᠢᠨ ᠭᠤᠣᠯ ᠰᠣᠮᠣᠨ ᠤ ᠶᠡᠷᠣᠩᠬᠡᠶᠢᠯᠡᠭᠰᠠᠨ ᠵᠠᠰᠠᠭ ᠵᠠᠬᠢᠷᠭᠠᠨ ᠤ ᠬᠠᠣᠯᠢ ᠬᠡᠷᠡᠭᠵᠢᠬᠦᠯᠬᠦ ᠲᠣᠪᠴᠢᠶᠠᠨ ᠤ ᠠᠵᠢᠯᠳᠠᠨ ᠪᠠᠳᠣᠪᠢᠯᠢᠭ᠌᠄ ︽ᠦᠨᠣᠳᠣᠷ ᠪᠣᠯ ᠲᠦᠷᠪᠡᠨ ᠰᠡᠷ᠎ᠡ ᠶᠢᠨ ᠨᠢᠬᠡᠨ ᠤ ᠡᠳᠣᠷ᠂ ᠮᠠᠨ ᠤ ᠪᠣᠬᠳᠠ ᠶᠢᠨ ᠭᠤᠣᠯ ᠰᠣᠮᠣᠨ ᠤ 21ᠭᠠᠴᠠᠭᠠᠨ ᠤ 226 ᠬᠤᠳᠠ ᠣᠰᠣᠨ ᠤ 200 ᠭᠠᠷᠣᠢ ᠲᠦᠮᠡᠨ ᠮᠦ ᠨᠣᠳᠤᠭ ᠪᠠᠯᠴᠢᠬᠡᠷ ᠬᠠᠪᠣᠷ ᠤᠨ ᠣᠯᠡᠷᠢᠯ ᠤᠨ ᠬᠠᠰᠢᠶᠠᠯᠠᠭ᠎ᠠ ᠶᠢᠨ ᠬᠤᠭᠤᠴᠠᠭᠠᠨ ᠳᠤ ᠣᠷᠣᠬᠰᠠᠨ︔ ᠮᠠᠨ ᠤ ᠰᠣᠮᠣ ᠪᠠ ᠰᠣᠮᠣᠨ ᠤ ᠶᠡᠷᠣᠩᠬᠡᠶᠢᠯᠡᠭᠰᠠᠨ ᠵᠠᠰᠠᠭ ᠵᠠᠬᠢᠷᠭᠠᠨ ᠤ ᠬᠠᠣᠯᠢ ᠬᠡᠷᠡᠭᠵᠢᠬᠦᠯᠬᠦ ᠲᠣᠪᠴᠢᠶ᠎ᠠ ᠨᠢ ᠬᠠᠰᠢᠶᠠᠯᠠᠭ᠎ᠠ ᠠᠴᠠ ᠡᠮᠣᠨ᠎ᠠ ᠬᠠᠭᠠᠰ ᠰᠡᠷ᠎ᠡ ᠶᠢᠨ ᠬᠤᠭᠤᠴᠠᠭ᠎ᠠ ᠶᠢ ᠵᠠᠷᠣᠴᠠᠭᠤᠯᠵᠣ ᠪᠠᠶᠢᠭᠠᠳ ᠬᠠᠰᠢᠶᠠᠯᠠᠭ᠎ᠠ ᠶᠢᠨ ᠬᠠᠮᠢᠶᠠᠲᠠᠢ ᠣᠬᠠᠭᠤᠯᠭ᠎ᠠ ᠶᠢ ᠬᠢᠭᠰᠡᠨ︔ ᠡᠷᠣᠬᠡ ᠳᠤ ᠬᠦᠨᠵᠡᠬᠡᠶᠢᠷᠠᠨ ᠣᠬᠠᠭᠤᠯᠭ᠎ᠠ ᠶᠢᠨ ᠬᠠᠭᠤᠳᠠᠰᠣ ᠲᠠᠷᠬᠠᠭᠠᠬᠤ ᠪᠣᠶᠣ ᠸᠢᠴᠠᠲ ᠲᠣᠣᠷ ᠰᠦᠯᠵᠢᠶ᠎ᠠ ᠵᠡᠷᠬᠡ ᠶᠢ ᠠᠰᠢᠬᠯᠠᠨ ᠣᠬᠠᠭᠤᠯᠭ᠎ᠠ ᠶᠢ ᠰᠠᠶᠢᠳᠣᠷ ᠬᠢᠭᠰᠡᠨ︔ ᠬᠤᠶᠢᠰᠢᠳᠠ ᠮᠠᠨ  ᠤ ᠰᠣᠮᠣᠨ ᠤ ᠶᠡᠷᠣᠩᠬᠡᠶᠢᠯᠡᠭᠰᠠᠨ ᠵᠠᠰᠠᠭ ᠵᠠᠬᠢᠷᠭᠠᠨ ᠤ ᠬᠠᠣᠯᠢ ᠬᠡᠷᠡᠭᠵᠢᠬᠦᠯᠬᠦ ᠲᠣᠪᠴᠢᠶ᠎ᠠ ᠨᠢ ᠡᠩ ᠤᠨ ᠦᠶ᠎ᠠ ᠶᠢᠨ ᠲᠣᠭᠤᠷᠢᠨ ᠪᠠᠶᠢᠴᠠᠭᠠᠬᠤ ᠪᠣᠶᠣ ᠲᠣᠭᠤᠷᠢᠨ ᠴᠠᠬᠳᠠᠬᠤ ᠠᠵᠢᠯ ᠢᠶᠠᠨ ᠴᠢᠩᠭᠠᠳᠬᠠᠵᠣ᠂ ᠬᠠᠰᠢᠶᠠᠯᠠᠭ᠎ᠠ ᠶᠢᠨ ᠬᠤᠭᠤᠴᠠᠭᠠᠨ ᠤ ᠬᠠᠰᠢᠶᠠᠯᠠᠭ᠎ᠠ ᠶᠢᠨ ᠦᠷ᠎ᠡ ᠪᠦᠳᠣᠬᠡᠯ ᠢ ᠦᠨᠡᠨᠬᠦ ᠪᠠᠳᠣᠯᠠᠬᠤ ᠪᠠᠷ ᠴᠢᠷᠮᠠᠶᠢᠨ ᠠᠵᠢᠯᠯᠠᠨ᠎ᠠ︾ ᠭᠡᠵᠦ ᠶᠠᠷᠢᠯ᠎ᠠ᠃      ᠬᠦᠪᠡᠬᠡᠳᠣ ᠰᠢᠷ᠎ᠡ ᠬᠤᠰᠢᠭᠤᠨ ᠤ ᠪᠣᠭᠳᠠ ᠶᠢᠨ ᠭᠤᠣᠯ ᠰᠤᠮᠤᠨ ᠤ ᠪᠠᠶᠠᠨᠴᠠᠭᠠᠨ ᠭᠠᠴᠠᠭᠠᠨ ᠤ ᠪᠠᠲᠤᠨᠠᠰᠣᠨ ᠤ ᠭᠡᠷ ᠲᠤ ᠬᠦᠷᠬᠦ ᠳᠤ᠂ ᠪᠠᠳᠣᠨᠠᠰᠣᠨ ᠬᠤᠨᠢ ᠢᠶᠠᠨ ᠡᠪᠡᠰᠣᠯᠠᠨ ᠶᠠᠭᠠᠷᠠᠯᠲᠠᠢ ᠠᠵᠢᠯᠯᠠᠵᠣ ᠪᠠᠶᠢᠯ᠎ᠠ᠃ ᠬᠡᠳᠣᠶᠢᠪᠡᠷ ᠪᠠᠯᠴᠢᠬᠡᠷ ᠰᠡᠷᠬᠦᠬᠡᠬᠦ ᠬᠤᠭᠤᠴᠠᠭᠠᠨ ᠤ ᠠᠩᠬᠠᠨ ᠤ ᠡᠳᠣᠷ ᠪᠣᠯᠪᠠᠴᠣ ᠡᠳᠡᠨᠡᠶᠢᠬᠢᠨ ᠤ ᠮᠠᠯ ᠠᠵᠤ ᠠᠬᠤᠢ ᠦᠢᠯᠡᠳᠪᠦᠷᠢᠯᠡᠯ ᠤᠨ ᠠᠵᠢᠯ ᠨᠢ ᠡᠮᠬᠢ ᠴᠡᠭᠴᠡ ᠲᠠᠢ ᠶᠠᠪᠤᠭᠳᠠᠵᠤ ᠪᠠᠶᠢᠯ᠎ᠠ᠃ ︽ᠦᠨᠣᠳᠣᠷ ᠬᠠᠰᠢᠶᠠᠯᠠᠭ᠎ᠠ ᠡᠬᠢᠯᠡᠵᠣ ᠪᠠᠶᠢᠨ᠎ᠠ︔ ᠨᠢᠳᠣᠨᠣᠨ ᠨᠠᠮᠣᠷ ᠠᠷᠪᠠᠨ ᠬᠡᠳᠣᠨ ᠲᠣᠨ ᠡᠪᠡᠰᠣ᠂ ᠠᠷᠪᠠᠨ ᠬᠡᠳᠣᠨ ᠲᠣᠨ ᠪᠣᠷᠳᠣᠭᠤᠷ ᠪᠡᠯᠡᠳᠬᠡᠭᠰᠡᠨ︔ ᠬᠠᠰᠢᠶᠠᠯᠠᠭ᠎ᠠ ᠳᠤ ᠪᠠᠨ ᠪᠦᠷᠢᠮᠣᠰᠣᠨ ᠬᠦᠷᠴᠢᠬᠡᠨ᠎ᠡ︾ ᠭᠡᠵᠦ ᠮᠠᠯᠴᠢᠨ ᠪᠠᠳᠣᠨᠠᠰᠣᠨ ᠶᠠᠷᠢᠵᠤ ᠪᠠᠶᠢᠯ᠎ᠠ᠃       ᠣᠶᠢᠯᠠᠭᠠᠭᠰᠠᠨ ᠢᠶᠠᠷ᠂ ᠡᠨᠡ ᠵᠢᠯ ᠬᠥᠪᠡᠭᠡᠲᠦ ᠰᠢᠷ᠎ᠠ ᠬᠤᠰᠢᠭᠤᠨ ᠤ ᠬᠠᠪᠤᠷ ᠤᠨ ᠤᠯᠠᠷᠢᠯ ᠤᠨ ᠪᠡᠯᠴᠢᠭᠡᠷ  ᠰᠡᠷᠬᠦᠬᠡᠬᠦ ᠲᠠᠯᠠᠪᠠᠢ 726.85 ᠲᠦᠮᠡᠨ ᠮᠦ ᠪᠠᠶᠢᠵᠣ᠂ ᠬᠠᠪᠤᠷ ᠤᠨ ᠤᠯᠠᠷᠢᠯ ᠤᠨ ᠪᠡᠯᠴᠢᠭᠡᠷ ᠰᠡᠷᠭᠦᠭᠡᠭᠦ ᠠᠵᠢᠯ ᠤᠨ ᠦᠷ᠎ᠡ ᠪᠦᠳᠦᠮᠵᠢ ᠶᠢ ᠪᠠᠳᠤᠯᠠᠬᠤ ᠶᠢᠨ ᠲᠤᠯᠠᠳᠠ᠂ ᠬᠦᠪᠡᠭᠡᠲᠦ ᠰᠢᠷ᠎ᠠ ᠬᠤᠰᠢᠭᠤ ᠪᠡᠯᠴᠢᠭᠡᠷ ᠰᠡᠷᠭᠦᠭᠡᠭᠦ ᠮᠠᠯᠵᠢᠬᠤ ᠡᠷᠦᠭᠡ ᠶᠢᠨ ᠪᠡᠯᠴᠢᠭᠡᠷ ᠰᠡᠷᠭᠦᠭᠡᠭᠦ ᠨᠤᠳᠤᠭ ᠪᠡᠯᠴᠢᠭᠡᠷ ᠤᠨ ᠲᠠᠯᠠᠪᠠᠢ ᠪᠠᠷ ᠮᠦ ᠪᠦᠷᠢ ᠳᠤ 1.125 ᠲᠦᠭᠦᠷᠢᠭ ᠤᠨ ᠪᠡᠯᠴᠢᠭᠡᠷ ᠰᠡᠷᠭᠦᠭᠡᠭᠦ ᠨᠦᠭᠦᠪᠤᠷᠢ ᠦᠭᠬᠦ ᠪᠤᠯᠤᠨ᠎ᠠ᠃
 
ᠢᠷᠡᠯᠲᠡ᠄ ᠬᠦᠪᠡᠬᠡᠲᠦ ᠰᠢᠷ᠎ᠠ ᠬᠤᠰᠢᠭᠤ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号