︽ᠨᠠᠮ ᠤᠨ ᠠᠴᠢ ᠳᠤ ᠲᠠᠯᠠᠷᠬᠠᠵᠤ᠂ ᠨᠠᠮ ᠤᠨ ᠦᠭᠡ ᠶᠢ ᠰᠣᠨᠣᠰᠴᠤ᠂ ᠨᠠᠮ ᠢᠶᠠᠨ ᠳᠠᠭᠠᠬᠤ︾ ᠨᠤᠮᠢᠨ ᠨᠤᠭᠤᠭᠠᠨ‌ᠤᠮᠠᠷᠠᠲᠤ ᠬᠢᠯᠢ ᠶᠢᠨ ᠰᠠᠬᠢᠨ ᠬᠠᠮᠠᠭᠠᠯᠠᠭᠴᠢ ᠶᠢᠨ ᠭᠤᠤᠯ ᠰᠡᠳᠦᠪᠲᠦ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/4/16

     4 ᠰᠠᠷ᠎ᠠ ᠶᠢᠨ 12 ᠤ ᠡᠳᠦᠷ᠂ ᠬᠦᠪᠡᠭᠡᠲᠦ ᠰᠢᠷ᠎ᠠ ᠬᠤᠰᠢᠭᠤᠨ ᠤ ᠨᠡᠶᠢᠳᠡ ᠶᠢᠨ ᠦᠮᠴᠢᠯᠡᠯ ᠤᠨ ᠪᠤᠰᠤ 

ᠠᠵᠤ ᠠᠬᠤᠶ ᠶᠢᠨ ᠵᠣᠬᠢᠶᠠᠨ ᠪᠠᠶᠢᠭᠤᠯᠤᠯᠲᠠ ᠪᠠ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠠᠵᠢᠯ ᠤᠨ ᠵᠦᠪᠯᠡᠯ

 ᠨᠢ ᠤᠩᠭᠤᠨ ᠠᠭᠤᠯᠠ ᠰᠤᠮᠤᠠ ᠤ ᠪᠠᠶᠠᠨᠴᠠᠭᠠᠨ ᠨᠠᠭᠤᠷ ᠭᠠᠴᠠᠭ᠎ᠠ ᠳᠤ ︽ᠨᠠᠮ ᠤᠨ ᠠᠴᠢ ᠳᠤ ᠲᠠᠯᠠᠷᠬᠠᠵᠤ᠂

ᠨᠠᠮ ᠤᠨ ᠦᠭᠡ ᠶᠢ ᠰᠣᠨᠣᠰᠴᠤ᠂ ᠨᠠᠮ ᠢᠶᠠᠨ ᠳᠠᠭᠠᠬᠤ︾  ᠨᠤᠮᠢᠨ ᠨᠤᠭᠤᠭᠠᠨ ᠤᠮᠠᠷᠠᠳᠦ ᠬᠢᠯᠢ ᠶᠢᠨ ᠰᠠᠬᠢᠨ

ᠬᠠᠮᠠᠭᠠᠯᠠᠭᠴᠢ ᠶᠢᠨ ᠭᠤᠤᠯ ᠰᠡᠳᠦᠪᠲᠦ ᠠᠵᠢᠯᠯᠠᠭ᠎ᠠ ᠥᠷᠨᠢᠭᠦᠯᠪᠡ᠃

     ᠠᠬᠤᠢ ᠲᠠᠯᠠᠪᠠᠢ ᠳᠤ᠂ ᠲᠤᠰᠬᠠᠢ ᠮᠡᠷᠭᠡᠵᠢᠯᠲᠡᠨ ᠤ ᠲᠠᠶᠢᠯᠪᠤᠷᠢᠯᠠᠯᠲᠠ ᠪᠠ ᠵᠢᠯᠤᠭᠤᠳᠤᠯᠭ᠎ᠠ ᠳᠣᠣᠷ᠎ᠠ

ᠤᠯᠠᠨ ᠢᠶᠠᠷ ᠢᠶᠠᠨ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ ᠡᠯᠡᠰᠦ ᠶᠢ ᠲᠣᠭᠲᠠᠪᠤᠷᠢᠵᠢᠭᠤᠯᠬᠤ ᠬᠠᠰᠢᠯᠭ᠎ᠠ

ᠳᠤᠮᠳᠠ ᠠᠯᠳᠠᠨ ᠬᠠᠷᠭᠠᠨ᠎ᠠ ᠲᠡᠷᠢᠵᠥ ᠶᠠᠭᠠᠷᠠᠯᠳᠠᠢ ᠠᠵᠢᠯᠯᠠᠵᠤ ᠪᠠᠶᠢᠯ᠎ᠠ᠃ ︽ᠲᠤᠯᠭ᠎ᠠ ᠬᠠᠶᠢᠷ᠎ᠠ ᠬᠠᠯᠠᠮᠵᠢ ᠶᠢᠨ

ᠬᠤᠯᠪᠤᠭ᠎ᠠ ᠶᠢᠨ ᠬᠡᠰᠡᠭ ᠭᠡᠰᠢᠭᠦᠥᠡ ᠲᠠᠢ ᠬᠤᠯᠠᠨ ᠰᠢᠷᠭ᠎ᠠ ᠳᠠᠭ᠎ᠠ ᠶᠢᠨ ᠡᠯᠡᠰᠦᠷᠬᠡᠭ ᠭᠠᠵᠠᠷ ᠢ ᠵᠠᠰᠠᠬᠤ ᠭᠠᠵᠠᠷ ᠲᠤ

ᠬᠦᠷᠴᠦ ᠢᠷᠡᠭᠡᠥᠡ ᠬᠠᠷᠭᠠᠨ᠎ᠠ ᠲᠡᠷᠢᠯ᠎ᠠ︔ ᠬᠤᠶᠢᠰᠢᠳᠠ ᠪᠢ ᠬᠤᠯᠪᠤᠭ᠎ᠠ ᠶᠢᠨ ᠭᠡᠰᠢᠭᠦᠨ ᠢ ᠢᠳᠡᠪᠬᠢᠲᠡᠶ ᠲᠠᠶᠢᠴᠢᠯᠠᠠ

ᠬᠤᠰᠢᠭᠤᠨ ᠤ ᠡᠯᠡᠰᠦ ᠶᠢ ᠵᠠᠰᠠᠬᠤ ᠠᠵᠢᠯ ᠳᠤ ᠪᠠᠶᠢᠩᠭᠤ ᠶᠢᠨ ᠴᠢᠨᠠᠷᠳᠠᠢ ᠤᠷᠤᠯᠴᠠᠵᠤ᠂ ᠥᠪᠡᠷ ᠤᠨ ᠬᠤᠪᠢ

ᠨᠡᠮᠡᠷᠢ ᠪᠠᠨ ᠦᠵᠡᠭᠦᠯᠦᠨ᠎ᠡ︾ ᠭᠡᠵᠦ ᠬᠥᠪᠡᠭᠡᠲᠦ ᠰᠢᠷ᠎ᠠ ᠬᠤᠰᠢᠭᠤᠨ ᠤ ᠲᠤᠯᠭ᠎ᠠ ᠬᠠᠶᠢᠷ᠎ᠠ ᠬᠠᠯᠠᠮᠵᠢ ᠶᠢᠨ

ᠬᠤᠯᠪᠤᠭ᠎ᠠ ᠶᠢᠨ ᠨᠠᠮ ᠤᠨ ᠡᠭᠦᠷ ᠤᠨ ᠱᠦᠵᠢ ᠪᠠᠶᠠᠷᠲᠤ ᠶᠠᠷᠢᠯ᠎ᠠ᠃

     ᠣᠯᠠᠨ ᠢᠶᠠᠷ ᠢᠶᠠᠨ ᠨᠢᠭᠡ ᠦᠳᠡ ᠶᠢᠨ ᠡᠮᠦᠨ᠎ᠡ᠂ 7000 ᠠᠯᠳᠠᠠ ᠬᠠᠷᠭᠠᠨ᠎ᠠ ᠶᠢ 8 ᠮᠦ ᠲᠠᠯᠠᠪᠠᠢ ᠲᠠᠷᠢᠵᠤ᠂

ᠪᠦᠬᠦ ᠬᠤᠰᠢᠭᠤᠨ ᠤ ᠬᠤᠯᠠᠨ ᠰᠢᠷᠭ᠎ᠠ ᠲᠠᠭ᠎ᠠ ᠶᠢᠨ ᠡᠯᠡᠰᠦ ᠶᠢ ᠵᠠᠰᠠᠬᠤ ᠠᠵᠢᠯ ᠳᠤ ᠨᠠᠮ ᠤᠨ ᠵᠣᠬᠢᠶᠠᠨ

ᠪᠠᠶᠢᠭᠤᠯᠤᠯᠲᠠ ᠪᠣᠯᠤᠨ ᠨᠠᠮ ᠤᠨ ᠭᠡᠰᠢᠭᠦᠨ ᠤ ᠬᠦᠴᠦᠨ ᠴᠢᠳᠠᠯ ᠢᠶᠠᠨ ᠡᠷᠭᠦᠪᠡ᠃ ︽ᠮᠣᠳᠣ ᠳᠠᠷᠢᠵᠤ

ᠣᠶᠢᠵᠢᠭᠤᠯᠬᠤ᠂ ᠠᠮᠢ ᠠᠬᠤᠢ ᠶᠢ ᠬᠠᠮᠠᠭᠠᠯᠠᠬᠤ᠂ ᠭᠡᠷ ᠣᠷᠣᠨ ᠢᠶᠠᠨ ᠨᠣᠭᠤᠭᠠᠷᠠᠭᠤᠯᠬᠤ ᠪᠣᠯ ᠬᠥᠪᠡᠭᠡᠲᠦ ᠰᠢᠷ᠎ᠠ

