ᠴᠠᠭᠠᠨ ᠢᠳᠡᠭᠡᠨ ᠤ ᠵᠠᠬ᠎ᠠ ᠳᠤ ᠬᠢᠯᠠᠷᠠᠭᠰᠠᠨ ᠴᠠᠭᠯᠠᠰᠢ ᠦᠭᠡᠢ ᠰᠤᠶᠤᠯ ᠤᠨ ᠦᠪᠯᠡᠭᠴᠢ
ᠨᠡᠶᠢᠲᠡᠯᠡᠭᠰᠡᠨ ᠴᠠᠭ᠄
2024/4/22
    ᠤᠯᠠᠮᠵᠢᠯᠠᠯᠲᠤ ᠴᠠᠭᠠᠨ ᠢᠳᠡᠭᠡ ᠨᠢ ᠲᠠᠯ᠎ᠠ ᠨᠤᠲᠤᠭ ᠤᠨ ᠦᠪ ᠰᠣᠶᠣᠯ ᠤᠨ ᠴᠢᠬᠤᠯᠠ ᠪᠦᠷᠢᠯᠳᠦᠬᠦᠨ ᠬᠡᠰᠡᠭ ᠪᠦᠭᠡᠳ ᠰᠢᠮ᠎ᠡ ᠪᠦᠷᠢᠨ᠂ ᠠᠮᠲᠠ ᠰᠠᠶᠢᠬᠠᠨ ᠪᠠᠶᠢᠳᠠᠭ ᠥᠪᠡᠷᠮᠢᠴᠡ ᠤᠨᠴᠠᠯᠢᠭ ᠢᠶᠠᠷ ᠢᠶᠠᠨ ᠬᠡᠷᠡᠭᠯᠡᠭᠴᠢᠳ ᠤᠨ ᠬᠦᠷᠢᠶᠡᠯᠡᠯ ᠢ ᠤᠯᠳᠠᠭ ᠃ ᠬᠦᠪᠡᠭᠡᠳᠦ ᠰᠢᠷ᠎ᠠ ᠬᠤᠰᠢᠭᠤᠨ ᠤ ᠬᠤᠰᠢᠭᠤ ᠲᠡᠰ ᠤᠨ ᠴᠠᠭᠠᠨ ᠢᠳᠡᠭᠡᠨ ᠤ ᠪᠣᠳᠠᠰ ᠤᠨ ᠪᠤᠰᠤ ᠰᠣᠶᠣᠯ ᠤᠨ ᠥᠪ ᠤᠨ ᠤᠯᠠᠮᠵᠢᠯᠠᠭᠴᠢ ᠰᠤᠶᠤᠯᠴᠢᠮᠡᠭ ᠤᠯᠠᠮᠵᠢᠯᠠᠯᠲᠤ ᠴᠠᠭᠠᠨ ᠢᠳᠡᠭᠡᠨ ᠢᠶᠠᠨ ᠡᠳ᠋ᠰᠢᠬᠦᠯᠦᠨ ᠪᠤᠷᠤᠯᠠᠭᠤᠯᠵᠤ ᠬᠡᠪᠴᠢᠶᠡᠵᠢᠬᠦᠯᠦᠨ ᠡᠵᠡᠩᠨᠡᠬᠦ ᠶᠢᠨ ᠬᠠᠮᠲᠦ ᠴᠠᠬᠠᠷ ᠴᠠᠭᠠᠨ ᠢᠳᠡᠭᠡᠨ ᠤ ᠰᠣᠶᠣᠯ ᠢᠶᠠᠨ ᠤᠯᠠᠮᠵᠢᠯᠠᠨ ᠲᠡᠯᠬᠡᠷᠡᠬᠦᠯᠵᠣ᠂ ᠤᠯᠠᠨ ᠲᠦᠮᠡᠨ ᠤ ᠮᠠᠭᠳᠠᠭᠠᠯ ᠰᠠᠶᠢᠰᠢᠶᠠᠯ ᠢ ᠤᠯᠵᠤ ᠪᠣᠢ᠃    ᠬᠦᠪᠡᠭᠡᠳᠦ ᠰᠢᠷ᠎ᠠ ᠬᠤᠰᠢᠭᠤᠨ ᠤ ᠦᠨᠳᠦᠰᠦᠳᠡᠨ ᠤ ᠤᠯᠠᠮᠵᠢᠯᠠᠯᠳᠤ ᠴᠠᠭᠠᠨ ᠢᠳᠡᠭᠡᠨ ᠤ ᠠᠵᠤ ᠦᠢᠯᠡᠰ ᠤᠨ ᠲᠤᠭᠤᠷᠢᠭ ᠤᠨ  ︽ᠪᠢᠯᠬᠠᠭ᠎ᠠ︾ ᠴᠠᠭᠠᠨ ᠢᠳᠡᠭᠡᠨ ᠤ ᠲᠡᠯᠭᠡᠭᠦᠷ ᠤᠨ ᠪᠤᠯᠪᠠᠰᠤᠷᠠᠭᠤᠯᠬᠤ ᠲᠠᠰᠤᠭ ᠲᠤ ᠰᠤᠶᠤᠯᠴᠢᠮᠡᠭ ᠬᠤᠷᠤᠳ ᠢᠶᠠᠨ ᠬᠢᠵᠦ ᠶᠠᠭᠠᠷᠠᠵᠣ ᠪᠠᠶᠢᠯ᠎ᠠ᠃ ᠤᠤᠯ ᠨᠢ ᠡᠳᠡᠨᠡᠶᠢᠬᠢᠨ ᠰᠠᠭᠠᠯᠢ ᠶᠢᠨ ᠦᠨᠢᠶ᠎ᠡ ᠮᠠᠯᠵᠢᠵᠣ᠂ ᠴᠠᠭᠠᠨ  ᠢᠳᠡᠭᠡᠨ ᠬᠢᠵᠦ᠂ ᠬᠤᠰᠢᠭᠤᠨ ᠳᠤ ᠠᠪᠴᠢᠷᠠᠵᠣ ᠪᠣᠷᠣᠯᠠᠭᠤᠯᠵᠣ ᠪᠠᠶᠢᠬᠰᠠᠨ ᠢᠶᠠᠨ ᠰᠡᠭᠦᠯᠡᠷ ᠨᠢ ᠬᠤᠰᠢᠭᠤᠨ ᠲᠦᠪ ᠤᠷᠤᠵᠤ ᠦᠢᠯᠡᠰ ᠪᠤᠰᠬᠠᠨ 2010 ᠤᠨ ᠤ 7 ᠰᠠᠷ᠎ᠠ ᠳᠤ ︽ᠪᠢᠯᠬᠠᠭ᠎ᠠ︾ ᠴᠠᠭᠠᠨ ᠢᠳᠡᠭᠡᠨ ᠤ ᠲᠡᠯᠭᠡᠭᠦᠷ ᠢᠶᠠᠨ ᠲᠠᠩᠰᠠᠯᠠᠭᠤᠯᠤᠭᠰᠠᠨ ᠪᠠᠶᠢᠨ᠎ᠠ᠃ ᠠᠷᠪᠠᠭᠠᠳ ᠵᠢᠯ ᠤᠨ ᠰᠢᠷᠭᠠᠭᠤ ᠴᠢᠷᠮᠠᠶᠢᠯᠭ᠎ᠠ ᠪᠠᠷ ᠰᠤᠶᠤᠯᠴᠢᠮᠡᠭ ᠴᠠᠭᠠᠨ ᠢᠳᠡᠭᠡᠨ ᠤ ᠲᠡᠯᠭᠡᠭᠦᠷ ᠤᠨ ᠬᠡᠪᠴᠢᠶ᠎ᠡ ᠎ ᠪᠠᠨ ᠦᠷᠭᠡᠳᠭᠡᠵᠤ ᠪᠤᠷᠤᠯᠠᠭᠤᠯᠭ᠎ᠠ ᠪᠠᠨ ᠨᠡᠮᠡᠭᠳᠡᠬᠦᠯᠦᠨ᠂ ᠴᠠᠭᠠᠨ ᠢᠳᠡᠭᠡᠨ ᠤ ᠠᠵᠤ ᠦᠢᠯᠡᠰ ᠡᠷᠬᠢᠯᠡᠭᠴᠢᠳ ᠤᠨ ᠲᠦᠯᠦᠭᠡᠯᠡᠭᠴᠢ ᠴᠢᠨᠠᠷᠲᠠᠢ ᠡᠵᠡᠩᠨᠡᠭᠴᠢ ᠪᠤᠯᠤᠭᠰᠠᠨ ᠠᠴᠠ ᠬᠦᠪᠡᠭᠡᠳᠤ ᠰᠢᠷ᠎ᠡ ᠬᠤᠰᠢᠭᠤᠨ ᠤ ᠦᠨᠳᠦᠰᠦᠳᠡᠨ ᠤ ᠤᠯᠠᠮᠵᠢᠯᠠᠯᠳᠤ ᠴᠠᠭᠠᠨ ᠢᠳᠡᠭᠡᠨ ᠤ ᠠᠵᠤ ᠦᠢᠯᠡᠰ ᠤᠨ ᠲᠤᠭᠤᠷᠢᠭ ᠲᠤ ᠰᠠᠭᠤᠷᠢᠰᠢᠨ᠂ ᠴᠠᠭᠠᠨ ᠢᠳᠡᠭᠡᠨ ᠤ ᠠᠵᠤ ᠦᠢᠯᠡᠰ ᠡᠷᠬᠢᠯᠡᠬᠦ ᠨᠡᠩ ᠰᠢᠯᠢᠳᠡᠭ ᠤᠷᠴᠢᠨ ᠨᠦᠬᠦᠴᠡᠯ ᠢ ᠪᠦᠷᠢᠯᠳᠦᠬᠦᠯᠦᠭᠰᠡᠨ ᠪᠠᠶᠢᠨ᠎ᠡ᠃ ︽ᠠᠵᠤ ᠦᠢᠯᠡᠰ ᠤᠨ ᠲᠤᠭᠤᠷᠢᠭ ᠤᠨ ᠨᠦᠬᠦᠴᠡᠯ ᠰᠠᠶᠢᠨ︔ ᠴᠠᠭᠠᠨ ᠢᠳᠡᠭᠡᠨ ᠪᠤᠯᠪᠠᠰᠤᠷᠠᠭᠤᠯᠬᠤ ᠬᠡᠷ ᠪᠡ ᠮᠠᠰᠢᠨ ᠲᠦᠬᠦᠬᠡᠷᠣᠮᠵᠢ ᠶᠢ ᠬᠠᠩᠭᠠᠵᠣ ᠦᠭᠬᠦᠭᠰᠠᠨ︔ ᠡᠨᠡ ᠨᠢ ᠴᠠᠭ ᠲᠤ ᠠᠷᠪᠢᠲᠠᠢ᠂ ᠬᠦᠮᠣᠨ ᠤ ᠬᠦᠴᠣᠨ ᠳᠤ ᠠᠷᠪᠢᠲᠠᠢ ᠶᠤᠮ︾ ᠭᠡᠵᠤ ᠪᠢᠯᠬᠠᠭ᠎ᠠ ᠴᠠᠭᠠᠨ ᠢᠳᠡᠬᠡᠨ ᠤ ᠲᠡᠯᠬᠡᠬᠦᠷ ᠤᠨ ᠡᠵᠡᠨᠳᠠᠨ ᠰᠣᠶᠣᠯᠴᠢᠮᠡᠭ ᠶᠠᠷᠢᠯ᠎ᠠ᠃     ᠣᠳᠣᠬᠠᠨ ᠳᠤ ︽ᠪᠢᠯᠬᠠᠭ᠎ᠠ︾ ᠴᠠᠭᠠᠨ ᠢᠳᠡᠬᠡᠨ ᠤ ᠳᠡᠯᠭᠡᠭᠦᠷ ᠨᠢ 30 ᠭᠠᠷᠣᠢ ᠲᠦᠷᠦᠯ ᠤᠨ ᠴᠠᠭᠠᠨ ᠢᠳᠡᠭᠡᠨ ᠤ ᠪᠦᠳᠣᠬᠡᠭᠳᠡᠬᠦᠨ ᠪᠣᠷᠣᠯᠠᠭᠤᠯᠵᠤ᠂ ᠴᠣᠷ᠎ᠡ᠂ ᠰᠢᠷ᠎ᠠ ᠲᠣᠰᠣ᠂ ᠲᠦᠳᠠ᠂ ᠰᠠᠭᠠᠯᠢ ᠶᠢᠨ ᠠᠷᠢᠬᠢ᠂ ᠬᠤᠷᠤᠳ᠂ ᠥᠷᠥᠮ᠎ᠡ᠂ ᠪᠢᠰᠢᠯᠠᠭ ᠵᠡᠷᠭᠡ ᠴᠠᠭᠠᠨ ᠢᠳᠡᠭᠡᠨ ᠤ ᠲᠦᠷᠦᠯ ᠨᠢ ᠪᠤᠷᠤᠯᠠᠭᠤᠯᠭ᠎ᠠ ᠪᠠᠷ ᠤᠨᠴᠠ ᠰᠠᠶᠢᠨ ᠪᠠᠶᠢᠨ᠎ᠠ᠃ ᠴᠠᠭᠠᠨ ᠢᠳᠡᠭᠡᠨ ᠤ ᠎ ᠪᠠᠨ ᠴᠢᠨᠠᠷ ᠴᠢᠨᠰᠠᠭ᠎ᠠ ᠶᠢ ᠪᠠᠳᠤᠯᠠᠵᠤ᠂ ᠲᠥᠷᠥᠯ ᠵᠥᠢᠯ ᠢ ᠨᠢ ᠨᠡᠮᠡᠭᠳᠡᠬᠦᠯᠬᠦ ᠶᠢᠨ ᠲᠥᠯᠥᠭᠡ ᠰᠤᠶᠤᠯᠴᠢᠮᠡᠭ ᠬᠠᠮᠢᠶ᠎ᠠ ᠪᠥᠬᠦᠢ ᠮᠡᠷᠭᠡᠵᠢᠯ ᠤᠨ ᠪᠤᠯᠪᠠᠰᠤᠷᠠᠯ ᠳᠤ ᠪᠠᠶᠢᠡᠭᠭᠤ ᠤᠷᠤᠯᠴᠠᠳᠠᠭ ᠪᠦᠬᠡᠳ ᠠᠶᠢᠮᠠᠭ ᠤᠨ ᠤᠯᠠᠮᠵᠢᠯᠠᠯᠳᠤ ᠴᠠᠭᠠᠨ ᠢᠳᠡᠭᠡᠨ ᠤ ᠤᠷᠤᠯᠳᠤᠭᠠᠨ ᠳᠤ ᠤᠯᠠᠨ ᠤᠳᠠᠭ᠎ᠠ ᠤᠷᠤᠯᠴᠠᠵᠤ᠂ ᠨᠢᠭᠡᠳᠤᠭᠡᠷ ᠲᠡᠰ ᠲᠤ ᠬᠤᠶᠠᠷ ᠤᠳᠠᠭ᠎ᠠ᠂ ᠬᠤᠶᠠᠳᠤᠭᠠᠷ ᠲᠡᠰ ᠲᠤ ᠬᠤᠶᠠᠷ ᠤᠳᠠᠭ᠎ᠠ ᠳᠤᠳᠤᠷᠠᠵᠤ᠂ ᠬᠤᠰᠢᠭᠤ ᠳᠡᠰ ᠤᠨ ᠴᠠᠭᠠᠨ ᠢᠳᠡᠭᠡ ᠬᠢᠬᠦ ᠤᠷᠤᠯᠳᠤᠭᠠᠨ ᠳᠤ ᠤᠯᠠᠨ ᠤᠳᠠᠭ᠎ᠠ ᠨᠢᠭᠡᠳᠤᠭᠡᠷ ᠲᠡᠰ ᠪᠠ ᠬᠤᠶᠠᠳᠤᠭᠠᠷ ᠲᠡᠰ ᠤᠨ ᠱᠠᠩᠨᠠᠯ ᠢᠶᠠᠷ ᠡᠩᠭᠡᠷ ᠢᠶᠠᠨ ᠮᠢᠯᠢᠶᠠᠯᠭᠠᠵᠤ ᠶᠠᠪᠤᠵᠠᠢ᠃ 