ᠳᠡᠯᠡᠬᠡᠢ ᠶᠢᠨ ᠨᠣᠮ ᠤᠩᠰᠢᠬᠤ ᠡᠳᠦᠷ ᠤᠶᠢᠷᠠᠳᠬᠤ ᠲᠠᠰᠢᠷᠠᠮ ᠢᠶᠠᠷ᠂ 4 ᠰᠠᠷ᠎ᠠ ᠶᠢᠨ 21 ᠤ ᠡᠳᠦᠷ᠂ | ᠬᠥᠪᠡᠭᠡᠲᠦ ᠰᠢᠷ᠎ᠠ ᠬᠤᠰᠢᠭᠤᠠ ᠤ ᠨᠣᠮ ᠤᠨ ᠰᠠᠩ 29 ᠳ᠋ᠤᠭᠡᠷ ᠬᠤᠭᠤᠴᠠᠭᠠᠨ ᠤ ᠳᠡᠯᠡᠬᠡᠢ ᠶᠢᠨ ᠨᠣᠮ ᠤᠩᠰᠢᠬᠤ | ᠡᠳᠦᠷ ᠢ ᠪᠡᠯᠭᠡᠯᠡᠭᠦ ᠵᠢᠴᠢ ︽ᠤᠮᠠᠷᠠᠲᠤ ᠬᠢᠯᠢ ᠶᠢᠨ ᠤᠩᠰᠢᠯᠭ᠎ᠠ ᠶᠢᠨ ᠠᠶᠠᠠ᠂ ᠲᠦᠮᠡᠨ ᠭᠠᠵᠠᠷ ᠤᠨ ᠨᠤᠮ ᠤᠨ | ᠬᠤᠷ᠎ᠠ︾ ᠭᠤᠤᠯ ᠰᠡᠳᠦᠪᠲᠦ ᠡᠭᠡ ᠪᠠᠶᠢᠭᠠᠯᠢ ᠪᠠᠨ ᠪᠠᠭ᠋ᠠᠳᠤᠵᠤ᠂ ᠤᠩᠰᠢᠯᠭ᠎ᠠ ᠶᠢ ᠲᠦᠭᠡᠮᠡᠯᠵᠢᠭᠦᠯᠭᠦ — ᠭᠡᠷ | ᠪᠦᠯᠢ ᠶᠢᠨ ᠠᠵᠢᠯᠯᠠᠭ᠎ᠠ ᠥᠷᠨᠢᠭᠦᠯᠵᠦ᠂ ᠰᠤᠷᠤᠭᠴᠢ᠂ ᠭᠡᠷ ᠤᠨ ᠠᠬᠠᠮᠠᠳ 40 ᠭᠠᠷᠤᠢ ᠬᠥᠮᠦᠨ ᠠᠵᠢᠯᠯᠠᠭ᠎ᠠ ᠳᠤ | ᠣᠷᠣᠯᠴᠠᠪᠠ᠃ | ᠠᠵᠢᠯᠯᠠᠭ᠎ᠠ ᠳᠤ ᠭᠡᠷ ᠤᠨ ᠠᠬᠠᠮᠠᠳ᠂ ᠬᠡᠥᠬᠡᠥᠡ ᠤᠳ ᠲᠠᠢ ᠪᠠᠨ ᠰᠢᠨᠡᠪᠤᠯᠠᠭ ᠪᠠᠯᠭᠠᠰᠤ ᠠᠴᠠ ᠬᠦᠪᠡᠭᠡᠲᠦ | ᠰᠢᠷ᠎ᠠ ᠬᠤᠰᠢᠭᠤᠨ ᠤ ᠨᠢᠰᠬᠡᠯ ᠤᠨ ᠪᠠᠭᠤᠳᠠᠯ ᠭᠦᠷᠭᠦ ᠵᠠᠮ ᠢᠶᠠᠷ ᠬᠡᠭᠡᠷᠡᠯᠡᠨ ᠠᠯᠬᠤᠵᠥ᠂ ᠵᠠᠮ ᠲᠤᠮᠳᠡ ᠪᠠᠨ ᠠᠮᠠᠷᠠᠵᠥ᠂ | ᠬᠡᠥᠬᠡᠥᠡ ᠤᠳ ᠪᠡᠶ᠎ᠡ ᠳᠤ ᠪᠠᠨ ᠠᠪᠴᠥ ᠶᠠᠪᠤᠭ᠎ᠠ ᠨᠤᠮ ᠢᠶᠠᠨ ᠬᠠᠷᠢᠯᠴᠠᠠ ᠲᠠᠨᠢᠯᠴᠠᠭᠤᠯᠪᠠ᠃ ᠬᠤᠶᠠᠷ ᠴᠠᠭ | ᠭᠠᠷᠤᠶ ᠶᠢᠨ ᠠᠶᠠᠯᠠᠯ ᠢᠶᠠᠷ ᠳᠡᠮᠵᠢᠨ᠂ ᠣᠯᠠᠨ ᠢᠶᠠᠷ ᠢᠶᠠᠨ ᠵᠣᠷᠢᠭᠰᠠᠨ ᠭᠠᠵᠠᠷ ᠲᠠᠭᠠᠨ ᠬᠦᠷᠴᠦ᠂ ᠨᠢᠰᠬᠡᠯ ᠤᠨ | ᠪᠠᠭᠤᠳᠠᠯ ᠤᠨ ᠲᠠᠶᠢᠯᠪᠤᠷᠢᠯᠠᠭᠴᠢ ᠶᠢᠨ ᠵᠢᠯᠣᠭᠤᠳᠣᠯᠭ᠎ᠠ ᠳᠣᠤᠷ᠎ᠠ ᠬᠡᠦᠬᠡᠳ ᠤᠳ ᠬᠥᠪᠡᠭᠡᠲᠦ ᠰᠢᠷ᠎ᠠ ᠬᠤᠰᠢᠭᠤᠨ ᠤ | ᠠᠭᠠᠷ ᠤᠨ ᠠᠶᠠᠯᠠᠯ ᠤᠨ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠣᠷᠳᠣᠨ ᠢ ᠲᠣᠭᠤᠷᠢᠨ ᠦᠵᠡᠵᠦ᠂ ᠠᠭᠠᠷ ᠤᠨ | ᠠᠶᠠᠯᠠᠯ ᠤᠨ ᠰᠠᠭᠤᠷᠢ ᠰᠢᠨᠵᠢᠯᠡᠬᠦ ᠤᠬᠠᠭᠠᠨ ᠤ ᠮᠡᠳᠡᠯᠭᠡ ᠶᠢ ᠣᠶᠢᠯᠠᠭᠠᠵᠤ᠂ C919 ᠲᠠᠭᠤᠷᠢᠶᠠᠮᠠᠯ ᠨᠢᠰᠭᠡᠯ᠂ VR | ᠨᠢᠰᠬᠦ ᠲᠠᠪᠠᠭ ᠵᠡᠷᠭᠡ ᠲᠤᠭᠠᠴᠢᠯᠠᠭᠰᠠᠨ ᠳᠦᠬᠦᠭᠡᠷᠦᠮᠵᠢ ᠶᠢ ᠪᠡᠶᠡᠴᠢᠯᠡᠨ ᠣᠶᠢᠯᠠᠭᠠᠪᠠ᠃ | ᠬᠤᠰᠢᠭᠤᠨ ᠤ ᠨᠣᠮ ᠤᠨ ᠰᠠᠩ ᠤᠨ ᠬᠠᠷᠢᠭᠤᠴᠠᠯᠭᠠᠲᠠᠨ ᠨᠢᠰᠬᠡᠯ ᠤᠨ ᠪᠠᠭᠤᠳᠠᠯ ᠳᠠᠬᠢ ᠬᠥᠪᠡᠭᠡᠲᠦ ᠰᠢᠷ᠎ᠠ | ᠬᠤᠰᠢᠭᠤᠨ ᠤ ᠨᠣᠮ ᠤᠨ ᠰᠠᠩ ᠤᠨ ᠨᠡᠭᠦᠳᠡᠯ ᠦᠢᠯᠡᠴᠢᠯᠡᠭᠡᠨ ᠤ ᠴᠡᠭ ᠲᠤ ᠠᠵᠢᠯᠯᠠᠭ᠎ᠠ ᠳᠤ ᠣᠷᠣᠯᠴᠠᠭᠰᠠᠨ | ᠪᠦᠬᠦᠶᠢᠯᠡ ᠰᠤᠷᠤᠭᠴᠢᠳ ᠲᠤ ︽ᠰᠢᠯᠢᠳᠡᠭ ᠣᠷᠣᠯᠴᠠᠭᠴᠢ︾ ᠶᠢᠨ ᠭᠦᠬᠢᠭᠦᠯᠥᠯ ᠭᠠᠷᠳᠠᠭᠤᠯᠤᠭᠰᠠᠨ ᠪᠦᠭᠡᠥᠡ | ᠱᠠᠩᠨᠠᠯ ᠤᠨ ᠪᠤᠳᠠᠰ ᠬᠦᠷᠭᠡᠵᠦ ᠵᠣᠷᠢᠭᠵᠢᠭᠤᠯᠵᠠᠶ᠃ | ᠲᠣᠰ ᠤᠳᠠᠭᠠᠨ ᠤ ᠠᠵᠢᠯᠯᠠᠭ᠎ᠠ ᠪᠠᠷ ᠳᠡᠮᠵᠢᠨ᠂ ᠰᠣᠷᠣᠭᠴᠢ ᠵᠢᠴᠢ ᠬᠡᠷ ᠤᠨ ᠠᠬᠠᠮᠠᠳ ᠲᠤ ᠭᠡᠭᠡᠷ᠎ᠡ ᠭᠠᠳᠠᠨᠠᠬᠢ | ᠬᠡᠷ ᠪᠦᠯᠢ ᠶᠢᠨ ᠤᠩᠰᠢᠯᠭ᠎ᠠ ᠶᠢᠨ ᠠᠭᠤᠷ ᠠᠮᠢᠰᠬᠤᠯ ᠢ ᠮᠡᠳᠡᠷᠡᠭᠦᠯᠵᠦ᠂ ᠬᠠᠷᠠᠭ᠎ᠠ ᠪᠠᠨ ᠥᠷᠭᠡᠳᠬᠡᠨ᠂ ᠮᠡᠳᠡᠯᠭᠡ ᠪᠠᠨ | ᠨᠡᠮᠡᠭᠳᠡᠭᠦᠯᠵᠦ᠂ ᠨᠣᠮ ᠪᠢᠴᠢᠭ ᠤᠩᠰᠢᠵᠤ ᠮᠡᠳᠡᠯᠭᠡ ᠤᠯᠬᠤ ᠭᠦᠨ ᠵᠤᠵᠠᠭᠠᠨ ᠳᠤᠷ᠎ᠠ ᠰᠣᠨᠢᠷᠬᠠᠯ ᠢ ᠨᠢ ᠬᠥᠭᠵᠢᠭᠡᠪᠡ᠃ | |