ᠬᠤᠰᠢᠭᠤᠨ ᠤ ᠬᠥᠮᠦᠨ ᠨᠢᠭᠡᠪᠦᠷᠢ ᠶᠢᠨ ᠬᠠᠷᠢᠭᠤᠴᠠᠯᠭ᠎ᠠ ᠪᠠ ᠡᠭᠦᠷᠭᠡ ᠮᠥᠨ︔ ᠡᠨᠡ ᠤᠳᠠᠭᠠᠨ ᠤ ᠬᠥᠳᠡᠯᠭᠡᠭᠡᠨ ᠢᠶᠠᠷ

ᠳᠠᠮᠵᠢᠨ᠂ ᠬᠥᠮᠦᠨ ᠪᠦᠷᠢ ᠬᠦᠴᠦ ᠭᠠᠷᠭᠠᠪᠠᠯ ᠣᠷᠴᠢᠨ ᠲᠣᠭᠤᠷᠢᠨ ᠢᠶᠠᠨ ᠨᠠᠩ ᠰᠠᠶᠢᠬᠠᠨ ᠪᠣᠯᠭᠠᠵᠤ ᠴᠢᠳᠠᠨ᠎ᠠ

ᠭᠡᠳᠡᠭ ᠢ ᠲᠠᠨᠢᠵᠤ ᠣᠯᠪᠠ᠃ ᠪᠢ ᠨᠠᠮ ᠤᠨ ᠡᠭᠦᠷ ᠤᠨ ᠨᠠᠮ ᠤᠨ ᠭᠡᠰᠢᠭᠦᠨ ᠪᠣᠯᠤᠨ ᠮᠠᠨ ᠤ ᠴᠠᠭᠠᠨ ᠢᠳᠡᠭᠡᠨ ᠤ

ᠬᠤᠳᠠᠯᠳᠤᠭᠠᠨ ᠤ ᠡᠷᠦᠬᠡ ᠶᠢ ᠵᠣᠬᠢᠶᠠᠨ ᠪᠠᠶᠢᠭᠤᠯᠵᠤ᠂ ᠡᠯᠡᠰᠦ ᠶᠢ ᠵᠠᠰᠠᠬᠤ ᠠᠵᠢᠯ ᠳᠤ ᠬᠤᠪᠢ ᠨᠡᠮᠡᠷᠢ ᠦᠵᠡᠭᠦᠯᠦᠨ᠎ᠡ

︾ ᠭᠡᠵᠦ ᠬᠥᠪᠡᠭᠡᠲᠦ ᠰᠢᠷ᠎ᠠ ᠬᠤᠰᠢᠭᠤᠨ ᠤ ᠵᠢᠵᠢᠭ ᠠᠵᠤ ᠠᠬᠤᠶᠢᠯᠠᠯ ᠤᠨ ᠨᠠᠮ ᠤᠨ ᠡᠭᠦᠷ ᠤᠨ ᠱᠦᠵᠢ ᠰᠠᠷᠭᠠᠢ

ᠶᠠᠷᠢᠯ᠎ᠠ᠃

     ᠪᠥᠬᠦ ᠬᠤᠰᠢᠭᠤᠨ ᠤ ᠨᠡᠶᠢᠲᠡ ᠶᠢᠨ ᠥᠮᠴᠢᠯᠡᠯ ᠤᠨ ᠪᠤᠰᠤ ᠠᠵᠤ ᠠᠬᠤᠶ ᠶᠢᠨ ᠵᠣᠬᠢᠶᠠᠨ ᠪᠠᠶᠢᠭᠤᠯᠤᠯᠲᠠ ᠪᠠ

ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠨᠠᠮ ᠤᠨ ᠵᠣᠬᠢᠶᠠᠨ ᠪᠠᠶᠢᠭᠤᠯᠤᠯᠲᠠ ᠶᠢᠨ ᠨᠠᠮ ᠤᠨ ᠡᠭᠦᠷ ᠤᠨ ᠱᠦᠵᠢ

ᠪᠠ ᠪᠡᠯᠡᠳᠬᠡᠯ ᠨᠠᠮ ᠤᠨ ᠭᠡᠰᠢᠭᠦᠨ᠂ ᠣᠯᠠᠨ ᠲᠦᠮᠡᠨ ᠵᠢᠴᠢ ᠬᠥᠪᠡᠭᠡᠲᠦ ᠰᠢᠷ᠎ᠠ ᠬᠤᠰᠢᠭᠤᠨ ᠤ ᠣᠶ ᠰᠢᠭᠤᠶ ᠪᠠ

ᠨᠤᠲᠤᠭ ᠪᠡᠯᠴᠢᠭᠡᠷ ᠤᠨ ᠲᠣᠪᠴᠢᠶ᠎ᠠ ᠶᠢᠨ ᠲᠤᠰᠬᠠᠶ ᠮᠡᠷᠭᠡᠵᠢᠯ ᠤᠨ ᠠᠵᠢᠯᠲᠠᠨ ᠵᠡᠷᠭᠡ 45 ᠬᠥᠮᠦᠨ ᠠᠵᠢᠯᠯᠠᠭ᠎ᠠ ᠳᠤ

ᠣᠷᠣᠯᠴᠠᠵᠠᠶ᠃

 
ᠢᠷᠡᠯᠲᠡ᠄ ᠬᠦᠪᠡᠭᠡᠲᠦ ᠰᠢᠷ᠎ᠠ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号