4 ᠰᠠᠷ᠎ᠠ ᠶᠢᠨ 22 ᠤ ᠡᠳᠦᠷ᠂ ᠬᠦᠪᠡᠭᠡᠲᠦ ᠰᠢᠷ᠎ᠠ ᠬᠤᠰᠢᠭᠤᠨ ᠤ ᠴᠡᠷᠢᠭ ᠤᠨ ᠠᠯᠪᠠ ᠠᠴᠠ | ᠬᠠᠯᠠᠭᠳᠠᠭᠰᠠᠳ ᠤᠨ ᠭᠡᠷᠡᠭ ᠡᠷᠬᠢᠯᠡᠬᠦ ᠳᠣᠪᠴᠢᠶ᠎ᠠ ᠨᠢ ᠬᠤᠰᠢᠭᠤᠨ ᠤ ᠨᠢᠭᠡᠳᠦᠭᠡᠷ ᠪᠠᠭ᠎ᠠ ᠰᠣᠷᠭᠠᠭᠤᠯᠢ ᠳᠤ ᠬᠦᠷᠴᠣ | ︽ᠬᠤᠪᠢᠰᠬᠠᠯᠲᠤ ᠪᠠᠭᠠᠲᠤᠷᠴᠤᠳ ᠢᠶᠠᠨ ᠳᠤᠷᠠᠰᠤᠨ ᠰᠠᠨᠠᠭᠠᠯᠵᠠᠵᠤ᠂ ᠤᠯᠤᠰ ᠢᠶᠠᠨ ᠬᠠᠶᠢᠷᠠᠯᠠᠬᠤ ᠵᠣᠷᠢᠭ ᠰᠠᠨᠠᠭ᠎ᠠ ᠶᠢ | ᠪᠠᠳᠠᠷᠠᠭᠤᠯᠣᠶ᠎ᠠ︾ ᠬᠡᠬᠦ ᠬᠤᠶᠠᠷ ᠢ ᠬᠦᠷᠢᠶᠡᠯᠡᠬᠦ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ᠃ | ᠠᠵᠢᠯᠯᠠᠭ᠎ᠠ ᠳᠤ᠂ ᠬᠥᠪᠡᠭᠡᠲᠦ ᠰᠢᠷ᠎ᠠ ᠬᠤᠰᠢᠭᠤᠨ ᠤ ᠠᠬᠠᠮᠠᠳ ᠴᠡᠷᠢᠭ ᠂ ᠤᠬᠠᠭᠤᠯᠤᠨ ᠲᠠᠶᠢᠯᠪᠤᠷᠢᠯᠠᠭᠴᠢ | ᠰᠡᠴᠡᠨᠪᠠᠶᠠᠷ ᠠᠴᠠ ᠠᠪᠤ ᠪᠣᠯᠣᠨ ᠦᠪᠡᠷ ᠤᠨ ᠢᠶᠠᠨ ᠴᠡᠷᠢᠭ ᠲᠤ ᠶᠠᠪᠣᠬᠰᠠᠨ ᠦᠩᠬᠡᠷᠡᠯᠳᠠ᠂ ᠬᠤᠰᠢᠭᠤᠨ ᠤ | ᠬᠤᠪᠢᠰᠬᠠᠯᠳᠣ ᠪᠠᠭᠠᠲᠤᠷᠴᠤᠳ ᠤᠨ ᠢᠷᠠᠭᠤ ᠠᠯᠳᠠᠷᠲᠤ ᠦᠢᠯᠡ ᠠᠵᠢᠯᠯᠠᠭ᠎ᠠ ᠶᠢ ᠰᠤᠷᠤᠭᠴᠢᠳ ᠲᠤ ᠲᠠᠨᠢᠯᠴᠠᠭᠤᠯᠵᠤ | ᠂ ᠥᠨᠥᠳᠦᠷ ᠤᠨ ᠵᠣᠯ ᠵᠢᠷᠭᠠᠯᠲᠤ ᠠᠮᠢᠳᠤᠷᠠᠯ ᠪᠣᠯ ᠡᠳᠡᠭᠡᠷ ᠠᠬᠠᠮᠠᠳ ᠦᠶ᠎ᠡ ᠶᠢᠨ ᠬᠢᠨ ᠤ ᠬᠠᠯᠠᠭᠤᠨ ᠴᠢᠰᠤ ᠪᠠᠨ | ᠤᠷᠤᠰᠬᠠᠨ ᠰᠣᠯᠢᠵᠤ ᠠᠪᠴᠢᠷᠠᠭᠰᠠᠨ ᠲᠤᠯᠠ ᠰᠠᠶᠢᠲᠤᠷ ᠰᠤᠷᠤᠯᠴᠠᠵᠤ ᠢᠷᠡᠭᠡᠳᠦᠢ ᠳᠤ ᠤᠯᠤᠰ | ᠦᠨᠳᠦᠰᠦᠳᠡᠨ ᠳᠡᠭᠡᠨ ᠭᠡᠷᠡᠭᠴᠡᠭᠡ ᠲᠠᠢ ᠬᠦᠮᠦᠨ ᠪᠤᠯᠤᠨ ᠬᠦᠮᠦᠵᠢᠭᠳᠡᠬᠦ ᠶᠢ ᠬᠦᠰᠡᠨ ᠨᠠᠶᠢᠳᠠᠪᠠ᠃ ᠡᠬᠦᠨ ᠤ ᠲᠠᠭᠠᠤ᠂ | ᠬᠤᠰᠢᠭᠤᠨ ᠤ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠭᠡᠷᠡᠭ ᠡᠷᠬᠢᠯᠡᠬᠦ ᠲᠤᠪᠴᠢᠶᠠᠨ ᠤ ᠬᠠᠷᠢᠭᠤᠴᠠᠯᠭᠠᠳᠠᠨ | ᠠᠴᠠ ᠰᠤᠷᠤᠭᠴᠢᠳ ᠲᠤ ᠮᠠᠨ ᠤ ᠬᠤᠰᠢᠭᠤᠨ ᠤ ᠬᠤᠪᠢᠰᠬᠠᠯᠳᠣ ᠦᠷᠡᠭᠳᠡᠭᠰᠡᠨ ᠪᠠᠭᠠᠲᠤᠷ ᠲᠡᠯᠬᠡᠷᠰᠦ᠋ᠷᠣᠩ ᠪᠠ | ᠪᠠᠶᠠᠮ᠎ᠠ ᠶᠢᠨ ᠪᠠᠭᠠᠲᠤᠷᠯᠢᠭ ᠦᠢᠯᠡ ᠠᠵᠢᠯᠯᠠᠭ᠎ᠠ ᠶᠢ ᠲᠠᠨᠢᠯᠴᠠᠭᠤᠯᠵᠤ᠂ ᠰᠤᠷᠤᠭᠴᠢᠳ ᠲᠤ ︽ᠬᠤᠶᠠᠷ ᠢ ᠬᠦᠷᠢᠶᠡᠯᠡᠬᠦ | ︾ ᠠᠵᠢᠯ ᠤᠨ ᠮᠡᠳᠡᠯᠭᠡ ᠶᠢᠨ ᠤᠬᠠᠭᠤᠯᠭ᠎ᠠ ᠶᠢᠨ ᠳᠡᠪᠲᠡᠷ ᠲᠠᠷᠬᠠᠭᠠᠪᠠ᠃ ︽ᠡᠨᠡ ᠬᠢᠴᠢᠶᠠᠯ ᠪᠠᠷ ᠲᠠᠮᠵᠢᠨ ᠮᠠᠨ ᠤ | ᠬᠤᠰᠢᠭᠤᠨ ᠳᠤ ᠦᠷᠡᠭᠳᠡᠭᠰᠠᠨ ᠪᠠᠭᠠᠳᠣᠷ ᠲᠠᠪᠢᠨ ᠬᠤᠶᠡᠷ ᠪᠠᠶᠢᠬᠤ ᠶᠢ ᠮᠡᠳᠡᠭᠰᠠᠨ︔ ᠴᠡᠷᠢᠭ ᠬᠦᠮᠣᠨ ᠢ ᠬᠦᠨᠳᠣᠯᠡᠬᠦ | ᠬᠡᠷᠡᠭᠲᠠᠢ ᠬᠡᠳᠡᠭ ᠢ ᠣᠶᠢᠯᠠᠭᠠᠬᠰᠠᠨ︾ ᠭᠡᠵᠤ ᠰᠣᠷᠣᠬᠴᠢ ᠠᠨᠣ ᠶᠠᠷᠢᠯ᠎ᠠ᠃ | ᠲᠣᠰ ᠤᠳᠠᠭᠠᠨ ᠤ ᠠᠵᠢᠯᠯᠠᠭ᠎ᠠ ᠪᠣᠯ ᠨᠢᠭᠡ ᠤᠳᠠᠭᠠᠨ ᠤ ᠬᠤᠪᠢᠰᠬᠠᠯᠲᠤ ᠤᠯᠠᠮᠵᠢᠯᠠᠯ ᠪᠠ ᠤᠯᠤᠰ ᠢᠶᠠᠨ | ᠬᠠᠶᠢᠷᠠᠯᠠᠬᠤ ᠦᠵᠡᠯ ᠤᠨ ᠬᠥᠮᠦᠵᠢᠯ ᠪᠠᠶᠢᠵᠦ᠂ ᠰᠤᠷᠤᠭᠴᠢᠳ ᠲᠤ ᠥᠨᠥᠳᠦᠷ ᠤᠨ ᠵᠣᠯ ᠵᠢᠷᠭᠠᠯᠲᠤ ᠠᠮᠢᠳᠤᠷᠠᠯ | ᠬᠢᠯᠪᠠᠷ ᠪᠤᠰᠤ ᠪᠠᠷ ᠢᠷᠡᠭᠰᠡᠨ ᠭᠡᠳᠡᠭ ᠢ ᠨᠠᠩ ᠭᠦᠨᠵᠡᠭᠡᠶ ᠣᠶᠢᠯᠠᠭᠠᠭᠤᠯᠵᠤ᠂ ᠰᠤᠷᠤᠭᠴᠢᠳ ᠢ ᠬᠥᠲᠥᠯᠥᠨ | ᠵᠢᠯᠣᠭᠤᠳᠴᠤ ᠪᠠᠶᠢᠭᠠᠳ ᠢᠲᠡᠭᠡᠯ ᠬᠦᠰᠡᠯᠡᠩ ᠲᠠᠢ ᠪᠤᠯᠭᠠᠵᠤ᠂ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ | ᠣᠨᠴᠠᠯᠢᠭ ᠲᠠᠢ ᠨᠡᠶᠢᠭᠡᠮ ᠵᠢᠷᠤᠮ ᠤᠨ ᠦᠢᠯᠡᠰ ᠤᠨ ᠵᠠᠯᠭᠠᠮᠵᠢᠯᠠᠭᠴᠢ ᠪᠣᠯᠬᠤ ᠶᠢ ᠣᠷᠢᠶᠠᠯᠠᠬᠰᠠᠨ ᠪᠠᠶᠢᠨ᠎ᠠ᠃ |