ᠪᠣᠭᠳᠠ ᠶᠢᠨ ᠭᠤᠤᠯ ᠰᠤᠮᠤᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠨᠢ ᠰᠤᠮᠤᠨ ᠤ ᠠᠷᠠᠳ ᠤᠨ ᠵᠠᠰᠠᠭ ᠤᠨ ᠣᠷᠳᠣᠨ ᠲᠠᠢ ᠬᠠᠮᠲᠤᠷᠠᠨ ᠶᠡᠷᠦᠩᠬᠡᠶᠢᠯᠡᠭᠰᠡᠨ ᠬᠢᠨᠠᠨ ᠪᠠᠶᠢᠴᠠᠭᠠᠯᠲᠠ ᠶᠢᠨ ᠠᠵᠢᠯ ᠢ ᠥᠷᠨᠢᠭᠦᠯᠪᠡ
ᠨᠡᠶᠢᠲᠡᠯᠡᠭᠰᠡᠨ ᠴᠠᠭ᠄
2024/4/10
      ᠬᠢᠨᠠᠨ ᠪᠠᠶᠢᠴᠠᠭᠠᠬᠤ ᠡᠭᠦᠷᠭᠡ ᠬᠠᠷᠢᠭᠤᠴᠠᠯᠭ᠎ᠠ ᠪᠠᠨ ᠦᠨᠡᠨᠬᠦ ᠭᠦᠶᠴᠡᠳᠬᠡᠵᠦ᠂ ᠰᠤᠮᠤᠨ ᠤ ᠪᠠᠶᠢᠭᠤᠯᠭ᠎ᠠ ᠪᠣᠯᠤᠨ ᠭᠠᠴᠠᠭᠠᠨ ᠤ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ᠂ ᠠᠶᠤᠯᠭᠦᠶ ᠦᠶᠯᠡᠳᠪᠦᠷᠢᠯᠡᠯ᠂ ᠠᠷᠠᠳ  ᠤᠨ ᠠᠮᠢᠳᠤᠷᠠᠯ ᠤᠨ ᠲᠥᠷᠥᠯ ᠵᠦᠶᠯ ᠢ ᠬᠡᠷᠡᠭᠵᠢᠭᠦᠯᠬᠦ ᠵᠡᠷᠭᠡ ᠬᠦᠷᠢᠶᠡᠨ ᠳᠠᠬᠢ ᠬᠢᠨᠠᠯᠲᠠ ᠪᠠᠨ ᠴᠢᠩᠭᠠᠳᠬᠠᠬᠤ ᠶᠢᠨ ᠲᠥᠯᠥᠭᠡ᠂ ᠤᠷᠴᠢᠮ ᠤᠨ ᠡᠳᠦᠷ᠂ ᠪᠣᠭᠳᠠ ᠶᠢᠨ ᠭᠤᠤᠯ ᠰᠤᠮᠤᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠨᠢ ᠰᠤᠮᠤᠨ ᠤ ᠵᠠᠰᠠᠭ ᠤᠨ ᠣᠷᠳᠣᠨ ᠲᠠᠢ ᠬᠠᠮᠲᠤᠷᠠᠨ᠂ ᠤᠷᠢᠳᠴᠢᠯᠠᠨ ᠮᠡᠳᠡᠭᠳᠡᠬᠦ ᠥᠬᠡᠶ ᠪᠠᠷ ᠰᠢᠭᠤᠳ ᠦᠨᠳᠦᠰᠦᠨ ᠱᠠᠲᠤᠨ ᠳᠤ ᠭᠦᠨᠵᠡᠭᠡᠶᠢᠷᠡᠨ ᠲᠤᠬᠠᠶ ᠶᠢᠨ ᠭᠠᠵᠠᠷ ᠲᠤᠨᠢ ᠪᠠᠶᠢᠴᠠᠭᠠᠬᠤ᠂ ᠲᠠᠩᠰᠠ ᠡᠪᠬᠡᠮᠡᠯ ᠢ ᠪᠠᠶᠢᠴᠠᠭᠠᠨ ᠦᠵᠡᠬᠦ᠂ ᠭᠠᠴᠠᠭᠠᠨ ᠤ ︽ᠬᠤᠶᠠᠷ ᠵᠥᠪᠯᠡᠯ︾ ᠲᠠᠢ ᠨᠢᠭᠤᠷᠳᠠᠨ ᠶᠠᠷᠢᠯᠴᠠᠬᠤ ᠵᠡᠷᠭᠡ ᠠᠷᠭ᠎ᠠ ᠬᠡᠯᠪᠡᠷᠢ ᠪᠠᠷ ᠳᠠᠮᠵᠢᠭᠤᠯᠤᠨ᠂ ᠡᠬᠢᠨ ᠤᠰᠤ᠂ ᠡᠯᠡᠰᠦᠲᠡᠶ᠂ ᠬᠠᠷᠠᠨᠠᠭᠤᠷ ᠵᠡᠷᠭᠡ ᠭᠠᠴᠠᠭ᠎ᠠ ᠳᠤ ᠶᠡᠷᠦᠩᠬᠡᠶᠢᠯᠡᠭᠰᠡᠨ ᠴᠢᠨᠠᠷᠲᠠᠶ ᠬᠢᠨᠠᠨ ᠪᠠᠶᠢᠴᠠᠭᠠᠯᠲᠠ ᠥᠷᠨᠢᠭᠦᠯᠪᠡ᠃        ᠭᠦᠷᠦᠭᠰᠡᠨ ᠭᠠᠵᠠᠷ ᠪᠦᠬᠦᠨ ᠳᠤ ᠪᠠᠨ᠂ ᠪᠠᠶᠢᠴᠠᠭᠠᠬᠤ ᠳᠤᠭᠤᠶᠢᠯᠠᠩ ᠨᠢ ᠭᠠᠴᠠᠭᠠᠨ ᠤ ᠤᠳᠤᠷᠢᠳᠤᠯᠭ᠎ᠠ  ᠠᠴᠠ ᠭᠠᠴᠠᠭᠠᠨ ᠤ ᠣᠶᠢᠷ᠎ᠠ ᠶᠢᠨ ᠬᠤᠭᠤᠴᠠᠭᠠᠨ ᠤ ᠠᠵᠢᠯ ᠤᠨ ᠪᠠᠶᠢᠳᠠᠯ ᠢ ᠨᠠᠷᠢᠨ ᠣᠶᠢᠯᠠᠭᠠᠭᠰᠠᠨ ᠤ ᠳᠠᠷᠠᠭ᠎ᠠ᠂ ᠠᠵᠢᠯ ᠤᠨ ᠲᠠᠩᠰᠠ ᠡᠪᠬᠡᠮᠡᠯ ᠢ ᠪᠠᠶᠢᠴᠠᠭᠠᠨ ᠦᠵᠡᠵᠦ᠂ ᠭᠠᠴᠠᠭᠠᠨ ᠤ ᠠᠵᠢᠯ ᠤᠨ ᠣᠨᠴᠠᠯᠢᠭ᠂ ᠣᠯᠤᠭᠰᠠᠨ ᠦᠷ᠎ᠡ ᠪᠦᠲᠦᠮᠵᠢ ᠪᠠ ᠬᠦᠷᠦᠯᠴᠡᠬᠦ ᠥᠬᠡᠶ ᠲᠠᠯ᠎ᠠ ᠵᠢᠴᠢ ᠣᠷᠣᠰᠢᠵᠤ ᠪᠠᠶᠢᠭ᠎ᠠ ᠠᠰᠠᠭᠤᠳᠠᠯ ᠢ ᠢᠯᠡᠷᠡᠭᠦᠯᠪᠡ᠃ ᠡᠬᠢᠨ ᠤᠰᠤ ᠪᠣᠯᠤᠨ ᠡᠯᠡᠰᠤᠳᠠᠢ ᠭᠠᠴᠠᠭᠠᠨ ᠳᠤ᠂ ᠬᠢᠨᠠᠨ ᠪᠠᠶᠢᠴᠠᠭᠠᠬᠤ ᠳᠤᠭᠤᠶᠢᠯᠠᠩ ᠤᠨ ᠬᠢᠨ᠂ 2023 ᠣᠨ ᠳᠤ ᠬᠤᠰᠢᠭᠤᠨ  ᠤ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ ᠤᠨ ᠬᠡᠷᠡᠭᠵᠢᠭᠦᠯᠦᠭᠰᠡᠨ ᠴᠥᠭᠡᠨ ᠲᠣᠭᠠᠲᠤ ᠦᠨᠳᠦᠰᠦᠲᠡᠨ ᠤ ᠬᠥᠭᠵᠢᠯᠲᠡ ᠶᠢᠨ ᠪᠡᠯᠡ ᠮᠥᠩᠭᠦ ᠶᠢᠨ ᠲᠦᠷᠦᠯ ᠵᠦᠢᠯ ᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠭᠤᠣᠯᠳᠠᠯᠭ᠎ᠠ ᠲᠠᠢ ᠪᠠᠶᠢᠴᠠᠭᠠᠵᠤ᠂ ᠲᠦᠷᠦᠯ ᠵᠦᠢᠯ ᠤᠨ ᠡᠮᠦᠨᠡᠬᠢ  ᠬᠤᠭᠤᠴᠠᠭᠠᠨ ᠤ ᠭᠤᠶᠤᠴᠢᠯᠠᠯ᠂ ᠲᠦᠷᠦᠯ ᠵᠦᠢᠯ ᠤᠨ ᠮᠠᠯᠵᠢᠬᠤ ᠡᠷᠦᠬᠡ ᠶᠢ ᠲᠣᠭᠲᠠᠭᠠᠬᠤ᠂ ᠲᠦᠷᠦᠯ ᠵᠦᠢᠯ ᠢ ᠬᠡᠷᠡᠭᠵᠢᠭᠦᠯᠬᠦ ᠲᠡᠰ ᠳᠠᠷᠠᠭᠠᠯᠠᠯ ᠵᠡᠷᠭᠡ ᠡᠯ᠎ᠡ ᠭᠤᠭᠴᠤᠭ᠎ᠠ ᠶᠢᠨ ᠲᠠᠩᠰᠠ ᠡᠪᠬᠡᠮᠡᠯ ᠢ ᠲᠤᠬᠠᠢ ᠶᠢᠨ ᠲᠠᠯᠠᠪᠠᠢ ᠳᠤ ᠪᠠᠶᠢᠴᠠᠭᠠᠨ ᠦᠵᠡᠪᠡ᠃ ᠬᠠᠷᠠᠨᠠᠭᠤᠷ᠂ ᠡᠯᠡᠰᠦᠲᠡᠶ ᠪᠣᠯᠤᠨ ᠡᠬᠢᠨ ᠤᠰᠤ ᠭᠠᠴᠠᠭᠠᠨ ᠳᠤ᠂ ᠬᠢᠨᠠᠨ ᠪᠠᠶᠢᠴᠠᠭᠠᠬᠤ ᠳᠤᠭᠤᠶᠢᠯᠠᠩ ᠠᠴᠠ ᠭᠠᠴᠠᠭᠠᠨ ᠤ ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ ᠬᠤᠶᠠᠷ ᠵᠦᠶᠯ ᠤᠨ ᠠᠷᠭ᠎ᠠ ᠵᠠᠮ ᠢᠶᠠᠷ ︽ᠭᠤᠷᠪᠠᠨ ᠶᠠᠪᠤᠳᠠᠯ︾ ᠢ ᠢᠯᠡ ᠪᠣᠯᠭᠠᠬᠤ ᠠᠵᠢᠯ ᠢ ᠥᠷᠨᠢᠭᠦᠯᠵᠦ ᠪᠠᠶᠢᠭ᠎ᠠ ᠪᠠᠶᠢᠳᠠᠯ ᠢ ᠬᠢᠨᠠᠨ ᠪᠠᠶᠢᠴᠠᠭᠠᠵᠤ᠂ ᠬᠡᠰᠡᠭ ᠵᠦᠶᠯᠡᠰ ᠢ ᠢᠯᠡ ᠪᠣᠯᠭᠠᠭᠰᠠᠨ ᠢᠶᠠᠷ ᠬᠦᠷᠦᠯᠴᠡᠬᠦ ᠥᠬᠡᠶ ᠪᠠᠶᠢᠳᠠᠯ ᠢ ᠲᠤᠬᠠᠶ ᠶᠢᠨ ᠲᠠᠯᠠᠪᠤᠷ  ᠲᠤᠨᠢ ᠬᠠᠷᠢᠭᠤ ᠲᠤᠰᠬᠠᠵᠤ᠂ ᠲᠡᠷᠡ ᠲᠠᠷᠤᠢ ᠳᠤᠨᠢ ᠵᠠᠰᠠᠨ ᠴᠡᠭᠴᠡᠯᠡᠬᠦ ᠶᠢ ᠱᠠᠭᠠᠷᠳᠠᠪᠠ᠃ ᠬᠢᠨᠠᠨ ᠪᠠᠶᠢᠴᠠᠭᠠᠬᠤ ᠶᠠᠪᠤᠴᠠ ᠳᠤ᠂ ᠪᠠᠶᠢᠴᠠᠭᠠᠬᠤ ᠳᠤᠭᠤᠶᠢᠯᠠᠩ ᠪᠠᠰᠠ ᠡᠯ᠎ᠡ ᠭᠠᠴᠠᠭᠠᠨ ᠤ ᠣᠶᠢᠷ᠎ᠠ ᠶᠢᠨ ᠬᠤᠭᠤᠴᠠᠭᠠᠨ ᠳᠤ ᠥᠷᠨᠢᠭᠦᠯᠦᠭᠰᠡᠨ ᠪᠡᠯᠴᠢᠭᠡᠷ ᠰᠡᠷᠭᠦᠭᠡᠬᠦ ᠠᠵᠢᠯ ᠪᠠ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠠᠮᠤᠷ ᠲᠦᠪᠰᠢᠨ ᠤ ᠠᠵᠢᠯ ᠢ ᠬᠢᠨᠠᠨ ᠪᠠᠶᠢᠴᠠᠭᠠᠵᠤ᠂ ᠠᠵᠢᠯ ᠤᠨ ᠰᠠᠨᠠᠭᠤᠯᠭ᠎ᠠ ᠳᠤᠷᠠᠳᠪᠠ᠃       ᠪᠠᠶᠢᠴᠠᠭᠠᠬᠤ ᠳᠤᠭᠤᠶᠢᠯᠠᠩ ᠤᠨ ᠬᠢᠨ᠂ ᠡᠯ᠎ᠡ ᠭᠠᠴᠠᠭᠠᠨ ᠤ ᠨᠠᠮ ᠤᠨ ᠡᠭᠦᠷ ᠨᠢ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠪᠣᠯᠤᠨ ᠶᠡᠷᠦᠩᠬᠡᠶ ᠱᠦᠵᠢ ᠰᠢ ᠶᠢᠨ ᠫᠢᠩ ᠤᠨ ᠬᠤᠷᠢᠳᠤᠭᠠᠷ ᠬᠤᠭᠤᠴᠠᠭᠠᠨ ᠤ ᠲᠥᠪ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠭᠤᠷᠪᠠᠳᠤᠭᠠᠷ ᠪᠦᠭᠦᠳᠡ ᠬᠤᠷᠠᠯ ᠳᠡᠭᠡᠷᠡᠬᠢ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠵᠤ᠂ ᠣᠳᠣᠬᠠᠨ ᠤ ᠪᠥᠬᠦ ᠨᠠᠮ ᠤᠨ ᠳᠣᠲᠣᠷ᠎ᠠ ᠨᠠᠮ ᠤᠨ ᠰᠠᠬᠢᠯᠭ᠎ᠠ ᠪᠠᠲᠤ  ᠶᠢᠨ ᠰᠤᠷᠤᠯᠴᠠᠯᠭ᠎ᠠ ᠬᠥᠮᠦᠵᠢᠯ ᠥᠷᠨᠢᠭᠦᠯᠬᠦ ᠶᠢᠨ ᠴᠢᠬᠤᠯᠠ ᠠᠴᠢ ᠬᠤᠯᠪᠣᠭᠳᠠᠯ ᠢ ᠭᠦᠶᠴᠡᠳ ᠲᠠᠨᠢᠵᠤ᠂ ︽ᠭᠤᠷᠪᠠᠨ ᠬᠤᠷᠠᠯ ᠨᠢᠭᠡ ᠬᠢᠴᠢᠶᠡᠯ︾ ᠤᠨ ᠲᠦᠷᠢᠮ ᠢ ᠰᠠᠶᠢᠲᠤᠷ ᠬᠡᠷᠡᠭᠯᠡᠵᠦ᠂ ᠭᠠᠴᠠᠭᠠᠨ ᠤ ᠪᠥᠬᠦ ᠨᠠᠮ ᠤᠨ ᠭᠡᠰᠢᠭᠦᠨ ᠤ ᠰᠠᠬᠢᠯᠭ᠎ᠠ ᠪᠠᠲᠤ ᠶᠢ ᠰᠤᠷᠤᠯᠴᠠᠬᠤ᠂ ᠰᠠᠬᠢᠯᠭ᠎ᠠ ᠪᠠᠲᠤ ᠶᠢ ᠮᠡᠳᠡᠬᠦ᠂ ᠰᠠᠬᠢᠯᠭ᠎ᠠ ᠪᠠᠲᠤ ᠶᠢ ᠤᠶᠢᠯᠠᠭᠠᠬᠤ᠂ ᠰᠠᠬᠢᠯᠭ᠎ᠠ ᠪᠠᠲᠤ ᠶᠢ ᠰᠠᠬᠢᠬᠤ ᠶᠢ ᠬᠥᠮᠦᠵᠢᠭᠦᠯᠦᠨ ᠵᠢᠯᠣᠭᠤᠳᠴᠤ᠂ ᠨᠠᠮ ᠤᠨ ᠭᠡᠰᠢᠭᠦᠨ ᠺᠠᠳ᠋ᠷᠴᠤᠳ ᠤᠨ ᠠᠷᠢᠬᠢ ᠤᠤᠭᠤᠵᠤ ᠲᠡᠷᠭᠡ ᠵᠢᠯᠣᠭᠤᠳᠬᠤ᠂ ᠵᠣᠭᠤᠰ ᠮᠦᠷᠦᠶᠢᠴᠡᠬᠦ ᠵᠡᠷᠭᠡ ᠬᠠᠤᠯᠢ ᠰᠠᠬᠢᠯᠭ᠎ᠠ ᠶᠢ ᠵᠥᠷᠢᠴᠡᠭᠰᠡᠨ ᠦᠶᠯᠡ ᠠᠵᠢᠯᠯᠠᠭ᠎ᠠ ᠭᠠᠷᠬᠤ ᠶᠢ ᠴᠢᠩᠭ᠎ᠠ ᠴᠠᠭᠠᠵᠠᠯᠠᠬᠤ ᠬᠡᠷᠡᠭᠲᠡᠶ ᠬᠡᠵᠦ ᠱᠠᠭᠠᠷᠳᠠᠪᠠ᠃      ᠬᠤᠶᠢᠰᠢᠳᠠ᠂ ᠰᠤᠮᠤᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠨᠢ ᠦᠷᠭᠦᠯᠵᠢᠯᠡᠨ ᠡᠮᠦᠨ᠎ᠡ ᠹᠷᠣᠨᠲ ᠲᠤ ᠭᠦᠨᠵᠡᠭᠡᠶᠢᠷᠡᠨ ᠬᠢᠨᠠᠯᠲᠠ ᠲᠠᠯᠪᠢᠵᠤ᠂ ᠬᠠᠷᠢᠭᠤᠴᠠᠯᠭ᠎ᠠ ᠡᠭᠦᠷᠭᠡᠯᠡᠯ ᠤᠨ ᠲᠣᠭᠤᠷᠢᠨ ᠳᠤ ᠤᠯᠤᠰ ᠲᠦᠷᠦ ᠶᠢᠨ ᠬᠢᠨᠠᠯᠲᠠ ᠲᠠᠯᠪᠢᠬᠤ ᠪᠠᠨ ᠴᠢᠩᠭᠠᠳᠬᠠᠨ᠎ᠠ︔ ᠰᠤᠮᠤᠨ ᠤ ᠭᠤᠤᠯ ᠡᠭᠦᠷᠭᠡ ᠶᠢᠨ ᠲᠣᠭᠤᠷᠢᠨ ᠳᠤ᠂ ᠡᠳᠦᠷ ᠲᠤᠲᠤᠮ  ᠤᠨ ᠬᠢᠨᠠᠯᠲᠠ ᠶᠢ ᠴᠢᠩᠭ᠎ᠠ ᠪᠣᠳᠠᠲᠠᠶ ᠥᠷᠨᠢᠭᠦᠯᠦᠨ᠎ᠡ︔ ᠵᠠᠩᠭᠢᠯᠠᠭ᠎ᠠ ᠶᠢᠨ ᠴᠥᠭᠡᠨ ᠲᠣᠭᠠᠲᠠᠨ᠂ ᠵᠠᠩᠭᠢᠯᠠᠭ᠎ᠠ ᠶᠢᠨ ᠬᠦᠷᠢᠶ᠎ᠡ ᠶᠢ ᠴᠢᠩᠭ᠎ᠠ ᠠᠩᠬᠠᠷᠴᠤ᠂ ᠲᠤᠰᠬᠠᠢ ᠬᠢᠨᠠᠯᠲᠠ ᠲᠠᠯᠪᠢᠬᠤ ᠶᠢ ᠦᠷᠭᠦᠯᠵᠢᠯᠡᠨ ᠴᠢᠩᠭᠠᠳᠬᠠᠨ᠎ᠠ᠃ ᠴᠢᠩᠭ᠎ᠠ ᠬᠦᠴᠦᠲᠡᠶ ᠬᠢᠨᠠᠯᠲᠠ ᠪᠠᠷ ᠲᠠᠮᠵᠢᠭᠤᠯᠤᠨ ᠠᠵᠢᠯ ᠤᠨ ᠳᠤᠮᠳᠠ ᠣᠷᠣᠰᠢᠵᠤ ᠪᠠᠶᠢᠭ᠎ᠠ ᠠᠰᠠᠭᠤᠳᠠᠯ ᠪᠣᠯᠤᠨ ᠬᠡᠮ ᠰᠣᠭᠤᠭ ᠢ ᠴᠠᠭ ᠲᠤᠬᠠᠶ ᠳᠤᠨᠢ ᠢᠯᠡᠷᠡᠭᠦᠯᠵᠦ᠂ ᠴᠢᠨᠠᠷ ᠰᠠᠶᠢᠲᠠᠶ ᠬᠢᠨᠠᠯᠲᠠ ᠪᠠᠷ ᠰᠤᠮᠤᠨ ᠤ ᠴᠢᠨᠠᠷ ᠰᠠᠶᠢᠲᠠᠶ ᠬᠥᠭᠵᠢᠯᠲᠡ ᠶᠢ ᠬᠠᠮᠠᠭᠠᠯᠠᠨ᠎ᠠ᠃ 
 
ᠢᠷᠡᠯᠲᠡ᠄ ᠪᠣᠭᠳᠠ ᠶᠢᠨ ᠭᠤᠤᠯ ᠰᠤᠮᠤ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号