ᠪᠦᠬᠦ ᠬᠤᠰᠢᠭᠤᠨ ᠤ ᠳᠤᠮᠳᠠᠳᠤ ᠪᠠᠭ᠎ᠠ ᠰᠤᠷᠭᠠᠭᠤᠯᠢ᠂ ᠬᠡᠦᠬᠡᠳ ᠤᠨ ᠴᠡᠴᠡᠷᠯᠢᠭ ᠵᠢᠴᠢ ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠯ ᠤᠨ ᠪᠠᠶᠢᠭᠤᠯᠤᠮᠵᠢ ᠶᠢᠨ ᠠᠮᠤᠷ ᠲᠦᠪᠰᠢᠨ ᠤ ᠬᠠᠮᠢᠶᠠᠷᠤᠯᠲᠠ ᠶᠢᠨ ᠠᠵᠢᠯ ᠤᠨ ᠪᠣᠯᠪᠠᠰᠤᠷᠠᠯ ᠶᠠᠪᠤᠭᠳᠠᠪᠠ
ᠨᠡᠶᠢᠲᠡᠯᠡᠭᠰᠡᠨ ᠴᠠᠭ᠄
2024/4/16
     4 ᠰᠠᠷ᠎ᠠ ᠶᠢᠨ 12 ᠤ ᠡᠳᠦᠷ᠂ ᠬᠦᠪᠡᠭᠡᠲᠦ ᠰᠢᠷ᠎ᠠ ᠬᠤᠰᠢᠭᠤᠨ ᠤ ᠰᠤᠷᠭᠠᠨ ᠬᠥᠮᠦᠵᠢᠯ ᠤᠨ ᠲᠣᠪᠴᠢᠶ᠎ᠠ ᠪᠥᠬᠦ ᠬᠤᠰᠢᠭᠤᠨ ᠤ ᠳᠤᠮᠳᠠᠳᠤ ᠪᠠᠭ᠎ᠠ ᠰᠤᠷᠭᠠᠭᠤᠯᠢ᠂ ᠬᠡᠤᠬᠡᠳ ᠤᠨ ᠴᠡᠴᠡᠷᠯᠢᠭ ᠵᠢᠴᠢ ᠰᠤᠷᠭᠠᠭᠤᠯᠢ ᠶᠢᠨ ᠭᠠᠳᠠᠨᠠᠬᠢ  ᠪᠤᠯᠪᠠᠰᠤᠷᠠᠯ ᠤᠨ ᠪᠠᠶᠢᠭᠤᠯᠤᠮᠵᠢ ᠶᠢᠨ ᠠᠮᠤᠷ ᠲᠦᠪᠰᠢᠨ ᠤ ᠬᠠᠮᠢᠶᠠᠷᠤᠯᠲᠠ ᠶᠢᠨ ᠠᠵᠢᠯ ᠤᠨ ᠪᠤᠯᠪᠠᠰᠤᠷᠠᠯ ᠤᠨ ᠠᠩᠭᠢ  ᠶᠢ ᠡᠷᠬᠢᠯᠡᠨ ᠶᠠᠪᠤᠭᠳᠠᠭᠤᠯᠵᠠᠢ᠃      ᠪᠤᠯᠪᠠᠰᠤᠷᠠᠯ ᠤᠨ ᠠᠩᠭᠢ  ᠶᠢᠨ ᠰᠤᠷᠤᠯᠭ᠎ᠠ ᠡᠬᠢᠯᠡᠬᠦ ᠶᠣᠰᠣᠯᠠᠯ ᠳᠡᠭᠡᠷ᠎ᠡ᠂ ᠰᠤᠷᠭᠠᠨ ᠬᠥᠮᠦᠵᠢᠯ ᠤᠨ ᠲᠣᠪᠴᠢᠶ᠎ᠠ ᠶᠢᠨ ᠬᠠᠷᠢᠭᠤᠴᠠᠯᠭᠠᠲᠠᠨ ᠠᠴᠠ ᠪᠥᠬᠦ ᠬᠤᠰᠢᠭᠤᠨ ᠤ ᠳᠤᠮᠳᠠᠳᠤ ᠪᠠᠭ᠎ᠠ ᠰᠤᠷᠭᠠᠭᠤᠯᠢ ᠬᠡᠤᠬᠡᠳ ᠤᠨ ᠴᠡᠴᠡᠷᠯᠢᠭ ᠵᠢᠴᠢ ᠰᠤᠷᠭᠠᠭᠤᠯᠢ ᠶᠢᠨ ᠭᠠᠳᠠᠨᠠᠬᠢ ᠪᠤᠯᠪᠠᠰᠤᠷᠠᠯ ᠤᠨ ᠪᠠᠶᠢᠭᠤᠯᠤᠮᠵᠢ ᠶᠢᠨ ᠠᠮᠤᠷ ᠲᠦᠪᠰᠢᠨ ᠤ ᠬᠠᠮᠢᠶᠠᠷᠤᠯᠲᠠ ᠶᠢᠨ ᠴᠢᠬᠤᠯᠠ ᠴᠢᠨᠠᠷ ᠢ ᠲᠤᠳᠤᠷᠬᠠᠶᠢᠯᠠᠵᠤ᠂ ᠪᠤᠯᠪᠠᠰᠤᠷᠠᠯ ᠳᠤ ᠣᠷᠣᠯᠴᠠᠭᠰᠠᠳ ᠢ ᠰᠣᠷᠣᠭᠰᠠᠨ ᠮᠡᠳᠡᠯᠭᠡ ᠪᠠᠨ ᠠᠵᠢᠯ ᠤᠨ ᠳᠤᠮᠳᠠ ᠪᠠᠨ ᠦᠢᠯᠡᠳᠦᠯᠭᠡᠵᠢᠬᠦᠯᠵᠦ᠂ ᠥᠨᠳᠥᠷ ᠪᠠᠷᠢᠮᠵᠢᠶ᠎ᠠ ᠪᠠᠷ ᠠᠵᠢᠯ ᠢᠶᠠᠨ ᠪᠡᠶᠡᠯᠡᠭᠦᠯᠬᠦ ᠬᠡᠷᠡᠭᠲᠡᠶ ᠭᠡᠵᠦ ᠱᠠᠭᠠᠷᠳᠠᠵᠠᠢ᠃      ᠬᠤᠰᠢᠭᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠂ ᠭᠠᠯ ᠤᠨᠲᠠᠷᠠᠭᠠᠬᠤ ᠠᠪᠤᠷᠠᠨ ᠲᠤᠰᠠᠯᠠᠬᠤ ᠶᠡᠭᠡ ᠠᠩᠭᠢ ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠡᠪᠡᠳᠴᠢᠨ ᠡᠮᠭᠡᠭ ᠢ ᠰᠡᠷᠭᠡᠶᠢᠯᠡᠨ ᠬᠢᠵᠠᠭᠠᠷᠯᠠᠬᠤ ᠲᠥᠪ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠨᠢ ᠪᠥᠬᠦ ᠬᠤᠰᠢᠭᠤᠨ ᠤ ᠳᠤᠮᠳᠠᠳᠤ ᠪᠠᠭ᠎ᠠ ᠰᠤᠷᠭᠠᠭᠤᠯᠢ᠂ ᠬᠡᠤᠬᠡᠳ ᠤᠨ ᠴᠡᠴᠡᠷᠯᠢᠭ ᠵᠢᠴᠢ ᠰᠤᠷᠭᠠᠭᠤᠯᠢ ᠶᠢᠨ ᠭᠠᠳᠠᠨᠠᠬᠢ ᠪᠤᠯᠪᠠᠰᠤᠷᠠᠯ ᠤᠨ ᠪᠠᠶᠢᠭᠤᠯᠤᠮᠵᠢ ᠶᠢᠨ ᠪᠣᠳᠠᠲᠠᠶ ᠪᠠᠶᠢᠳᠠᠯ ᠳᠤ ᠴᠢᠭᠯᠡᠭᠦᠯᠦᠨ᠂ ᠬᠢᠴᠢᠶᠡᠯ ᠤᠨ ᠮᠠᠲ᠋ᠧᠷᠢᠶᠠᠯ ᠪᠠ ᠬᠡᠷᠡᠭ ᠤᠨ ᠵᠢᠱᠢᠶ᠎ᠡ ᠶᠢ ᠲᠠᠶᠢᠯᠪᠤᠷᠢᠯᠠᠬᠤ ᠵᠡᠷᠭᠡ ᠠᠷᠭ᠎ᠠ ᠬᠡᠯᠪᠡᠷᠢ ᠪᠠᠷ ᠠᠮᠤᠷ ᠢ ᠬᠠᠮᠠᠭᠠᠯᠠᠵᠤ ᠰᠦᠷᠳᠡᠭᠦᠯᠦᠯ ᠢ ᠡᠰᠡᠷᠭᠦᠴᠡᠬᠦ᠂ ᠭᠠᠯ ᠤᠨᠲᠠᠷᠭᠠᠬᠤ ᠪᠠᠴᠢᠮ ᠪᠠᠶᠢᠳᠠᠯ ᠢ ᠠᠷᠭᠠᠴᠠᠬᠤ᠂ ᠢᠳᠡᠭᠡᠨ ᠤ ᠠᠮᠤᠷ ᠲᠦᠪᠰᠢᠨ ᠵᠡᠷᠭᠡ ᠠᠭᠤᠯᠭ᠎ᠠ ᠪᠦᠬᠦᠢ ᠠᠮᠤᠷ ᠲᠦᠪᠰᠢᠨ ᠤ ᠬᠠᠮᠢᠶᠠᠷᠤᠯᠲᠠ ᠶᠢᠨ ᠮᠡᠳᠡᠯᠭᠡ ᠶᠢᠨ ᠪᠣᠯᠪᠠᠰᠤᠷᠠᠯ ᠬᠢᠵᠦ᠂ ᠪᠣᠯᠪᠠᠰᠤᠷᠠᠯ ᠤᠨ ᠬᠤᠭᠤᠴᠠᠭᠠᠨ ᠳᠤ ᠬᠤᠰᠢᠭᠤ ᠤᠯᠤᠰ ᠲᠦᠷᠦ ᠬᠠᠤᠯᠢ ᠴᠠᠭᠠᠵᠠ ᠶᠢᠨ ᠬᠤᠷᠢᠶ᠎ᠠ ᠠᠴᠠ ᠤᠯᠤᠰ ᠤᠨ ᠠᠮᠤᠷ ᠲᠦᠪᠰᠢᠨ ᠤ ᠬᠥᠮᠦᠵᠢᠯ ᠤᠨ ᠤᠬᠠᠭᠤᠯᠭ᠎ᠠ ᠶᠢᠨ ᠬᠠᠭᠤᠳᠠᠰᠤ ᠲᠠᠷᠬᠠᠭᠠᠵᠠᠢ᠃      ᠬᠤᠰᠢᠭᠤ ᠰᠤᠷᠭᠠᠨ ᠬᠥᠮᠦᠵᠢᠯ ᠤᠨ ᠲᠣᠪᠴᠢᠶ᠎ᠠ᠂ ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠂ ᠭᠠᠯ ᠤᠨᠲᠠᠷᠠᠭᠠᠬᠤ ᠠᠪᠤᠷᠠᠨ ᠲᠤᠰᠠᠯᠠᠬᠤ ᠶᠡᠭᠡ ᠠᠩᠭᠢ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠡᠯ᠎ᠡ ᠰᠤᠷᠭᠠᠭᠤᠯᠢ᠂ ᠬᠡᠤᠭᠡᠳ ᠤᠨ ᠴᠡᠴᠡᠷᠯᠢᠭ ᠤᠨ ᠬᠠᠷᠢᠭᠤᠴᠠᠯᠭᠠᠲᠠᠨ᠂ ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠯ ᠤᠨ ᠪᠠᠶᠢᠭᠤᠯᠤᠮᠵᠢ ᠶᠢᠨ ᠬᠠᠷᠢᠭᠤᠴᠠᠯᠭᠠᠲᠠᠨ ᠵᠡᠷᠭᠡ ᠵᠠᠭᠤ ᠭᠠᠷᠤᠶ ᠬᠥᠮᠦᠨ ᠪᠣᠯᠪᠠᠰᠤᠷᠠᠯ ᠳᠤ ᠣᠷᠣᠯᠴᠠᠵᠠᠶ᠃
 
ᠢᠷᠡᠯᠲᠡ᠄ ᠬᠦᠪᠡᠭᠡᠲᠦ ᠰᠢᠷ᠎ᠠ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号