ᠮᠠᠨᠳᠤᠯ᠎ᠠ ᠨᠡᠶᠢᠭᠡᠮ ᠲᠣᠭᠤᠷᠢᠭ ᠦᠨᠳᠦᠰᠦᠲᠡᠨ ᠤ ᠪᠦᠯᠬᠦᠮᠳᠡᠯ ᠢ ᠭᠦᠴᠦᠳᠡᠢ ᠠᠬᠢᠭᠤᠯᠵᠤ ᠪᠣᠢ
ᠨᠡᠶᠢᠲᠡᠯᠡᠭᠰᠡᠨ ᠴᠠᠭ᠄
2024/4/16
     ᠰᠢᠨᠡᠪᠣᠯᠠᠭ ᠪᠠᠯᠭᠠᠰᠣᠨ ᠤ ᠮᠠᠨᠳᠤᠯ᠎ᠠ ᠨᠡᠶᠢᠭᠡᠮ ᠲᠣᠭᠤᠷᠢᠭ ᠨᠢ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠣ ᠴᠣᠬᠴᠠᠯᠠᠬᠤ ᠭᠤᠤᠯ ᠰᠢᠵᠢᠮ ᠲᠠᠢ ᠨᠢᠭᠲᠠ ᠤᠶᠠᠯᠳᠤᠭᠤᠯᠤᠨ᠂ ᠨᠡᠶᠢᠭᠡᠮ ᠲᠣᠭᠤᠷᠢᠭ ᠢ ᠦᠨᠳᠦᠰᠦᠲᠡᠨ ᠨᠦᠭᠦᠳ ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠤᠨ ᠭᠤᠤᠯ ᠵᠢᠭᠰᠠᠭᠠᠯ ᠤᠨ ᠭᠠᠵᠠᠷ ᠪᠣᠯᠭᠠᠵᠤ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠠᠵᠢᠯ ᠢ ᠯᠠᠪᠳᠠᠭᠤᠨ ᠪᠠᠲᠤᠲᠠᠶ ᠥᠷᠨᠢᠭᠦᠯᠵᠦ᠂ ᠦᠨᠳᠦᠰᠦᠳᠡᠨ ᠤ ᠪᠦᠯᠭᠦᠮᠳᠡᠯ ᠢ ᠠᠭᠢᠭᠤᠯᠵᠦ ᠪᠣᠢ᠃     ᠮᠠᠨᠳᠤᠯ᠎ᠠ ᠨᠡᠶᠢᠭᠡᠮ ᠲᠣᠭᠤᠷᠢᠭ ᠤᠨ ᠡᠳᠦᠷ ᠪᠦᠷᠢ ᠶᠢᠨ ᠬᠠᠮᠤᠭ ᠤᠨ ᠬᠥᠭᠵᠢᠶᠡᠨ ᠲᠠᠢ ᠭᠠᠵᠠᠷ ᠪᠣᠯ ᠨᠡᠶᠢᠭᠡᠮ ᠲᠣᠭᠤᠷᠢᠭ ᠤᠨ ᠬᠤᠶᠠᠳᠤᠭᠠᠷ ᠳᠠᠪᠬᠤᠷᠯᠢᠭ ᠤᠨ ︽ᠰᠠᠭᠤᠭᠠᠯᠢ ᠠᠷᠠᠳ ᠤᠨ ᠭᠦᠳᠡᠯᠭᠡᠭᠡᠨ ᠤ ᠭᠠᠵᠠᠷ︾ ᠪᠣᠯᠤᠨ᠎ᠠ᠂ ᠠᠳᠡ ᠨᠡᠶᠢᠭᠡᠮ ᠲᠣᠭᠤᠷᠢᠭ ᠤᠨ ᠡᠯ᠎ᠡ ᠦᠨᠳᠦᠰᠦᠲᠡᠨ ᠤ ᠣᠯᠠᠨ ᠲᠦᠮᠡᠨ ᠴᠤᠭᠯᠠᠷᠠᠵᠤ᠂ ᠰᠢᠲᠠᠷ᠎ᠠ  ᠲᠤᠭᠯᠠᠬᠤ᠂ ᠤᠷᠠᠨ ᠪᠢᠴᠢᠯᠭᠡ ᠪᠤᠯᠪᠠᠰᠤᠷᠠᠬᠤ᠂ ᠪᠥᠵᠢᠭ ᠦᠰᠦᠷᠬᠦ ᠵᠡᠷᠭᠡ ᠦᠪᠡᠷ ᠦᠪᠡᠷ ᠤᠨ ᠲᠣᠷ᠎ᠠ ᠪᠠᠭ᠋ᠠᠳᠠᠢ ᠭᠦᠳᠡᠯᠭᠡᠭᠡᠨ ᠳᠤ  ᠪᠠᠨ ᠣᠷᠣᠯᠴᠠᠳᠠᠭ ᠪᠠᠶᠢᠨ᠎ᠠ᠃ ᠡᠨᠡ ᠬᠦ 1000 ᠭᠠᠷᠤᠶ ᠲᠡᠭᠰᠢ ᠳᠥᠷᠪᠡᠯᠵᠢᠨ ᠮᠧᠲᠷ ᠲᠠᠯᠠᠪᠠᠶ ᠪᠥᠬᠦᠶ ᠬᠥᠳᠡᠯᠭᠡᠭᠡᠨ ᠤ ᠭᠠᠵᠠᠷ ᠲᠤ ᠪᠡᠶ᠎ᠡ ᠴᠢᠭᠢᠷᠠᠭᠵᠢᠭᠤᠯᠬᠤ ᠲᠠᠰᠤᠭ᠂ ᠨᠣᠮ ᠪᠢᠴᠢᠭ ᠤᠨ ᠲᠠᠰᠤᠭ᠂ ᠰᠢᠲᠠᠷ᠎ᠠ ᠶᠢᠨ ᠲᠠᠰᠤᠭ᠂ ᠤᠷᠠᠨ ᠪᠢᠴᠢᠯᠭᠡ ᠶᠢᠨ ᠲᠠᠰᠤᠭ᠂ ᠡᠳᠦᠷ ᠲᠤᠲᠤᠮ ᠤᠨ ᠨᠠᠶᠢᠳᠠᠨ ᠬᠠᠷᠠᠭᠠᠯᠵᠠᠬᠤ ᠲᠠᠰᠤᠭ ᠵᠡᠷᠭᠡ ᠣᠯᠠᠨ ᠦᠢᠯᠡᠴᠢᠯᠡᠭᠡᠨ ᠤ ᠴᠢᠳᠠᠮᠵᠢᠳᠤ ᠣᠷᠣᠨ ᠭᠠᠷᠭᠠᠵᠤ᠂ ᠪᠦᠷᠢᠨ ᠲᠥᠬᠦᠷ ᠲᠥᠬᠦᠭᠡᠷᠦᠮᠵᠢ ᠳᠣᠭᠢᠷᠠᠭᠤᠯᠤᠨ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠤᠨ ᠣᠶᠤᠨ ᠤ ᠰᠣᠶᠣᠯ ᠤᠨ ᠠᠮᠢᠳᠤᠷᠠᠯ ᠢ ᠲᠦᠢᠯ ᠤᠨ ᠶᠡᠭᠡ ᠪᠠᠷ ᠪᠠᠶᠠᠯᠢᠬᠵᠢᠭᠤᠯᠵᠠᠢ᠃ ︽ᠪᠢ ᠠᠵᠢᠯ ᠠᠴᠠ ᠪᠠᠨ ᠠᠮᠠᠷᠠᠭᠰᠠᠨ ᠤ ᠳᠠᠷᠠᠭ᠎ᠠ ᠪᠠᠷᠤᠭ ᠡᠳᠦᠷ ᠪᠣᠯᠭᠠᠨ ᠮᠠᠨᠳᠤᠯ᠎ᠠ ᠨᠡᠶᠢᠭᠡᠮ ᠲᠣᠭᠤᠷᠢᠭ ᠲᠤ ᠢᠷᠡᠳᠡᠭ︔ ᠨᠡᠶᠢᠭᠡᠮ ᠲᠣᠭᠤᠷᠢᠭ ᠨᠢ ᠦᠪᠡᠷ ᠤᠨ ᠭᠡᠷ ᠰᠢᠭ ᠰᠠᠨᠠᠭᠳᠠᠵᠤ᠂ ᠠᠳᠡ ᠢᠷᠡᠭᠰᠡᠨ ᠤ ᠳᠠᠷᠠᠭ᠎ᠠ ᠮᠠᠰᠢ ᠤᠯᠠᠨ ᠠᠬᠠᠮᠠᠳ ᠨᠥᠬᠦᠳ ᠲᠠᠢ ᠲᠠᠨᠢᠯᠴᠠᠵᠤ᠂ ᠳᠡᠳᠡᠨ ᠲᠠᠢ ᠬᠠᠮᠲᠤ ᠳᠠᠭᠤᠤ ᠳᠠᠭᠤᠯᠠᠵᠤ᠂ ᠪᠥᠵᠢᠭ ᠪᠥᠵᠢᠭᠯᠡᠵᠦ᠂ ᠬᠥᠵᠥᠷ ᠲᠣᠭᠯᠠᠵᠤ᠂ ᠬᠠᠷᠢᠯᠴᠠᠨ ᠰᠡᠳᠬᠢᠯ ᠢᠶᠠᠨ ᠰᠤᠯᠢᠯᠴᠠᠬᠤ ᠨᠢ ᠪᠠᠶᠠᠷ ᠲᠠᠢ ᠰᠠᠨᠠᠭᠳᠠᠳᠠᠭ︾ ᠭᠡᠵᠦ ᠰᠠᠭᠤᠭᠠᠯᠢ ᠠᠷᠠᠳ ᠵᠤᠤ ᠰᠢᠤ ᠷᠦᠩ ᠶᠠᠷᠢᠯ᠎ᠠ᠃      ᠮᠠᠨᠳᠣᠯ᠎ᠠ ᠨᠡᠶᠢᠭᠡᠮ ᠲᠣᠭᠤᠷᠢᠭ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠦᠵᠡᠭᠦᠯᠦᠯᠭᠡ ᠶᠢᠨ ᠬᠡᠷᠡᠮ ᠨᠢ ᠳᠤᠮᠳᠠᠳᠤ ᠶᠢᠨ ᠤᠯᠠᠮᠵᠢᠯᠠᠯᠲᠤ ᠰᠣᠶᠣᠯ᠂ ᠨᠡᠶᠢᠭᠡᠮ ᠵᠢᠷᠤᠮ ᠤᠨ ᠭᠤᠣᠯᠯᠠᠬᠴᠢ ᠥᠷᠲᠡᠭ ᠤᠨ ᠦᠵᠡᠯᠲᠡ ᠪᠠ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠠᠭᠤᠯᠤᠭᠳᠠᠬᠤᠨ ᠢ ᠳᠡᠯᠭᠡᠨ ᠦᠵᠡᠭᠦᠯᠦᠭᠰᠡᠨ ᠢᠶᠠᠷ ᠪᠠᠷᠠᠬᠤ ᠦᠭᠡᠢ ᠦᠨᠳᠦᠰᠦᠲᠡᠨ ᠨᠦᠭᠦᠳ ᠤᠨ ᠣᠯᠠᠨ ᠲᠦᠮᠡᠨ ᠢ ᠢᠳᠡᠪᠬᠢᠲᠡᠶ ᠪᠠᠷ ᠬᠥᠲᠥᠯᠥᠨ ᠵᠢᠯᠣᠭᠤᠳᠴᠤ ᠵᠢᠷᠭᠠᠯ ᠵᠣᠪᠠᠯᠠᠩ ᠢᠶᠠᠨ ᠬᠠᠮᠲᠤᠳᠬᠠᠬᠤ᠂ ᠠᠯᠳᠠᠷ ᠭᠤᠳᠣᠮᠰᠢᠭ ᠢᠶᠠᠨ ᠬᠠᠮᠳᠣᠳᠬᠠᠬᠤ᠂ ᠦᠬᠦᠵᠦ ᠰᠡᠭᠡᠬᠦ ᠪᠠᠨ ᠬᠠᠮᠲᠤᠳᠬᠠᠬᠤ᠂ ᠬᠤᠪᠢ ᠵᠠᠶᠠᠭ᠎ᠠ ᠪᠠᠨ ᠬᠠᠮᠲᠤᠳᠬᠠᠬᠤ ᠬᠠᠮᠲᠤ ᠶᠢᠨ ᠴᠣᠭᠴᠠ ᠶᠢᠨ ᠣᠶᠢᠯᠠᠭᠠᠭᠳᠠᠬᠤᠨ ᠢ ᠪᠠᠲᠤ ᠪᠠᠬᠢ ᠪᠣᠢ ᠪᠣᠯᠭᠠᠭᠰᠠᠨ ᠪᠠᠶᠢᠨ᠎ᠠ᠃       ᠮᠠᠨᠳᠤᠯ᠎ᠠ ᠨᠡᠶᠢᠭᠡᠮ ᠲᠣᠭᠤᠷᠢᠭ ᠤᠨ ᠠᠷᠠᠳ ᠲᠤ ᠲᠥᠬᠦᠮ ᠦᠵᠡᠭᠦᠯᠬᠦ ᠶᠡᠭᠡ ᠲᠢᠩᠬᠢᠮ ᠳᠤ᠂ ᠰᠠᠶᠢᠨ ᠳᠤᠷ᠎ᠠ ᠶᠢᠨ ᠦᠢᠯᠡᠴᠢᠯᠡᠭᠡ᠂ ᠶᠡᠷᠦᠩᠬᠡᠶᠢᠯᠡᠨ ᠵᠠᠰᠠᠬᠤ᠂ ᠬᠤᠳᠠ ᠳᠤ ᠤᠷᠤᠭᠰᠠᠨ ᠮᠠᠯᠴᠢᠳ ᠤᠨ ᠦᠢᠯᠡᠴᠢᠯᠡᠭᠡ᠂ ᠠᠵᠢᠯ ᠣᠯᠭᠤᠯᠲᠠ ᠶᠢᠨ ᠦᠢᠯᠡᠴᠢᠯᠡᠭᠡ᠂ ᠬᠠᠤᠯᠢ ᠴᠠᠭᠠᠵᠠ ᠶᠢᠨ ᠦᠢᠯᠡᠴᠢᠯᠡᠭᠡ ᠵᠡᠷᠭᠡ 5 ᠦᠢᠯᠡᠴᠢᠯᠡᠭᠡᠨ ᠤ ᠴᠣᠩᠬᠤᠪᠴᠢ ᠭᠠᠷᠭᠠᠵᠤ᠂ ᠦᠨᠳᠦᠰᠦᠲᠡᠨ ᠨᠦᠭᠦᠳ ᠤᠨ ᠤᠯᠠᠨ ᠲᠦᠮᠡᠨ ᠳᠤ ᠳᠥᠭᠦᠮ ᠳᠥᠲᠡ᠂ ᠴᠢᠨᠠᠷᠵᠢᠭᠤᠯᠬᠤ ᠦᠢᠯᠡᠴᠢᠯᠡᠭᠡ ᠬᠠᠩᠭᠠᠬᠤ ᠪᠠᠷ ᠴᠢᠷᠮᠠᠶᠢᠵᠤ᠂ ᠰᠢᠯᠢᠳᠡᠭ ᠦᠢᠯᠡᠴᠢᠯᠡᠭᠡ ᠪᠠᠷ ᠦᠨᠳᠦᠰᠦᠲᠡᠨ ᠨᠦᠭᠦᠳ ᠤᠨ ᠤᠯᠠᠨ ᠲᠦᠮᠡᠨ ᠢ ᠨᠢᠭᠲᠠ ᠬᠤᠯᠪᠤᠵᠠᠢ᠃       ᠣᠶᠢᠯᠠᠭᠠᠭᠰᠠᠨ ᠢᠶᠠᠷ᠂ 2023 ᠣᠨ ᠠᠴᠠ ᠨᠠᠰᠢ ᠮᠠᠨᠳᠤᠯ᠎ᠠ ᠨᠡᠶᠢᠭᠡᠮ ᠲᠣᠭᠤᠷᠢᠭ ᠨᠢ ᠡᠯ᠎ᠡ ᠲᠥᠷᠥᠯ ᠤᠨ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠶᠢ ᠨᠡᠶᠢᠲᠡ 200 ᠭᠠᠷᠤᠶ ᠤᠳᠠᠭ᠎ᠠ ᠡᠷᠭᠢᠯᠡᠵᠦ᠂ ᠣᠯᠠᠨ ᠲᠦᠮᠡᠨ ᠢ 6000 ᠭᠠᠷᠤᠶ ᠬᠥᠮᠦᠨ ᠤᠳᠠᠭ᠎ᠠ ᠬᠠᠮᠤᠷᠴᠤ᠂ ︽ᠵᠢᠵᠢᠭ ᠲᠣᠤᠷᠵᠢᠯ᠂ ᠶᠡᠭᠡ ᠠᠭᠤᠰᠤᠯᠴᠠᠯ᠂ ᠬᠠᠮᠲᠤ ᠪᠠᠷ ᠵᠣᠯ ᠵᠢᠷᠭᠠᠯ ᠡᠳ᠋ᠯᠡᠬᠦ︾ ᠬᠡᠯᠪᠡᠷᠢ ᠶᠢᠨ ᠨᠡᠶᠢᠭᠡᠮ ᠤᠨ ᠪᠦᠲᠦᠴᠡ ᠪᠠ ᠨᠡᠶᠢᠭᠡᠮ ᠲᠣᠭᠤᠷᠢᠭ ᠤᠨ ᠣᠷᠴᠢᠨ ᠲᠣᠭᠤᠷᠢᠨ ᠢ ᠦᠨᠡᠨ ᠬᠦ ᠪᠣᠶ ᠪᠣᠯᠭᠠᠵᠤ᠂ ᠦᠨᠳᠦᠰᠦᠲᠡᠨ ᠨᠦᠭᠦᠳ ᠤᠨ ᠣᠯᠠᠨ ᠲᠦᠮᠡᠨ ᠢ ᠰᠠᠶᠢᠨ ᠳᠤᠷ᠎ᠠ ᠶᠢᠨ ᠦᠢᠯᠡᠴᠢᠯᠡᠭᠡᠨ ᠤ ᠦᠢᠯᠡᠳᠦᠯᠭᠡᠵᠢᠭᠦᠯᠥᠭᠴᠢ᠂ ᠦᠨᠳᠦᠰᠦᠲᠡᠨ ᠤ ᠲᠥᠷᠥ ᠶᠢᠨ ᠪᠣᠳᠣᠯᠭ᠎ᠠ ᠶᠢᠨ ᠤᠯᠠᠮᠵᠢᠯᠠᠭᠴᠢ᠂ ᠡᠭᠦᠳᠦᠨ ᠪᠠᠶᠢᠭᠤᠯᠬᠤ ᠠᠵᠢᠯ ᠤᠨ ᠠᠬᠢᠭᠤᠯᠤᠭᠴᠢ ᠪᠣᠯᠭᠠᠵᠤ᠂ ︽ᠭᠤᠷᠪᠠᠨ ᠰᠠᠯᠵᠤ ᠴᠢᠳᠠᠬᠤ ᠥᠬᠡᠶ︾᠂ ︽ᠳᠥᠷᠪᠡᠨ ᠬᠠᠮᠳᠣᠳᠬᠠᠬᠤ︾᠂ ︽  ᠲᠠᠪᠣᠨ ᠬᠠᠮᠳᠣ ᠶᠢᠨ ᠲᠠᠨᠢᠯᠳᠠ︾ ᠣᠶᠢᠯᠠᠭᠠᠭᠳᠠᠬᠤᠨ ᠪᠠ ᠬᠠᠮᠲᠤ ᠶᠢᠨ ᠲᠠᠨᠢᠯᠲᠠ ᠶᠢ ᠬᠥᠮᠦᠰ ᠤᠨ ᠰᠡᠳᠬᠢᠯ ᠳᠤ ᠤᠯᠠᠮ ᠨᠢᠭᠡ ᠠᠯᠬᠤᠮ ᠬᠠᠳᠠᠩᠰᠢᠭᠤᠯᠵᠠᠶ᠃        