ᠬᠥᠪᠡᠭᠡᠲᠦ ᠰᠢᠷ᠎ᠠ ᠬᠤᠰᠢᠭᠤᠨ ᠤ 2024 ᠣᠨ ᠤ ᠪᠥᠬᠦ ᠠᠷᠠᠳ ᠤᠨ ᠠᠯᠪᠠᠨ ᠵᠢᠷᠤᠮ ᠤᠨ ᠮᠣᠳᠣ ᠲᠠᠷᠢᠬᠤ ᠰᠠᠨᠠᠭᠠᠴᠢᠯᠠᠭ᠎ᠠ ᠶᠢᠨ ᠪᠢᠴᠢᠭ
ᠨᠡᠶᠢᠲᠡᠯᠡᠭᠰᠡᠨ ᠴᠠᠭ᠄
2024/4/23
ᠥᠷᠭᠡᠨ ᠤᠯᠠᠨ ᠮᠠᠯᠴᠢᠨ ᠲᠦᠮᠡᠨ ᠪᠠ ᠨᠡᠶᠢᠭᠡᠮ ᠤᠨ ᠡᠯ᠎ᠡ ᠡᠲᠡᠭᠡᠳ ᠤᠨ ᠬᠢᠨ ᠳᠤ᠄      ᠨᠤᠲᠤᠭ ᠤᠰᠤᠨ ᠤ ᠪᠠᠨ ᠠᠮᠢ ᠠᠬᠤᠢ ᠣᠷᠴᠢᠨ ᠲᠣᠭᠤᠷᠢᠨ ᠤ ᠬᠠᠶᠢᠷᠠᠯᠠᠨ ᠬᠠᠮᠠᠭᠠᠯᠠᠵᠤ᠂ ᠮᠣᠳᠣ ᠲᠠᠷᠢᠵᠤ ᠣᠶᠢᠵᠢᠭᠤᠯᠤᠨ ᠨᠣᠭᠤᠭᠠᠷᠠᠭᠤᠯᠬᠤ ᠠᠵᠢᠯ ᠶᠢ ᠰᠠᠶᠢᠲᠤᠷ ᠬᠢᠬᠦ ᠪᠣᠯ ᠪᠢᠳᠡ ᠪᠥᠬᠦᠨ ᠤ ᠬᠠᠮᠲᠤ ᠶᠢᠨ ᠡᠭᠦᠷᠭᠡ ᠬᠠᠷᠢᠭᠤᠴᠠᠯᠭ᠎ᠠ ᠮᠥᠨ᠃ ᠬᠠᠪᠤᠷ ᠤᠨ ᠤᠯᠠᠷᠢᠯ ᠪᠣᠯ ᠮᠣᠳᠣ ᠲᠠᠷᠢᠵᠤ ᠣᠶᠢᠵᠢᠭᠤᠯᠬᠤ ᠠᠵᠢᠯ ᠢ ᠬᠢᠬᠦ ᠬᠠᠮᠤᠭ ᠤᠨ ᠲᠣᠬᠢᠷᠠᠮᠵᠢᠲᠠᠢ ᠴᠠᠭ ᠬᠤᠭᠤᠴᠠᠭ᠎ᠠ ᠤᠴᠢᠷ ᠠᠴᠠ ᠬᠤᠰᠢᠭᠤ ᠣᠢ ᠰᠢᠭᠤᠢ ᠪᠠ ᠨᠤᠲᠤᠭ ᠪᠡᠯᠴᠢᠭᠡᠷ ᠤᠨ ᠲᠣᠪᠴᠢᠶ᠎ᠠ ᠎ ᠨᠢ ᠪᠥᠬᠦ ᠬᠤᠰᠢᠭᠤᠨ ᠤ ᠥᠷᠭᠡᠨ ᠣᠯᠠᠨ ᠮᠠᠯᠴᠢᠨ ᠲᠦᠮᠡᠨ ᠪᠠ ᠨᠡᠶᠢᠭᠡᠮ ᠤᠨ ᠡᠯ᠎ᠡ ᠡᠲᠡᠭᠡᠳ ᠤᠨ ᠬᠢᠨ ᠳᠤ ᠳᠣᠣᠷᠠᠬᠢ ᠮᠡᠲᠦ ᠰᠠᠨᠠᠭᠠᠴᠢᠯᠠᠭ᠎ᠠ ᠭᠠᠷᠭᠠᠶ᠎ᠠ᠄      ᠨᠢᠭᠡ᠂ ᠴᠢᠬᠢ ᠮᠣᠳᠣ ᠬᠠᠩᠭᠠᠬᠤ᠄ ᠬᠤᠰᠢᠭᠤ ᠣᠢ ᠰᠢᠭᠤᠢ ᠪᠠ ᠨᠤᠲᠤᠭ ᠪᠡᠯᠴᠢᠭᠡᠷ ᠤᠨ ᠲᠣᠪᠴᠢᠶ᠎ᠠ ᠨᠢ ᠴᠢᠬᠢ ᠮᠣᠳᠣ ᠶᠢ ᠦᠨ᠎ᠡ ᠲᠥᠯᠥᠪᠦᠷᠢ ᠦᠭᠡᠢ ᠬᠠᠩᠭᠠᠬᠤ ᠪᠠᠷ ᠪᠠᠶᠢᠨ᠎ᠠ᠃ ᠬᠠᠩᠭᠠᠬᠤ ᠴᠢᠬᠢ ᠮᠣᠳᠣᠨ ᠤ ᠲᠥᠷᠥᠯ ᠵᠦᠢᠯ ᠳᠤ᠄ ᠴᠠᠭᠠᠨ ᠬᠠᠷᠭᠠᠨ᠎ᠠ᠂ ᠬᠠᠶᠢᠯᠠᠰᠤ᠂ ᠲᠡᠰᠬᠢ ᠵᠡᠷᠭᠡ ᠭᠤᠷᠪᠠᠨ ᠲᠥᠷᠥᠯ ᠤᠨ ᠴᠢᠬᠢ ᠮᠣᠳᠣ ᠪᠠᠭᠲᠠᠨ᠎ᠠ᠃ ᠴᠢᠬᠢ ᠮᠣᠳᠣ ᠬᠠᠩᠭᠠᠬᠤ ᠲᠤᠭ᠎ᠠ ᠬᠡᠮᠵᠢᠶ᠎ᠡ ᠶᠢ ᠵᠠᠷᠴᠢᠮ ᠳᠡᠭᠡᠷ᠎ᠡ ᠪᠠᠨ ᠨᠢᠭᠡ ᠡᠷᠦᠬᠡ ᠳᠤ 300 ᠰᠠᠭᠤᠷᠢ ᠠᠴᠠ ᠢᠯᠡᠭᠦᠦ ᠣᠯᠭᠤᠬᠤ ᠦᠭᠡᠢ᠃ ᠮᠣᠳᠣ ᠲᠠᠷᠢᠵᠤ ᠣᠶᠢᠵᠢᠭᠤᠯᠤᠯᠲᠠ ᠬᠢᠬᠦ ᠨᠥᠬᠦᠴᠡᠯ ᠲᠠᠢ ᠪᠥᠭᠡᠳ ᠢᠳᠡᠪᠬᠢᠵᠢᠯ ᠢᠶᠠᠷ ᠰᠠᠶᠢᠨ ᠮᠠᠯᠴᠢᠳ ᠪᠤᠶᠤ ᠨᠢᠭᠡᠨᠲᠡ ᠲᠠᠷᠢᠵᠤ ᠣᠶᠢᠵᠢᠭᠤᠯᠤᠭᠠᠳ ᠢᠯᠡᠳᠲᠡ ᠦᠷ᠎ᠡ ᠪᠦᠲᠦᠮᠵᠢ ᠣᠯᠣᠭᠰᠠᠨ ᠮᠠᠯᠴᠢᠨ ᠡᠷᠦᠬᠡ ᠳᠤ ᠲᠤᠭ᠎ᠠ ᠬᠡᠮᠵᠢᠶ᠎ᠡ ᠶᠢ ᠵᠣᠬᠢᠰᠲᠠᠢ ᠪᠠᠷ ᠨᠡᠮᠡᠵᠦ ᠣᠯᠭᠤᠨ᠎ᠠ᠃      ᠬᠤᠶᠠᠷ᠂ ᠲᠠᠷᠢᠬᠤ ᠭᠠᠵᠠᠷ ᠢ ᠰᠣᠩᠭᠤᠬᠤ᠄ ᠭᠡᠷ ᠤᠨ ᠢᠶᠠᠨ ᠡᠷᠭᠢᠨ ᠲᠣᠭᠤᠷᠢᠨ᠂ ᠬᠦᠨᠳᠦ ᠨᠣᠴᠢᠲᠠᠢ ᠡᠯᠡᠰᠦᠷᠭᠡᠭᠵᠢᠵᠦ ᠲᠠᠴᠢᠷᠰᠢᠭᠰᠠᠨ ᠭᠠᠵᠠᠷ ᠣᠷᠣᠨ᠂ ᠭᠤᠤ ᠵᠢᠯᠠᠭ᠎ᠠ ᠪᠤᠶᠤ ᠡᠯᠡᠰᠦᠷᠬᠡᠭ ᠭᠠᠵᠠᠷ᠂ ᠭᠠᠴᠠᠭᠠᠨ ᠤ ᠬᠠᠮᠲᠤ ᠶᠢᠨ ᠣᠶᠢᠵᠢᠭᠤᠯᠤᠭᠰᠠᠨ ᠭᠠᠵᠠᠷ ᠪᠤᠶᠤ ᠣᠶᠢᠵᠢᠭᠤᠯᠬᠤ ᠳᠤ ᠲᠣᠬᠢᠷᠠᠮᠵᠢᠲᠠᠢ ᠭᠠᠵᠠᠷ ᠢ ᠰᠣᠩᠭᠤᠨ ᠮᠣᠳᠣ ᠲᠠᠷᠢᠨ᠎ᠠ᠃      ᠭᠤᠷᠪᠠ᠂ ᠮᠡᠷᠭᠡᠵᠢᠯ ᠤᠨ ᠪᠠᠲᠤᠯᠠᠭ᠎ᠠ᠄ ᠬᠤᠰᠢᠭᠤ ᠣᠢ ᠰᠢᠭᠤᠢ ᠪᠠ ᠨᠤᠲᠤᠭ ᠪᠡᠯᠴᠢᠭᠡᠷ ᠤᠨ ᠲᠣᠪᠴᠢᠶ᠎ᠠ ᠨᠢ ᠦᠨ᠎ᠡ ᠲᠥᠯᠥᠪᠦᠷᠢ ᠦᠭᠡᠢ ᠪᠠᠷ ᠮᠣᠳᠣ ᠲᠠᠷᠢᠬᠤ ᠮᠡᠷᠭᠡᠵᠢᠯ ᠤᠨ ᠦᠢᠯᠡᠴᠢᠯᠡᠭᠡ ᠪᠠ ᠵᠢᠯᠣᠭᠤᠳᠤᠯᠭ᠎ᠠ ᠶᠢ ᠬᠠᠩᠭᠠᠨ᠎ᠠ᠃ ᠮᠠᠨ ᠤ ᠲᠣᠪᠴᠢᠶ᠎ᠠ ᠨᠢ ︽ᠮᠣᠳᠣ ᠲᠠᠷᠢᠬᠤ ᠮᠡᠷᠭᠡᠵᠢᠯ ᠤᠨ ᠲᠤᠬᠠᠢ ᠵᠢᠯᠣᠭᠤᠳᠤᠮᠵᠢ︾᠎ ᠶᠢᠨ ᠭᠠᠷ ᠠᠪᠤᠯᠭ᠎ᠠ ᠶᠢᠨ ᠮᠠᠲ᠋ᠧᠷᠢᠶᠠᠯ ᠢ ᠳᠠᠷᠤᠮᠯᠠᠨ ᠲᠠᠷᠬᠠᠭᠠᠬᠤ ᠶᠢᠨ ᠬᠠᠮᠲᠤ ᠪᠣᠳᠠᠲᠠᠢ ᠭᠠᠵᠠᠷ ᠲᠤ ᠨᠢ ᠬᠦᠷᠴᠦ ᠮᠡᠷᠭᠡᠵᠢᠯ ᠤᠨ ᠵᠢᠯᠣᠭᠤᠳᠤᠯᠭ᠎ᠠ ᠬᠠᠩᠭᠠᠨ᠎ᠠ᠃      ᠳᠥᠷᠪᠡ᠂ ᠮᠣᠳᠣ ᠲᠠᠷᠢᠬᠤ ᠴᠠᠭ ᠬᠤᠭᠤᠴᠠᠭ᠎ᠠ᠄ 2024  ᠣᠨ ᠤ 4 ᠰᠠᠷ᠎ᠠ ᠶᠢᠨ 15᠎ - 2024  ᠣᠨ ᠤ 5 ᠰᠠᠷ᠎ᠠ ᠶᠢᠨ 10 ᠎ ᠤ  ᠡᠳᠦᠷ         ᠬᠥᠪᠡᠭᠡᠲᠦ ᠰᠢᠷ᠎ᠠ ᠬᠤᠰᠢᠭᠤᠨ ᠤ ᠣᠢ ᠰᠢᠭᠤᠢ ᠪᠠ ᠨᠤᠲᠤᠭ ᠪᠡᠯᠴᠢᠭᠡᠷ ᠤᠨ ᠲᠣᠪᠴᠢᠶ᠎ᠠ                                                                                                 2024  ᠣᠨ ᠤ 4  ᠰᠠᠷ᠎ᠠ ᠶᠢᠨ 11 ᠎ ᠤ ᠡᠳᠦᠷ 
 
ᠢᠷᠡᠯᠲᠡ᠄ ᠬᠦᠪᠡᠭᠡᠲᠦ ᠰᠢᠷ᠎ᠠ ᠬᠤᠰᠢᠭᠤᠨ ᠤ ᠣᠢ ᠰᠢᠭᠤᠢ ᠪᠠ ᠨᠤᠲᠤᠭ ᠪᠡᠯᠴᠢᠭᠡᠷ ᠤᠨ ᠲᠣᠪᠴᠢᠶ᠎ᠠ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号