2024 ᠤᠨ ᠳᠤ᠂ ︽ᠪᠢᠯᠬᠠᠭ᠎ᠠ︾ ᠴᠠᠭᠠᠨ ᠢᠳᠡᠭᠡᠨ ᠤ ᠲᠡᠯᠭᠡᠭᠦᠷ ᠨᠢ ᠰᠢᠨ᠎ᠡ ᠨᠢᠭᠡ ᠡᠭᠡᠯᠵᠢ ᠶᠢᠨ ᠰᠢᠯᠢ ᠶᠢᠨ ᠭᠤᠤᠯ ᠴᠠᠭᠠᠨ ᠢᠳᠡᠬᠡᠨ ᠤ ᠤᠷᠤᠨ ᠪᠦᠰᠡ ᠶᠢᠨ ᠨᠡᠶᠢᠳᠡ ᠶᠢᠨ ᠬᠡᠷᠡᠭᠯᠡᠭᠡᠨ ᠤ ᠲᠦᠷᠦᠯ ᠲᠡᠮᠳᠡᠭ ᠪᠠ ᠭᠠᠵᠠᠷ ᠵᠦᠢ ᠶᠢᠨ ᠢᠯᠡᠷᠬᠡᠶᠢᠯᠡᠯᠳᠤ ᠲᠠᠸᠠᠷ ᠤᠨ ᠲᠡᠮᠳᠡᠭ ᠤᠨ ᠡᠷᠬᠡ ᠶᠢ ᠤᠯᠵᠤ᠂ ᠤᠳᠤ ᠵᠢᠯ ᠤᠨ ᠴᠡᠪᠡᠷ ᠤᠷᠤᠯᠭ᠎ᠠ ᠨᠢ 10 ᠲᠦᠮᠡ ᠶᠢ ᠲᠠᠪᠠᠵᠦ᠂ ᠴᠠᠭᠠᠨ ᠢᠳᠡᠬᠡᠨ ᠨᠢ ᠱᠠᠨᠳᠦ᠋ᠩ᠂ ᠱᠠᠩᠬᠠᠶ᠂ ᠰᠧᠴᠤᠸᠠᠨ᠂ ᠾᠧᠪᠧᠶ ᠵᠡᠷᠭᠡ ᠮᠤᠵᠢ ᠬᠤᠲᠠ ᠳᠤ ᠬᠦᠷᠲᠡᠯ᠎ᠡ ᠪᠤᠷᠤᠯᠠᠭᠤᠯᠤᠭᠳᠠᠵᠤ᠂ ᠬᠡᠷᠡᠭᠯᠡᠭᠴᠢᠳ ᠎ ᠤᠨ  ᠬᠠᠯᠠᠭᠤᠨ ᠬᠦᠷᠢᠶᠡᠯᠡᠯ ᠢ ᠤᠯᠵᠤ ᠪᠤᠢ᠃ ︽ᠡᠳᠡᠨ ᠤ ᠬᠤᠷᠤᠳ ᠨᠢ ᠬᠥᠪᠡᠭᠡᠲᠦ ᠰᠢᠷ᠎ᠠ ᠬᠤᠰᠢᠭᠤᠨ ᠳᠤ ᠨᠡᠯᠢᠶᠡᠳ ᠨᠡᠷᠡᠳᠡᠢ︔ ᠪᠢ ᠬᠥᠬᠡᠬᠤᠲᠠ ᠳᠠᠭᠠᠨ ᠪᠤᠴᠠᠪᠠᠯ ᠡᠳᠡᠨ ᠤ ᠬᠢ ᠠᠴᠠ ᠬᠤᠷᠤᠳ ᠬᠤᠳᠠᠯᠳᠤᠨ ᠠᠪᠴᠤ ᠲᠦᠷᠦᠯ ᠰᠠᠳᠤᠨ ᠨᠠᠶᠢᠵᠠ ᠨᠥᠬᠦᠳ ᠲᠡᠭᠡᠨ ᠦᠭᠳᠡᠭ︔ ᠢᠯᠠᠩᠭᠤᠶ᠎ᠠ ᠮᠢᠨᠦ ᠡᠵᠢ ᠡᠳᠡᠨ ᠤ ᠬᠤᠷᠤᠳ ᠪᠠ ᠴᠣᠷ᠎ᠡ ᠶᠢ ᠢᠳᠡᠬᠦ ᠳᠤᠷᠠᠲᠠᠶ ᠪᠠᠶᠢᠳᠠᠭ︾ ᠭᠡᠵᠦ ᠬᠡᠷᠡᠭᠯᠡᠭᠴᠢ ᠸᠠᠩ ᠬᠤᠤ ᠶᠠᠷᠢᠯ᠎ᠠ᠃      ᠰᠤᠶᠤᠯᠴᠢᠮᠡᠭ 2021 ᠣᠨ ᠳᠤ ᠬᠥᠪᠡᠭᠡᠲᠦ ᠰᠢᠷ᠎ᠠ ᠬᠤᠰᠢᠭᠤᠨ ᠤ ᠴᠠᠭᠠᠨ ᠢᠳᠡᠭᠡᠨ ᠤ ᠠᠵᠣ ᠦᠢᠯᠡᠰ ᠢ ᠲᠦᠯᠬᠢᠨ ᠠᠬᠢᠭᠤᠯᠣᠬᠴᠢ ᠪᠠᠷ ᠦᠨᠡᠯᠡᠭᠳᠡᠵᠦ᠂ 2022 ᠣᠨ ᠳᠤ ᠬᠤᠰᠢᠭᠤ  ᠲᠠᠰ ᠤᠨ ᠴᠠᠭᠠᠨ ᠢᠳᠡᠭᠡᠨ ᠤ ᠪᠣᠳᠠᠰ ᠤᠨ ᠪᠤᠰᠤ ᠰᠣᠶᠣᠯ ᠤᠨ ᠥᠪ ᠤᠨ ᠤᠯᠠᠮᠵᠢᠯᠠᠭᠴᠢ ᠪᠠᠷ ᠰᠣᠩᠭᠤᠬᠳᠠᠬᠰᠠᠨ ᠪᠠᠶᠢᠨ᠎ᠠ᠃ ︽ᠬᠤᠵᠢᠮ ᠬᠤᠶᠢᠰᠢᠳᠠ ᠲᠢᠺ ᠲᠣᠺ᠂ ᠬᠤᠷᠳᠣᠨ ᠭᠠᠷ ᠲᠡᠬᠡᠷ᠎ᠡ ᠰᠢᠭᠤᠳ ᠨᠡᠪᠳᠡᠷᠡᠬᠦᠯᠬᠡ ᠬᠢᠬᠦ ᠪᠠᠷ ᠲᠠᠮᠵᠢᠨ ᠨᠡᠩ ᠣᠯᠠᠨ ᠬᠦᠮᠣᠨ ᠳᠤ ᠴᠠᠭᠠᠨ  ᠢᠳᠡᠭᠡᠨ ᠢᠶᠠᠨ ᠲᠠᠨᠢᠭᠤᠯᠵᠤ᠂ ᠪᠣᠷᠣᠯᠠᠭᠤᠯᠭ᠎ᠠ ᠪᠠᠨ ᠦᠷᠬᠡᠳᠬᠡᠶ᠎ᠠ ᠬᠡᠵᠣ ᠪᠣᠳᠣᠵᠣ ᠪᠠᠶᠢᠨ᠎ᠠ︾ ᠭᠡᠵᠤ ᠰᠣᠶᠣᠯᠴᠢᠮᠡᠭ ᠶᠠᠷᠢᠯ᠎ᠠ᠃
 
ᠢᠷᠡᠯᠲᠡ᠄ ᠬᠦᠪᠡᠭᠡᠲᠦ ᠰᠢᠷ᠎ᠠ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号