ᠪᠤᠭᠳᠠ ᠶᠢᠨ ᠭᠤᠤᠯ ᠰᠤᠮᠤᠨ ᠤ ᠡᠬᠢᠨ ᠣᠰᠣ ᠭᠠᠴᠠᠭ᠎ᠠ ᠲᠡᠯᠡᠬᠡᠢ ᠶᠢᠨ ᠨᠣᠮ ᠣᠩᠰᠢᠬᠤ ᠡᠳᠣᠷ ᠢ ᠲᠡᠮᠳᠡᠭᠯᠡᠬᠦ ᠠᠵᠢᠯᠯᠠᠭ᠎ᠠ ᠦᠷᠨᠢᠬᠦᠯᠪᠡ
ᠨᠡᠶᠢᠲᠡᠯᠡᠭᠰᠡᠨ ᠴᠠᠭ᠄
2024/4/16
     ᠬᠤᠷᠢ ᠶᠢᠰᠣᠳᠡᠬᠢ ᠲᠡᠯᠡᠬᠡᠢ ᠶᠢᠨ ᠨᠣᠮ ᠣᠩᠰᠢᠬᠤ ᠡᠳᠣᠷ ᠤᠶᠢᠷᠠᠳᠴᠦ ᠪᠠᠶᠢᠭ᠎ᠠ ᠲᠠᠰᠢᠷᠠᠮ ᠳᠤ᠂ 4 ᠰᠠᠷ᠎ᠠ ᠶᠢᠨ 14 ᠤ ᠡᠳᠦᠷ᠂ ᠬᠦᠪᠡᠭᠡᠲᠦ ᠰᠢᠷ᠎ᠠ ᠬᠤᠰᠢᠭᠤᠨ ᠤ ᠪᠤᠭᠳᠠ ᠶᠢᠨ ᠭᠤᠤᠯ ᠰᠤᠮᠤᠨ ᠤ ᠡᠬᠢᠨ ᠤᠰᠤ ᠭᠠᠴᠠᠭ᠎ᠠ ᠨᠢ ᠳᠡᠯᠡᠬᠡᠢ ᠶᠢᠨ ᠨᠤᠮ ᠤᠩᠰᠢᠬᠤ ᠡᠳᠦᠷ ᠢ ᠲᠡᠮᠳᠡᠭᠯᠡᠬᠦ ᠬᠡᠷ ᠪᠦᠯᠢ ᠶᠢᠨ ᠨᠣᠮ ᠬᠤᠪᠢᠶᠠᠯᠴᠠᠬᠤ ᠠᠵᠢᠯᠯᠠᠭ᠎ᠠ ᠦᠷᠨᠢᠬᠦᠯᠪᠡ᠃     ᠠᠵᠢᠯᠯᠠᠭ᠎ᠠ ᠲᠡᠬᠡᠷ᠎ᠡ᠂ ᠪᠣᠬᠳᠠ ᠶᠢᠨ ᠭᠤᠣᠯ ᠰᠣᠮᠣᠨ ᠤ ᠮᠠᠯᠴᠢᠨ ᠢᠷᠠᠭᠤ ᠨᠠᠶᠢᠷᠠᠬᠴᠢ᠂ ᠵᠣᠬᠢᠶᠠᠯᠴᠢ ᠵᠢᠷᠭᠠᠯᠳᠤ ᠪᠣᠯᠤᠨ ᠰᠡᠴᠡᠨᠪᠠᠭᠠᠲᠤᠷ ᠠᠴᠠ ᠶᠠᠮᠠᠷ ᠨᠣᠮ ᠤᠩᠰᠢᠬᠤ᠂ ᠬᠡᠷᠬᠢᠨ ᠨᠣᠮ ᠤᠩᠰᠢᠬᠤ᠂ ᠨᠣᠮ ᠤᠩᠰᠢᠬᠤ ᠶᠢᠨ ᠠᠴᠢ ᠬᠤᠯᠪᠣᠭᠳᠠᠯ ᠵᠡᠷᠭᠡ ᠲᠠᠯ᠎ᠠ ᠪᠠᠷ ᠲᠠᠶᠢᠯᠣᠮᠵᠢ ᠬᠢᠬᠦ ᠶᠢᠨ ᠬᠠᠮᠳᠣ ᠨᠣᠮ ᠣᠩᠰᠢᠬᠤ ᠨᠢ ᠨᠢᠭᠡ ᠬᠥᠮᠦᠨ ᠵᠢᠴᠢ ᠨᠢᠭᠡ ᠦᠨᠳᠦᠰᠦᠲᠡᠨ ᠳᠤ ᠦᠵᠡᠭᠦᠯᠬᠦ ᠴᠢᠬᠤᠯᠠ ᠠᠴᠢ ᠬᠤᠯᠪᠣᠭᠳᠠᠯ ᠢ ᠲᠠᠨᠢᠯᠴᠠᠭᠤᠯᠵᠤ᠂ ᠤᠯᠠᠨ ᠢᠶᠠᠷ ᠢᠶᠠᠨ ᠰᠠᠨᠠᠭᠠᠴᠢᠯᠠᠭ᠎ᠠ ᠠᠴᠠ ᠪᠠᠨ ᠭᠠᠷ ᠤᠲᠠᠰᠤ ᠪᠠᠨ ᠲᠠᠯᠪᠢᠵᠤ᠂ ᠢᠯᠡᠭᠦᠬᠡᠨ ᠨᠣᠮ ᠤᠩᠰᠢᠵᠤ᠂ ᠰᠠᠶᠢᠨ ᠨᠣᠮ ᠤᠩᠰᠢᠬᠤ ᠶᠢ ᠣᠷᠢᠶᠠᠯᠠᠬᠰᠠᠨ ᠪᠠᠶᠢᠨ᠎ᠠ᠃ ᠵᠠᠯᠠᠭᠤ ᠠᠵᠣ ᠠᠬᠤᠶᠢᠯᠡᠯᠳᠠᠨ ᠬᠤᠰᠢᠭᠤᠨ ᠤ ︽ᠠᠮᠣᠷ ᠪᠠᠶᠠᠰᠬᠤᠯᠠᠩ︾ ᠲᠡᠯᠬᠡᠬᠦᠷ ᠤᠨ ᠡᠵᠡᠨᠳᠠᠨ ᠠᠴᠠ ᠣᠯᠠᠨ ᠳᠤ ᠰᠠᠶᠢᠨ ᠨᠣᠮ ᠲᠠᠨᠢᠯᠴᠠᠭᠤᠯᠵᠤ᠂ ᠥᠪᠡᠷ ᠤᠨ ᠤᠩᠰᠢᠭᠰᠠᠨ ᠨᠣᠮ ᠢᠶᠠᠨ ᠬᠤᠪᠢᠶᠠᠯᠴᠠᠬᠰᠠᠨ ᠤ ᠬᠠᠮᠲᠤ ᠭᠠᠴᠠᠭᠠᠨ ᠤ ᠰᠣᠶᠣᠯ ᠤᠨ ᠥᠷᠥᠭᠡ ᠳᠤ ᠨᠣᠮ ᠬᠠᠨᠳᠢᠪᠯᠠᠪᠠ ᠃ ︽ᠮᠠᠨ ᠤ ᠭᠠᠴᠠᠭᠠᠨ ᠤ ᠮᠠᠯᠴᠢᠳ ᠬᠡᠣᠬᠡᠳ ᠪᠠᠭᠠᠴᠣᠳ ᠢᠶᠠᠨ ᠲᠠᠭᠠᠭᠤᠯᠣᠨ ᠮᠠᠰᠢ ᠢᠳᠡᠪᠬᠢᠲᠠᠢ ᠤᠷᠤᠯᠴᠠᠯ᠎ᠠ︔ ᠡᠶᠢᠮᠣᠷᠬᠦᠦ ᠬᠦᠳᠡᠯᠬᠡᠬᠡᠨ ᠢ ᠠᠩᠬ᠎ᠠ ᠣᠳᠠᠭ᠎ᠠ ᠶᠠᠪᠣᠬᠳᠠᠭᠤᠯᠵᠣ ᠪᠠᠶᠢᠨ᠎ᠠ︔ ᠡᠬᠦᠨ ᠠᠴᠠ ᠬᠤᠶᠢᠰᠢ ᠡᠶᠢᠮᠣᠷᠬᠦᠦ ᠬᠦᠳᠡᠯᠬᠡᠬᠡᠨ ᠢ ᠭᠠᠴᠠᠭᠠᠨ ᠤ ᠪᠠᠨ ᠲᠠᠯ᠎ᠠ ᠠᠴᠠ ᠢᠯᠡᠬᠦᠦ ᠵᠣᠬᠢᠶᠠᠨ ᠪᠠᠶᠢᠭᠤᠯᠵᠣ᠂ ᠭᠠᠴᠠᠭᠠᠨ ᠤ ᠪᠠᠨ ᠮᠠᠯᠴᠢᠳ ᠪᠣᠯᠣᠨ ᠬᠡᠣᠬᠡᠳ ᠲᠡᠬᠦᠦᠨᠡᠷ ᠢᠶᠠᠨ ᠨᠣᠮ ᠣᠩᠰᠢᠬᠤ ᠲᠠᠳᠬᠠᠯ ᠲᠠᠢ ᠪᠣᠯᠭᠠᠵᠣ᠂ ᠨᠣᠮ ᠬᠤᠪᠢᠶᠠᠯᠴᠬᠤ ᠲᠠᠳᠬᠠᠯ ᠲᠠᠢ ᠪᠣᠯᠭᠠᠶ᠎ᠠ ᠬᠡᠵᠣ ᠪᠣᠳᠣᠵᠣ ᠪᠠᠶᠢᠨ᠎ᠠ︾ ᠭᠡᠵᠤ ᠡᠬᠢᠨ ᠣᠰᠣ ᠭᠠᠴᠠᠭᠠᠨ ᠤ ᠨᠠᠮ ᠤᠨ ᠡᠬᠦᠷ ᠤᠨ ᠱᠦᠵᠢ᠂ ᠭᠠᠴᠠᠭᠠᠨ ᠲᠠᠷᠤᠭ᠎ᠠ ᠰᠣᠶᠣᠯᠴᠣᠬᠳᠣ ᠶᠠᠷᠢᠯ᠎ᠠ᠃      ᠠᠵᠢᠯᠯᠠᠭᠠᠨ ᠳᠤ ᠣᠷᠣᠯᠴᠠᠬᠰᠠᠨ ᠪᠢᠴᠢᠬᠠᠨ ᠨᠠᠶᠢᠵᠠ ᠨᠠᠷ ᠠᠴᠠ ᠥᠪᠡᠷ ᠤᠨ ᠬᠠᠮᠤᠭ ᠤᠨ ᠳᠤᠷᠠᠲᠠᠢ ᠨᠣᠮ ᠪᠢᠴᠢᠭ ᠪᠠ ᠦᠯᠢᠭᠡᠷ ᠢᠶᠠᠨ ᠬᠤᠪᠢᠶᠠᠯᠴᠠᠨ᠂ ᠬᠦᠮᠣᠰ ᠤᠨ ᠮᠠᠭᠳᠠᠭᠠᠯ ᠰᠠᠶᠢᠰᠢᠶᠠᠯ ᠢ ᠤᠯᠵᠣ᠂ ᠭᠠᠴᠠᠭᠠᠨ ᠠᠴᠠ ᠬᠡᠣᠬᠡᠳ ᠪᠦᠬᠦᠨ ᠳᠤ ᠲᠣᠷᠠᠰᠬᠠᠯ ᠤᠨ ᠪᠣᠳᠠᠰ ᠪᠣᠯᠣᠨ ᠨᠣᠮ ᠪᠢᠴᠢᠭ ᠱᠠᠩᠨᠠᠵᠣ ᠣᠷᠮ᠎ᠠ ᠬᠠᠶᠢᠷᠠᠯᠠᠬᠰᠠᠨ ᠪᠦᠬᠡᠳ ᠬᠤᠵᠢᠮ ᠣᠯᠣᠰ ᠦᠨᠳᠣᠰᠣᠳᠠᠨ ᠳᠤ ᠪᠠᠨ ᠬᠤᠪᠢ ᠨᠡᠮᠡᠷᠢ ᠦᠵᠡᠬᠦᠯᠵᠣ᠂ ᠴᠢᠳᠠᠪᠤᠷᠢᠲᠠᠨ ᠪᠤᠯᠬᠤ ᠶᠢ ᠵᠤᠷᠢᠭᠵᠢᠭᠤᠯᠤᠭᠰᠠᠨ ᠪᠠᠶᠢᠨ᠎ᠠ᠃

 

 
ᠢᠷᠡᠯᠲᠡ᠄ ᠬᠦᠪᠡᠭᠡᠲᠦ ᠰᠢᠷ᠎ᠠ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号