ᠡᠷᠴᠢ ᠵᠤᠷᠢᠭ ᠢ ᠬᠦᠪᠴᠢᠯᠡᠭᠰᠡᠨ ᠠᠮᠵᠢᠯᠳᠠ ᠲᠦᠭᠦᠷᠡᠩ ᠬᠤᠷᠠᠯᠳᠤᠭᠠᠨ
ᠨᠡᠶᠢᠲᠡᠯᠡᠭᠰᠡᠨ ᠴᠠᠭ᠄
2024/4/22
     ᠤᠷᠴᠢᠮᠬᠠᠨ ᠤᠷᠤᠨ ᠤ ᠲᠦᠪ ᠬᠦᠬᠡᠬᠤᠳᠠ ᠳᠤ ᠦᠪᠦᠷ ᠮᠤᠩᠭᠤᠯ ᠤᠨ ᠮᠤᠷᠢᠳᠤ ᠴᠡᠷᠢᠭ ᠤᠨ ᠬᠤᠪᠢᠰᠬᠠᠯᠳᠤ ᠲᠡᠤᠭᠡ ᠶᠢᠨ ᠰᠤᠳᠤᠯᠭᠠᠨ ᠤ ᠨᠡᠶᠢᠭᠡᠮᠯᠢᠭ ᠨᠢ ᠦᠪᠤᠷ ᠮᠤᠩᠭᠤᠯ ᠤᠨ ᠦᠪᠡᠷᠳᠡᠭᠡᠨ ᠵᠠᠰᠠᠬᠤ ᠵᠠᠰᠠᠭ ᠤᠨ ᠤᠷᠳᠤᠨ ᠪᠠᠶᠢᠭᠤᠯᠤᠬᠳᠠᠬᠰᠡᠨ 77 ᠵᠢᠯ ᠤᠨ ᠤᠢ ᠶᠢ ᠲᠤᠷᠠᠰᠬᠠᠨ ᠶᠠᠷᠢᠯᠴᠠᠬᠤ ᠬᠤᠷᠠᠯ ᠢ ᠬᠤᠷᠠᠯᠳᠤᠭᠤᠯᠪᠠ᠃ ᠬᠤᠷᠠᠯ ᠳᠤ ᠤᠷᠢᠯᠭ᠎ᠠ ᠪᠠᠷ  ᠤᠯᠠᠨ ᠤᠳᠤᠷᠢᠳᠤᠯᠭ᠎ᠠ ᠪᠠ ᠶᠡᠭᠡ ᠰᠤᠷᠭᠠᠭᠤᠯᠢ ᠶᠢᠨ ᠫᠷᠤᠹᠧᠰᠰᠤᠷ᠂ ᠰᠤᠳᠤᠯᠭᠠᠨ ᠤ ᠨᠡᠶᠢᠭᠡᠮᠯᠢᠭ ᠤᠨ ᠤᠳᠤᠷᠢᠳᠤᠯᠭ᠎ᠠ᠂ ᠬᠡᠰᠡᠭ ᠮᠤᠷᠢᠳᠤ ᠴᠡᠷᠢᠭ ᠤᠨ ᠬᠤᠶᠢᠴᠢᠰ ᠨᠡᠶᠢᠳᠡ 130 ᠭᠠᠷᠤᠢ ᠬᠦᠮᠦᠨ ᠤᠷᠤᠯᠴᠠᠬᠰᠡᠨ ᠪᠠᠶᠢᠨ᠎ᠠ᠃      ᠲᠤᠰ ᠤᠳᠠᠭᠠᠨ ᠤ ᠬᠤᠷᠠᠯᠳᠤᠭᠠᠨ ᠳᠤ ᠬᠦᠪᠡᠭᠡᠳᠤ ᠰᠢᠷ᠎ᠠ ᠬᠤᠰᠢᠭᠤ ᠪᠠᠨ ᠲᠦᠯᠤᠭᠡᠯᠡᠵᠦ᠂ ᠦᠪᠦᠷ ᠮᠤᠩᠭᠤᠯ ᠤᠨ ᠮᠤᠷᠢᠳᠤ ᠴᠡᠷᠢᠭ ᠤᠨ ᠬᠤᠪᠢᠰᠬᠠᠯᠳᠤ ᠲᠡᠤᠭᠡ ᠶᠢᠨ ᠰᠤᠳᠤᠯᠭᠠᠨ ᠤ ᠨᠡᠶᠢᠭᠡᠮᠯᠢᠭ ᠤᠨ ᠭᠡᠰᠢᠬᠦᠨ᠂ ᠤᠷᠤᠨ ᠨᠤᠳᠤᠭ ᠤᠨ ᠲᠡᠤᠭᠡ ᠰᠤᠳᠤᠯᠤᠭᠠᠴᠢ ᠭᠤ·ᠪᠤᠶᠠᠠᠳᠤᠬᠳᠠᠬᠤ᠂ ᠬᠦᠪᠡᠭᠡᠳᠤ ᠰᠢᠷ᠎ᠠ ᠬᠤᠰᠢᠭᠤᠨ ᠤ ᠮᠤᠷᠢᠳᠤ ᠴᠡᠷᠢᠭ ᠤᠨ ᠬᠤᠶᠢᠴᠢᠰ ᠤᠨ ᠬᠤᠯᠪᠤᠭᠠᠨ ᠤ ᠨᠠᠷᠢᠨ ᠪᠢᠴᠢᠭ ᠤᠨ ᠲᠠᠷᠤᠭ᠎ᠠ ᠰᠠᠩᠷᠤᠪ ᠵᠡᠷᠭᠡ ᠵᠢᠷᠭᠤᠭᠠᠨ ᠬᠦᠮᠦᠰ ᠤᠷᠤᠯᠴᠠᠵᠦ᠂ ᠭᠤ·ᠪᠤᠶᠠᠠᠳᠤᠬᠳᠠᠬᠤ ᠭᠤᠸᠠᠢ ᠠᠬᠤᠢ ᠲᠠᠯᠠᠪᠠᠢ ᠳᠤ ︽ᠲᠤᠮᠳᠠᠳᠤ ᠤᠯᠤᠰ ᠤᠨ ᠠᠷᠠᠳ ᠤᠨ ᠴᠢᠯᠤᠭᠡᠯᠡᠬᠦ ᠴᠡᠷᠢᠭ ᠤᠨ ᠦᠪᠦᠷ ᠮᠤᠩᠭᠤᠯ ᠤᠨ ᠮᠤᠷᠢᠳᠤ ᠴᠡᠷᠢᠭ ᠤᠨ ᠲᠦᠷᠪᠡᠳᠤᠭᠡᠷ ᠳ᠋ᠢᠸᠢᠽᠢ ᠶᠢᠨ ᠬᠡᠳᠤ ᠤᠳᠠᠭᠠᠨ ᠤ ᠲᠤᠮᠤᠬᠠᠨ ᠪᠠᠶᠢᠯᠳᠤᠭᠠᠨ ᠢ ᠲᠤᠪᠴᠢᠯᠠᠨ ᠲᠠᠨᠢᠯᠴᠠᠭᠤᠯᠬᠤ ᠨᠢ︾ ᠭᠡᠭᠦ ᠭᠠᠷᠴᠠᠭ ᠲᠠᠢ ᠶᠠᠷᠢᠶ᠎ᠠ ᠢᠯᠡᠳᠬᠡᠯ ᠬᠢᠵᠦ᠂ ᠠᠬᠤᠢ ᠲᠠᠯᠠᠪᠠᠢ ᠳᠤ ᠮᠤᠷᠢᠯᠠᠨ ᠰᠠᠭᠠᠳᠠᠬᠰᠡᠨ ᠬᠡᠶᠢᠴᠢᠳ ᠵᠤᠴᠢᠳ ᠤᠨ ᠬᠠᠯᠠᠭᠤᠨ ᠬᠦᠷᠢᠶᠡᠯᠡᠯ ᠢ ᠤᠯᠵᠠᠢ᠃      1946 ᠤᠨ ᠠᠴᠠ 1949 ᠤᠨ ᠤ ᠬᠤᠭᠤᠷᠤᠨᠳᠤ᠂ ᠲᠤᠬᠠᠢ ᠶᠢᠨ ᠦᠶ᠎ᠡ ᠳᠤ 9000 ᠰᠢᠬᠠᠮ ᠬᠦᠮᠦᠨ ᠠᠮᠠ ᠲᠠᠢ ᠪᠠᠶᠢᠬᠰᠡᠨ ᠬᠦᠪᠡᠭᠡᠳᠤ ᠰᠢᠷ᠎ᠠ ᠬᠤᠰᠢᠭᠤᠨ ᠠᠴᠠ 500 ᠭᠠᠷᠤᠢ ᠵᠠᠯᠠᠭᠤᠴᠤᠳ ᠮᠤᠷᠢᠳᠤ ᠴᠡᠷᠢᠭ ᠤᠨ ᠠᠩᠬᠢ ᠳᠤ ᠤᠷᠤᠯᠴᠠᠨ᠂ ᠡᠭᠡ ᠤᠯᠤᠰ᠂ ᠨᠤᠳᠤᠭ ᠤᠷᠤᠨ ᠢᠶᠠᠨ ᠴᠢᠯᠤᠭᠡᠯᠡᠬᠦ ᠶᠢᠨ ᠲᠦᠯᠤᠭᠡ ᠵᠠᠭᠤᠭᠠᠳ ᠪᠠᠭᠠᠳᠤᠷᠴᠤᠳ ᠪᠡᠶ᠎ᠡ ᠦᠷᠡᠭᠳᠡᠭᠰᠡᠨ ᠢ ᠲᠡᠤᠭᠡ ᠶᠢᠨ ᠬᠡᠷᠡᠭ ᠶᠠᠪᠤᠳᠠᠯ ᠭᠡᠷᠡᠴᠢᠯᠡᠵᠦ ᠪᠠᠶᠢᠳᠠᠭ᠃ ᠲᠡᠤᠭᠡᠨ ᠲᠡᠭᠡᠷ᠎ᠡ ᠨᠡᠷ᠎ᠡ ᠨᠦᠯᠦᠭᠡ ᠲᠠᠢ ᠴᠠᠭᠠᠨ ᠡᠷᠬᠢ ᠶᠢᠨ ᠪᠠᠶᠢᠯᠳᠤᠭᠠᠨ ᠨᠢ ᠬᠦᠪᠡᠭᠡᠳᠤ ᠰᠢᠷ᠎ᠠ ᠬᠤᠰᠢᠭᠤᠨ ᠳᠤ ᠪᠤᠯᠵᠦ ᠪᠠᠶᠢᠬᠰᠡᠨ ᠶᠤᠮ᠃ ᠴᠠᠭᠠᠨ ᠡᠷᠭᠢ ᠶᠢᠨ ᠪᠠᠶᠢᠯᠳᠤᠭᠠᠨ ᠪᠤᠯ ᠴᠢᠯᠦᠭᠡᠯᠡᠬᠦ ᠳᠠᠶᠢᠨ ᠤ ᠦᠶ᠎ᠡ ᠳᠤ ᠬᠦᠪᠡᠭᠡᠲᠤ ᠰᠢᠷ᠎ᠠ ᠬᠤᠰᠢᠭᠤᠨ ᠤ ᠤᠷᠤᠨ ᠨᠤᠲᠤᠭ ᠤᠨ ᠵᠡᠪᠰᠡᠭᠲᠦ ᠠᠩᠭᠢ ᠨᠢ ᠦᠪᠤᠷ ᠮᠤᠩᠭᠤᠯ ᠤᠨ ᠮᠤᠷᠢᠲᠤ ᠴᠡᠷᠢᠭ ᠤᠨ 11 ᠳ᠋ᠦ᠋ᠭᠡᠷ ᠳ᠋ᠢᠸᠢᠽᠢ ᠪᠤᠯᠤᠨ ᠱᠠᠩᠳᠤ᠂ ᠬᠤᠸᠠᠳᠧ᠂ ᠺᠠᠩᠪᠤᠤ ᠭᠤᠷᠪᠠᠨ ᠰᠢᠶᠠᠨ ᠤ ᠬᠤᠯᠪᠤᠭᠠᠲᠤ ᠶᠡᠭᠡ ᠠᠩᠭᠢ ᠶᠢᠨ ᠬᠦᠴᠦᠲᠠᠢ ᠳᠡᠮᠵᠢᠯᠭᠡ ᠳᠤᠤᠷ᠎ᠠ ᠬᠢᠭᠰᠡᠨ ᠨᠢᠭᠡᠨ ᠤᠳᠠᠭᠠᠨ ᠤ ᠴᠢᠬᠤᠯᠠ ᠪᠠᠶᠢᠯᠳᠤᠭᠠᠨ ᠶᠤᠮ᠃ ᠮᠦᠨ ᠴᠤ ᠮᠤᠩᠭᠤᠯ ᠬᠢᠲᠠᠳ ᠦᠨᠳᠦᠰᠦᠲᠡᠨ ᠤ ᠴᠡᠷᠢᠭ ᠠᠷᠠᠳ ᠮᠦᠷᠦ ᠵᠡᠷᠭᠡᠴᠡᠨ ᠪᠠᠶᠢᠯᠳᠤᠵᠤ᠂ ᠠᠤᠭ᠎ᠠ ᠢᠯᠠᠯᠲᠠ ᠤᠯᠤᠭᠰᠠᠨ ᠲᠡᠦᠬᠡᠨ ᠵᠢᠱᠢᠶ᠎ᠡ ᠪᠤᠯᠬᠤ ᠶᠤᠮ᠃ ᠲᠤᠰ ᠤᠳᠠᠭᠠᠨ ᠤ ᠪᠠᠶᠢᠯᠳᠤᠭᠠᠨ ᠨᠢ ᠭᠤᠮᠢᠨᠳᠠᠩ ᠤᠨ ᠳᠡᠷᠰᠯᠡᠭᠦᠴᠤᠳ ᠪᠤᠯᠤᠨ ᠲᠡᠭᠦᠨ ᠤ ᠭᠠᠷ ᠬᠦᠯ ᠪᠤᠯᠤᠭᠴᠢᠳ ᠤᠨ ᠬᠠᠯᠳᠠᠯᠭ᠎ᠠ ᠲᠦᠷᠢᠮᠡᠬᠡᠶᠢᠯᠡᠯ ᠢ ᠴᠤᠬᠢᠨ ᠤᠬᠤᠷᠢᠭᠤᠯᠵᠤ᠂ ᠤᠷᠤᠨ ᠨᠤᠲᠤᠭ ᠤᠨ ᠬᠤᠪᠢᠰᠬᠠᠯ ᠤᠨ ᠰᠠᠭᠤᠷᠢᠨ ᠭᠠᠵᠠᠷ ᠢᠶᠠᠨ ᠬᠦᠴᠦᠲᠠᠢ ᠬᠠᠮᠠᠭᠠᠯᠠᠵᠤ᠂ ᠪᠤᠳᠠᠲᠤ ᠠᠵᠢᠯᠯᠠᠭ᠎ᠠ ᠪᠠᠷ ᠢᠶᠠᠨ ᠪᠦᠬᠦ ᠤᠯᠤᠰ ᠤᠨ ᠴᠢᠯᠦᠭᠡᠯᠡᠬᠦ ᠳᠠᠶᠢᠨ ᠢ ᠳᠡᠮᠵᠢᠬᠦ ᠲᠠᠯ᠎ᠠ ᠪᠠᠷ ᠴᠢᠬᠤᠯᠠ ᠦᠢᠯᠡᠳᠦᠯ ᠦᠵᠡᠭᠦᠯᠦᠭᠰᠡᠨ ᠶᠤᠮ᠃
 
ᠢᠷᠡᠯᠲᠡ᠄ ᠬᠦᠪᠡᠭᠡᠲᠦ ᠰᠢᠷ᠎ᠠ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号