4 ᠰᠠᠷ᠎ᠠ ᠶᠢᠨ 11 ᠤ ᠡᠳᠦᠷ᠂ ᠬᠥᠪᠡᠭᠡᠲᠦ ᠰᠢᠷ᠎ᠠ ᠬᠤᠰᠢᠭᠤᠨ ᠤ ᠨᠠᠮ ᠤ ᠬᠤᠷᠢᠶ᠎ᠠ ᠬᠦᠳᠡᠭᠡ ᠲᠣᠰᠬᠤᠨ ᠤ | ᠠᠵᠢᠯ ᠤᠨ ᠣᠳᠣᠷᠢᠳᠬᠤ ᠲᠣᠭᠤᠶᠢᠯᠡᠩ ᠤᠨ 2024 ᠣᠨ ᠤ ᠠᠩᠬᠠᠳᠣᠭᠠᠷ ᠣᠳᠠᠭᠠᠨ ᠤ ᠬᠤᠷᠠᠯ ᠢ | ᠬᠤᠷᠠᠯᠳᠤᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ︽ᠬᠥᠳᠡᠭᠡ ᠠᠵᠤ ᠠᠬᠤᠢ᠂ ᠬᠥᠳᠡᠭᠡ ᠲᠣᠰᠬᠤᠨ | ᠮᠠᠯᠴᠢᠨ ᠲᠠᠷᠢᠶᠠᠴᠢᠨ︾ ᠤ ᠠᠵᠢᠯ ᠢ ᠰᠠᠶᠢᠲᠤᠷ ᠬᠢᠬᠦ ᠲᠤᠬᠠᠢ ᠴᠢᠬᠤᠯᠠ ᠵᠢᠭᠠᠪᠤᠷᠢ ᠵᠢᠴᠢ ᠲᠥᠪ ᠬᠤᠷᠢᠶ᠎ᠠ᠂ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠠᠶᠢᠮᠠᠭ ᠤᠨ ᠨᠠᠮ ᠤᠨ ᠬᠤᠷᠢᠶᠠᠨ ᠤ ᠬᠤᠯᠪᠣᠭᠳᠠᠯ ᠪᠦᠬᠦᠢ | ᠬᠤᠷᠠᠯ ᠪᠣᠯᠤᠨ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠬᠤᠯᠪᠣᠭᠳᠠᠯ ᠪᠦᠬᠦᠢ | ᠠᠵᠢᠯ ᠢ ᠲᠤᠬᠢᠷᠠᠭᠤᠯᠤᠨ ᠪᠠᠶᠢᠷᠢᠯᠠᠭᠤᠯᠪᠠ᠃ | ᠬᠤᠷᠠᠯ ᠠᠴᠠ᠂ ᠡᠯ᠎ᠡ ᠰᠤᠮᠤ ᠪᠠᠯᠭᠠᠰᠤ᠂ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ ᠨᠢᠭᠡᠴᠡ ᠶᠡᠷᠦᠩᠬᠡᠶ | ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠶ ᠰᠤᠷᠤᠯᠴᠠᠨ | ᠲᠤᠤᠱᠯᠠᠭᠤᠯᠵᠤ᠂ ︽ᠮᠢᠩᠭ᠎ᠠ ᠲᠦᠮᠡ ᠶᠢᠨ ᠢᠨᠵᠧᠨᠧᠷᠢᠩ︾ ᠤᠨ ᠲᠤᠷᠰᠢᠯᠭ᠎ᠠ ᠶᠢ ᠰᠤᠷᠤᠯᠴᠠᠨ ᠬᠡᠷᠡᠭᠯᠡᠵᠦ᠂ | ᠳᠡᠭᠡᠳᠦ ᠱᠠᠲᠤᠨ ᠤ ᠲᠤᠬᠠᠶᠢᠯᠠᠭᠰᠠᠨ ᠠᠵᠢᠯ ᠤᠨ ᠰᠠᠯᠠᠭ᠎ᠠ ᠮᠥᠴᠢᠷ ᠯᠦᠭᠡ ᠶᠢᠨ ᠨᠡᠪᠲᠡᠷᠡᠯᠴᠡᠭᠡ ᠵᠣᠯᠭᠠᠯᠴᠠᠭ᠎ᠠ ᠪᠠᠨ | ᠴᠢᠩᠭᠠᠳᠬᠠᠵᠤ᠂ ᠲᠥᠷᠥ ᠶᠢᠨ ᠪᠣᠳᠣᠯᠭ᠎ᠠ ᠶᠢᠨ ᠳᠡᠮᠵᠢᠯᠭᠡ ᠪᠠ ᠠᠵᠢᠯ ᠤᠨ ᠱᠠᠭᠠᠷᠳᠠᠯᠭ᠎ᠠᠶᠢ ᠣᠨᠣᠪᠴᠢᠲᠠᠶ ᠡᠵᠡᠮᠳᠡᠵᠦ | ᠂ ᠮᠠᠨ ᠤ ᠬᠤᠰᠢᠭᠤᠨ ᠤ ᠴᠢᠬᠤᠯᠠ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢᠨ | ᠦᠢᠯᠡᠳᠪᠦᠷᠢᠯᠡᠯ ᠤᠨ ᠰᠠᠭᠤᠷᠢᠨ ᠭᠠᠵᠠᠷ ᠢ ᠪᠥᠲᠥᠭᠡᠨ ᠪᠠᠶᠢᠭᠤᠯᠬᠤ ᠣᠨ ᠤ ᠡᠭᠦᠷᠭᠡ ᠶᠢᠨ ᠨᠠᠷᠢᠨ ᠲᠠᠩᠰᠠ ᠶᠢ | ᠲᠦᠷᠭᠡᠬᠡᠨ ᠰᠤᠳᠤᠯᠤᠨ ᠲᠣᠭᠲᠠᠭᠠᠵᠤ᠂ ᠰᠢᠨ᠎ᠡ ᠴᠠᠭ ᠦᠶ᠎ᠡ ᠶᠢᠨ ︽ᠮᠠᠯ ᠠᠵᠤ ᠠᠬᠤᠶ ᠲᠠᠷᠢᠶᠠᠯᠠᠩ᠂ ᠮᠠᠯᠵᠢᠬᠤ | ᠲᠠᠷᠢᠶᠠᠯᠠᠬᠤ ᠣᠷᠣᠨ᠂ ᠮᠠᠯᠴᠢᠨ ᠲᠠᠷᠢᠶᠠᠴᠢᠨ︾ ᠤ ᠠᠵᠢᠯ ᠢ ᠠᠬᠢᠭᠤᠯᠬᠤ ᠲᠠᠯ᠎ᠠ ᠪᠠᠷ ᠲᠠᠰᠤᠷᠠᠯᠲᠠ ᠥᠬᠡᠶ ᠰᠢᠨ᠎ᠡ | ᠬᠠᠭᠤᠳᠠᠰᠤ ᠶᠢ ᠴᠢᠷᠮᠠᠶᠢᠨ ᠪᠢᠴᠢᠭᠯᠡᠬᠦ ᠬᠡᠷᠡᠭᠲᠡᠶ᠃ ᠮᠠᠯ ᠠᠵᠤ ᠠᠬᠤᠢ᠂ ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ ᠭᠤᠣᠯᠳᠠᠯᠭ᠎ᠠ ᠲᠠᠢ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢ ᠱᠠᠯᠠᠪᠳᠠᠨ ᠠᠬᠢᠭᠤᠯᠵᠤ᠂ | ᠬᠠᠪᠤᠷ ᠤᠨ ᠤᠯᠠᠷᠢᠯ ᠤᠨ ᠪᠡᠯᠴᠢᠭᠡᠷᠯᠡᠭᠦᠯᠬᠦ ᠶᠢ ᠵᠣᠭᠰᠤᠭᠠᠬᠤ᠂ ᠠᠮᠢᠲᠠᠨ ᠤ ᠬᠢᠵᠢᠭ ᠡᠪᠡᠳᠴᠢᠨ ᠢ ᠰᠡᠷᠭᠡᠶᠢᠯᠡᠨ | ᠡᠵᠡᠮᠳᠡᠬᠦ᠂ ᠮᠠᠯᠵᠢᠬᠤ ᠣᠷᠣᠨ ᠤ ᠨᠡᠶᠢᠭᠡᠮᠴᠢᠯᠡᠭᠰᠡᠨ ᠦᠢᠯᠡᠴᠢᠯᠡᠭᠡ ᠵᠡᠷᠭᠡ ᠡᠯ᠎ᠡ ᠵᠦᠢᠯ ᠤᠨ ᠭᠤᠣᠯᠳᠠᠯᠭ᠎ᠠ ᠲᠠᠢ | ᠠᠵᠢᠯ ᠢ ᠰᠠᠶᠢᠲᠤᠷ ᠬᠢᠵᠦ᠂ ᠬᠥᠳᠡᠭᠡ ᠲᠣᠰᠬᠤᠨ ᠤ ᠠᠵᠤ ᠦᠢᠯᠡᠰ ᠤᠨ ᠬᠥᠭᠵᠢᠯᠲᠡ᠂ ᠬᠥᠳᠡᠭᠡ ᠲᠣᠰᠬᠤᠨ ᠤ | ᠪᠦᠳᠦᠭᠡᠨ ᠪᠠᠶᠢᠭᠤᠯᠤᠯᠲᠠ᠂ ᠬᠥᠳᠡᠭᠡ ᠲᠣᠰᠬᠤᠨ ᠤ ᠵᠠᠰᠠᠯᠲᠠ ᠶᠢᠨ ᠲᠦᠪᠰᠢᠨ ᠢ ᠨᠢᠭᠡᠳᠦᠯᠲᠡᠢ ᠲᠥᠯᠥᠪᠵᠢᠭᠦᠯᠦᠨ | ᠳᠡᠭᠡᠭᠰᠢᠯᠡᠭᠦᠯᠬᠦ ᠬᠡᠷᠡᠭᠲᠡᠢ ᠬᠡᠵᠣ ᠴᠢᠬᠤᠯᠠᠴᠢᠯᠠᠵᠠᠢ᠃ | ᠬᠤᠷᠠᠯ ᠠᠴᠠ ᠪᠤᠰᠤᠳ ᠵᠦᠢᠯ ᠢ ᠬᠢᠨᠠᠨ ᠵᠥᠪᠯᠡᠵᠦ ᠰᠤᠳᠤᠯᠪᠠ᠃ |