ᠮᠠᠨᠳᠤᠯ᠎ᠠ ᠨᠡᠶᠢᠭᠡᠮ ᠲᠣᠭᠤᠷᠢᠭ ᠨᠢ ᠤᠷᠢᠳ ᠬᠤᠵᠢᠳ ᠥᠪᠡᠷᠲᠡᠭᠡᠨ ᠵᠠᠰᠠᠬᠤ ᠣᠷᠣᠨ ᠤ ᠳᠡᠰ ᠤᠨ ︽ᠦᠢᠯᠡᠴᠢᠯᠡᠭᠡᠨ ᠤ ᠬᠡᠯᠪᠡᠷᠢ ᠶᠢᠨ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ︾ ᠶᠢᠨ ᠵᠢᠱᠢᠶ᠎ᠡ ᠦᠵᠡᠭᠦᠯᠬᠦ ᠴᠡᠭ᠂ ᠪᠦᠬᠦ ᠠᠶᠢᠮᠠᠭ ᠤᠨ ︽ᠲᠡᠷᠢᠭᠦᠨ ᠤ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ︾᠂ ᠪᠦᠬᠦ ᠠᠶᠢᠮᠠᠭ ᠤᠨ ︽ᠰᠣᠳᠣᠨ ᠨᠡᠶᠢᠭᠡᠮ ᠲᠣᠭᠤᠷᠢᠭ︾᠂ ᠪᠦᠬᠦ ᠠᠶᠢᠮᠠᠭ ᠤᠨ ᠲᠠᠪᠤᠳᠤᠭᠠᠷ ᠪᠦᠯᠦᠭ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠨᠢᠭᠡᠴᠡ ᠵᠡᠷᠭᠡ ᠢᠷᠠᠭᠤ ᠠᠯᠳᠠᠷ ᠤᠨ ᠴᠣᠯᠠ ᠶᠢ ᠬᠦᠷᠲᠡᠵᠡᠢ᠃ ︽ᠮᠠᠨ ᠤ ᠨᠡᠶᠢᠭᠡᠮ ᠲᠣᠭᠤᠷᠢᠭ ᠤᠨ ᠬᠢᠨ ᠲᠥᠪ ᠤᠨ ᠦᠨᠳᠦᠰᠦᠲᠡᠨ ᠤ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠦᠷᠭᠦᠯᠵᠢᠯᠡᠨ ᠭᠦᠨᠵᠡᠭᠡᠢ ᠲᠤᠤᠱᠯᠠᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠣ ᠴᠣᠬᠴᠠᠯᠠᠬᠤ ᠪᠠᠷ ᠡᠯ᠎ᠡ ᠵᠦᠢᠯ ᠤᠨ ᠠᠵᠢᠯ ᠤᠨ ᠭᠤᠣᠯ ᠰᠢᠵᠢᠮ ᠪᠣᠯᠭᠠᠵᠤ᠂ ︿ᠬᠤᠶᠠᠷ ᠶᠡᠭᠡ ᠶᠠᠪᠤᠳᠠᠯ﹀ ᠤᠨ ᠪᠠᠶᠢᠯᠳᠤᠬᠤ ᠪᠤᠳᠤᠯᠭ᠎ᠠ ᠶᠢ ᠪᠠᠷᠢᠮᠲᠠᠯᠠᠬᠤ ᠦᠨᠳᠦᠷᠴᠡ ᠠᠴᠠ ᠤᠯᠠᠨ ᠲᠦᠮᠡᠨ ᠳᠤ ᠦᠢᠯᠡᠴᠢᠯᠡᠬᠦ ᠬᠠᠯᠠᠭᠤᠨ ᠳᠤᠯᠠᠭᠠᠨ ᠢ ᠢᠯᠡᠷᠡᠭᠦᠯᠵᠦ᠂ ᠪᠦᠲᠦᠮᠵᠢᠲᠡᠢ ᠵᠠᠰᠠᠯᠲᠠ ᠶᠢ ᠴᠢᠩᠭᠠᠳᠬᠠᠬᠤ ᠡᠷᠴᠢᠮ ᠤᠨ ᠲᠠᠯ᠎ᠠ ᠪᠠᠷ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢ ᠡᠭᠦᠳᠦᠨ ᠪᠠᠶᠢᠭᠤᠯᠬᠤ ᠠᠵᠢᠯ ᠢ ᠥᠷᠨᠢᠭᠦᠯᠵᠦ᠂ ᠠᠵᠢᠯ ᠤᠨ ᠰᠡᠳᠬᠢᠴᠡ ᠪᠠᠨ ᠲᠠᠰᠤᠷᠠᠯᠲᠠ ᠦᠭᠡᠢ ᠥᠷᠭᠡᠳᠬᠡᠵᠦ᠂ ᠦᠢᠯᠡᠴᠢᠯᠡᠭᠡᠨ ᠤ ᠶᠠᠰᠤ ᠴᠢᠨᠠᠷ ᠢᠶᠠᠨ ᠳᠡᠭᠡᠭᠰᠢᠯᠡᠭᠦᠯᠵᠦ᠂ ᠨᠡᠶᠢᠭᠡᠮ ᠲᠣᠭᠤᠷᠢᠭ ᠤᠨ ᠦᠨᠳᠦᠰᠦᠲᠡᠨ ᠨᠦᠭᠦᠳ ᠤᠨ ᠤᠯᠠᠨ ᠲᠦᠮᠡᠨ ᠤ ᠰᠡᠳᠬᠢᠯ ᠨᠢᠭᠡᠳᠦᠨ ᠬᠦᠴᠦ ᠪᠠᠨ ᠬᠠᠮᠳᠣᠳᠬᠠᠵᠦ ᠡᠶ᠎ᠡ ᠨᠠᠶᠢᠷᠲᠠᠢ ᠪᠠᠷ ᠬᠠᠮᠲᠤ ᠣᠷᠣᠰᠢᠬᠤ ᠶᠢ ᠠᠬᠢᠭᠤᠯᠣᠨ᠎ᠠ︾ ᠭᠡᠵᠦ ᠮᠠᠨᠳᠤᠯ᠎ᠠ ᠨᠡᠶᠢᠭᠡᠮ ᠲᠣᠭᠤᠷᠢᠭ  ᠤᠨ ᠨᠠᠮ ᠤᠨ ᠡᠭᠦᠷ ᠤᠨ ᠱᠦᠵᠢ  ᠴᠧᠨ ᠰᠣ᠋ ᠶᠢᠨ ᠶᠠᠷᠢᠵᠤ ᠪᠠᠶᠢᠯ᠎ᠠ᠃
 
ᠢᠷᠡᠯᠲᠡ᠄ ᠬᠦᠪᠡᠭᠡᠲᠦ ᠰᠢᠷ᠎ᠠ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号