ᠤᠢᠢᠷ᠎ᠠ ᠶᠢᠨ ᠵᠢᠯ ᠠᠴᠠ᠂ ᠬᠥᠪᠡᠭᠡᠲᠦ ᠰᠢᠷ᠎ᠠ ᠬᠤᠰᠢᠭᠤ ᠴᠠᠬᠠᠷ ᠬᠤᠨᠢᠨ ᠤ ᠠᠵᠤ ᠦᠢᠯᠡᠰ ᠢ | ᠬᠥᠭᠵᠢᠭᠦᠯᠬᠦ ᠶᠢ ᠮᠠᠯ ᠠᠵᠦ ᠠᠬᠤᠢ ᠶᠢᠨ ᠪᠦᠲᠦᠴᠡ ᠳᠤ ᠲᠤᠬᠢᠷᠠᠭᠤᠯᠤᠯᠳᠠ ᠬᠢᠬᠦ᠂ ᠮᠠᠯᠴᠢᠳ ᠤᠨᠣᠷᠣᠯᠭ᠎ᠠ ᠶᠢ | ᠨᠡᠮᠡᠭᠳᠡᠭᠦᠯᠬᠦ ᠴᠢᠬᠤᠯᠠ ᠠᠷᠭ᠎ᠠ ᠪᠠᠷᠢᠯ ᠪᠣᠯᠭᠠᠵᠤ ︽ᠵᠣᠬᠢᠶᠠᠨ ᠪᠠᠶᠢᠭᠤᠯᠤᠨ ᠠᠬᠢᠭᠤᠯᠬᠤ᠂ ᠬᠡᠪᠴᠢᠶᠡᠵᠢᠬᠦᠯᠦᠨ | ᠲᠡᠵᠢᠬᠡᠨ ᠦᠷᠡᠵᠢᠬᠦᠯᠬᠦ᠂ ᠪᠠᠷᠢᠮᠵᠢᠶᠠᠵᠢᠭᠤᠯᠤᠨ ᠦᠢᠯᠡᠳᠪᠤᠷᠢᠯᠡᠬᠦ᠂ ᠠᠵᠤ ᠦᠢᠯᠡᠰᠵᠢᠭᠦᠯᠦᠨ ᠡᠵᠡᠩᠨᠡᠬᠦ︾ | ᠵᠠᠭᠪᠤᠷ ᠢ ᠪᠦᠬᠦ ᠲᠠᠯ᠎ᠠ ᠪᠠᠷ ᠬᠡᠷᠡᠭᠵᠢᠭᠦᠯᠵᠦ᠂ ᠪᠣᠬᠢᠷᠲᠤᠯ ᠦᠬᠡᠢ ᠮᠠᠯ ᠤᠨ ᠠᠰᠢᠭ ᠰᠢᠮ᠎ᠡ ᠲᠠᠷᠢᠶᠠᠯᠠᠩ ᠤᠨ | ᠪᠦᠲᠦᠭᠡᠭᠳᠡᠬᠦᠨ ᠤ ᠮᠢᠬᠠᠨ ᠤ ᠬᠤᠨᠢᠨ ᠤ ᠪᠦᠬᠦ ᠠᠵᠤ ᠦᠢᠯᠡᠰ ᠤᠨ ᠬᠡᠯᠬᠢᠶ᠎ᠡ ᠶᠢᠨ ᠳᠦᠷᠦᠯ ᠵᠦᠢᠯ ᠢ | ᠬᠡᠷᠡᠭᠵᠢᠭᠦᠯᠵᠦ᠂ ᠮᠠᠯᠴᠢᠳ ᠤᠨ ᠣᠷᠣᠯᠭ᠎ᠠ ᠶᠢ ᠨᠡᠮᠡᠭᠳᠡᠭᠦᠯᠦᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠵᠤ | ᠪᠤᠢ᠃ | ᠴᠠᠬᠠᠷ ᠬᠤᠨᠢᠨ ᠤ ᠪᠦᠬᠦ ᠠᠵᠤ ᠦᠢᠯᠡᠰ ᠤᠨ ᠬᠡᠯᠬᠢᠶ᠎ᠡ ᠶᠢᠨ ᠳᠦᠷᠦᠯ ᠵᠦᠢᠯ ᠪᠤᠯᠬᠤ ᠬᠥᠪᠡᠭᠡᠲᠦ ᠰᠢᠷ᠎ᠠ | ᠬᠤᠰᠢᠭᠤᠨ ᠤ ᠪᠠᠶᠠᠨᠲᠠᠯ᠎ᠠ ᠪᠠᠯᠭᠠᠰᠤᠨ ᠤ ᠬᠥᠨᠳᠡᠯᠡᠨ ᠭᠠᠴᠠᠭᠠᠨ ᠤ ᠴᠠᠬᠠᠷ ᠬᠤᠨᠢ ᠲᠡᠵᠢᠭᠡᠨ ᠦᠷᠡᠵᠢᠬᠦᠯᠬᠦ ᠰᠠᠭᠤᠷᠢᠨ | ᠭᠠᠵᠠᠷ ᠤᠨ ᠲᠦᠷᠦᠯ ᠵᠦᠢᠯ ᠤᠨ ᠪᠠᠷᠢᠯᠭ᠎ᠠ ᠶᠢᠨ ᠠᠬᠤᠢ ᠲᠠᠯᠠᠪᠠᠢ ᠳᠤ ᠮᠠᠰᠢᠨ ᠲᠡᠷᠭᠡ ᠰᠦᠯᠵᠢᠯᠳᠦᠵᠦ᠂ ᠠᠵᠢᠯᠴᠢᠳ | ᠶᠠᠭᠠᠷᠠᠯᠲᠠᠢ ᠠᠵᠢᠯᠯᠠᠵᠤ ᠪᠠᠶᠢᠯ᠎ᠠ᠃ ︽ᠪᠢᠳᠡ ᠪᠣᠯ ᠬᠥᠪᠡᠭᠡᠲᠦ ᠰᠢᠷ᠎ᠠ ᠬᠤᠰᠢᠭᠤᠨ ᠤ ᠵᠠᠰᠠᠭ ᠤᠨ ᠣᠷᠳᠣᠨ ᠤ | ᠬᠤᠳᠠᠯᠳᠤᠭᠠᠴᠢᠨ ᠤᠷᠢᠵᠤ ᠪᠠᠯᠠ ᠣᠷᠣᠭᠤᠯᠤᠨ ᠠᠪᠴᠢᠷᠠᠭᠰᠠᠨ ᠠᠵᠤ ᠠᠬᠤᠶᠢᠯᠠᠯ ᠪᠤᠯᠤᠨ᠎ᠠ︔ ᠪᠢᠳᠡᠨ ᠤ ᠪᠣᠬᠢᠷᠲᠤᠯ | ᠦᠬᠡᠢ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠮᠢᠬᠠᠨ ᠤ ᠬᠤᠨᠢᠨ ᠤ ᠪᠦᠬᠦ ᠠᠵᠤ ᠦᠢᠯᠡᠰ ᠤᠨ | ᠬᠡᠯᠬᠢᠶ᠎ᠡ ᠶᠢᠨ ᠳᠦᠷᠦᠯ ᠵᠦᠢᠯ ᠤᠨ ᠡᠮᠦᠨᠡᠬᠢ ᠬᠤᠭᠤᠴᠠᠭᠠᠨ ᠤ ᠭᠠᠷ ᠭᠦᠢᠴᠡᠳᠬᠡᠯ ᠨᠢ ᠬᠤᠯᠪᠣᠭᠳᠠᠯ ᠪᠥᠬᠦᠶ ᠰᠠᠯᠠᠭ᠎ᠠ | ᠮᠥᠴᠢᠷ ᠤᠨ ᠬᠠᠮᠲᠤ ᠶᠢᠨ ᠴᠢᠷᠮᠠᠶᠢᠯᠭ᠎ᠠ ᠪᠠᠷ ᠥᠪᠡᠷᠲᠡᠭᠡᠨ ᠵᠠᠰᠠᠬᠤ ᠣᠷᠣᠨ ᠪᠠ ᠠᠶᠢᠮᠠᠭ ᠲᠤ ᠮᠡᠳᠡᠭᠦᠯᠵᠦ | ᠤᠷᠤᠭᠰᠢᠳᠠᠢ ᠬᠢᠨᠠᠨ ᠵᠦᠪᠰᠢᠶᠡᠷᠡᠭᠦᠯᠵᠡᠢ︔ ᠪᠢᠳᠡ 2024 ᠣᠨ ᠤ ᠡᠴᠦᠰ ᠲᠤ ᠪᠠᠷᠢᠯᠭ᠎ᠠ ᠶᠢᠨ ᠠᠵᠢᠯ ᠢᠶᠠᠨ | ᠳᠠᠭᠤᠰᠬᠠᠬᠤ ᠶᠢᠨ ᠬᠠᠮᠲᠤ ᠡᠷᠲᠡᠬᠡᠨ ᠠᠰᠢᠭᠯᠠᠯᠲᠠ ᠳᠤ ᠣᠷᠣᠭᠤᠯᠬᠤ ᠪᠠᠷ ᠴᠢᠷᠮᠠᠶᠢᠨ᠎ᠠ︾ ᠭᠡᠵᠦ ᠪᠠᠷᠢᠯᠭ᠎ᠠ ᠶᠢᠨ | ᠲᠥᠷᠥᠯ ᠵᠦᠢᠯ ᠤᠨ ᠬᠠᠷᠢᠭᠤᠴᠠᠯᠭᠠᠲᠠᠨ ᠬᠤ᠋ ᠠᠨ ᠷᠦᠢ ᠶᠠᠷᠢᠯ᠎ᠠ᠃ | ᠣᠶᠢᠯᠠᠭᠠᠭᠰᠠᠨ ᠢᠶᠠᠷ᠂ ᠪᠣᠬᠢᠷᠲᠤᠯ ᠦᠬᠡᠢ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ | ᠮᠢᠬᠠᠨ ᠤ ᠬᠤᠨᠢᠨ ᠤ ᠪᠦᠬᠦ ᠠᠵᠤ ᠦᠢᠯᠡᠰ ᠤᠨ ᠬᠡᠯᠬᠢᠶ᠎ᠡ ᠶᠢᠨ ᠳᠦᠷᠦᠯ ᠵᠦᠢᠯ ᠨᠢ ᠬᠥᠪᠡᠭᠡᠲᠦ ᠰᠢᠷ᠎ᠠ ᠬᠤᠰᠢᠭᠤᠨ ᠤ | ᠣᠨᠳᠣᠤ ᠭᠠᠵᠠᠷ ᠲᠤ ᠨᠡᠭᠦᠯᠭᠡᠭᠰᠡᠨ ᠤ ᠳᠠᠷᠠᠭᠠᠬᠢ ᠴᠠᠬᠠᠷ ᠬᠤᠨᠢ ᠲᠡᠵᠢᠭᠡᠨ ᠦᠷᠡᠵᠢᠭᠦᠯᠬᠦ ᠪᠣᠷᠳᠣᠨ ᠲᠠᠷᠭᠤᠯᠠᠭᠤᠯᠬᠤ | ᠰᠠᠭᠤᠷᠢᠨ ᠭᠠᠵᠠᠷ ᠤᠨ ᠫᠧᠩ ᠰᠠᠷᠠᠪᠴᠢ ᠶᠢᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠶᠯ᠂ ᠬᠥᠪᠡᠭᠡᠲᠦ ᠰᠢᠷ᠎ᠠ | ᠬᠤᠰᠢᠭᠤᠨ ᠤ ᠪᠣᠬᠢᠷᠲᠤᠯ ᠥᠬᠡᠶ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠴᠠᠬᠠᠷ ᠬᠤᠨᠢ | ᠪᠣᠷᠳᠣᠨ ᠲᠠᠷᠭᠤᠯᠠᠭᠤᠯᠬᠤ ᠲᠡᠵᠢᠭᠡᠨ ᠦᠷᠡᠵᠢᠭᠦᠯᠬᠦ ᠪᠠᠷᠢᠮᠵᠢᠶᠠᠵᠢᠭᠤᠯᠤᠭᠰᠠᠨ ᠰᠠᠭᠤᠷᠢᠨ ᠭᠠᠵᠠᠷ ᠤᠨ ᠪᠥᠲᠥᠭᠡᠨ | ᠪᠠᠶᠢᠭᠤᠯᠤᠯᠲᠠ ᠶᠢᠨ ᠲᠥᠷᠥᠯ ᠵᠦᠶᠯ ᠵᠢᠴᠢ ᠨᠢᠲᠤᠯᠵᠤ ᠡᠳ᠋ᠰᠢᠭᠦᠯᠬᠦ ᠦᠢᠯᠡᠳᠪᠤᠷᠢᠯᠡᠬᠦ ᠵᠡᠷᠭᠡ ᠭᠤᠷᠪᠠᠨ | ᠬᠤᠭᠤᠴᠠᠭᠠᠨ ᠤ ᠢᠨᠵᠧᠨᠧᠷᠢᠩ ᠢ ᠪᠠᠭᠲᠠᠭᠠᠵᠠᠶ᠃ ᠡᠭᠦᠨ ᠳᠤ᠂ ᠨᠢᠭᠡᠳᠦᠭᠡᠷ ᠬᠤᠭᠤᠴᠠᠭᠠᠨ ᠤ ᠲᠥᠷᠥᠯ ᠵᠦᠢᠯ ᠤᠨ | ᠶᠡᠷᠦᠩᠬᠡᠶ ᠪᠠᠯᠠ ᠣᠷᠣᠭᠤᠯᠤᠯᠲᠠ ᠨᠢ 530 ᠲᠦᠮᠡᠨ ᠲᠥᠭᠦᠷᠢᠭ ᠲᠤ ᠬᠦᠷᠴᠦ᠂ ᠵᠢᠱᠢᠯᠲᠡ ᠪᠠᠷ 2024 ᠣᠨ ᠤ | 6 ᠰᠠᠷ᠎ᠠ ᠶᠢᠨ ᠰᠡᠭᠦᠯᠴᠢ ᠪᠠᠷ ᠪᠠᠷᠢᠯᠭ᠎ᠠ ᠳᠠᠭᠤᠰᠬᠠᠨ᠎ᠠ᠃ ᠬᠤᠶᠠᠳᠤᠭᠠᠷ ᠬᠤᠭᠤᠴᠠᠭᠠᠨ ᠤ ᠪᠠᠷᠢᠯᠭ᠎ᠠ ᠶᠢᠨ ᠶᠡᠷᠦᠩᠬᠡᠶ | ᠲᠠᠯᠠᠪᠠᠢ ᠨᠢ14897 ᠺᠦᠸᠠᠲ ᠮᠧᠲᠷ ᠪᠠᠶᠢᠵᠦ᠂ 2024 ᠣᠨ ᠤ 5 ᠰᠠᠷ᠎ᠠ ᠶᠢᠨ ᠳᠤᠮᠳᠠᠴᠢ ᠪᠠᠷ ᠠᠵᠢᠯ | ᠡᠬᠢᠯᠡᠭᠦᠯᠬᠦ ᠪᠠᠷ ᠲᠥᠯᠥᠪᠯᠡᠵᠦ ᠪᠤᠢ᠃ ᠭᠤᠷᠪᠠᠳᠤᠭᠠᠷ ᠬᠤᠭᠤᠴᠠᠭᠠᠨ ᠤ ᠪᠠᠷᠢᠯᠭ᠎ᠠ ᠶᠢᠨ ᠶᠡᠷᠦᠩᠬᠡᠶ ᠲᠠᠯᠠᠪᠠᠶ ᠨᠢ | 11262 ᠺᠦᠸᠠᠲ ᠮᠧᠲᠷ ᠪᠠᠶᠢᠵᠦ᠂ ᠶᠡᠷᠦᠩᠬᠡᠶ ᠪᠡᠯᠡ ᠣᠷᠣᠭᠤᠯᠤᠯᠲᠠ ᠨᠢ 10179.2 ᠲᠦᠮᠡᠨ ᠲᠥᠭᠦᠷᠢᠭ ᠲᠤ | ᠬᠦᠷᠴᠦ᠂ ᠣᠶᠢᠷ᠎ᠠ ᠶᠢᠨ ᠬᠤᠭᠤᠴᠠᠭᠠᠨ ᠳᠤ ᠪᠠᠷᠢᠯᠭ᠎ᠠ ᠡᠬᠢᠯᠡᠭᠦᠯᠬᠦ ᠪᠠᠷ ᠪᠤᠢ᠃ | ᠪᠣᠬᠢᠷᠲᠤᠯ ᠥᠬᠡᠶ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠮᠢᠬᠠᠨ ᠤ ᠬᠤᠨᠢᠨ ᠤ ᠪᠥᠬᠦ | ᠠᠵᠤ ᠦᠶᠯᠡᠰ ᠤᠨ ᠬᠡᠯᠬᠢᠶ᠎ᠡ ᠶᠢᠨ ᠲᠥᠷᠥᠯ ᠵᠦᠶᠯ ᠪᠠᠶᠢᠭᠤᠯᠤᠭᠳᠠᠭᠰᠠᠨ ᠤ ᠳᠠᠷᠠᠭ᠎ᠠ᠂ ᠵᠢᠯ ᠳᠤ 1.5 ᠲᠦᠮᠡᠨ | ᠴᠠᠬᠠᠷ ᠬᠤᠨᠢ ᠶᠢ ᠪᠣᠷᠳᠣᠨ ᠲᠠᠷᠭᠤᠯᠠᠭᠤᠯᠬᠤ ᠶᠢᠨ ᠬᠠᠮᠲᠤ ᠴᠠᠬᠠᠷ ᠬᠤᠨᠢᠨ ᠤ ᠡᠭᠦᠯᠳᠡᠷ ᠬᠠᠮᠠᠭᠠᠯᠠᠬᠤ᠂ | ᠦᠷᠡᠵᠢᠭᠦᠯᠦᠨ ᠪᠣᠶᠢᠵᠢᠭᠤᠯᠬᠤ ᠪᠠ ᠪᠣᠷᠳᠣᠨ ᠲᠠᠷᠭᠤᠯᠠᠭᠤᠯᠬᠤ ᠶᠢ ᠨᠢᠭᠡ ᠴᠣᠭᠴᠠᠵᠢᠭᠤᠯᠤᠭᠰᠠᠨ ᠴᠢᠨᠠᠷ ᠰᠠᠶᠢᠲᠠᠶ | ᠬᠤᠨᠢᠨ ᠤ ᠢᠷᠡᠯᠲᠡ ᠶᠢ ᠪᠠᠲᠤᠯᠠᠬᠤ ᠰᠢᠰᠲ᠋ᠧᠮ ᠢ ᠪᠦᠷᠢᠯᠳᠦᠬᠦᠯᠬᠦ ᠪᠤᠯᠤᠨ᠎ᠠ᠃ ᠡᠭᠦᠨ ᠤ ᠬᠠᠮᠲᠤ᠂ ᠵᠢᠯ ᠳᠤ 45 | ᠲᠦᠮᠡᠨ ᠮᠢᠬᠠᠨ ᠤ ᠬᠤᠨᠢ ᠵᠠᠷᠤᠵᠤ ᠡᠳ᠋ᠰᠢᠭᠦᠯᠬᠦ ᠦᠶᠯᠡᠳᠪᠦᠷᠢᠯᠡᠯ ᠤᠨ ᠴᠢᠳᠠᠪᠤᠷᠢ ᠶᠢ ᠪᠡᠶᠡᠯᠡᠬᠦᠯᠵᠦ᠂ ᠵᠢᠯ ᠤᠨ | ᠬᠤᠨᠢᠨ ᠤ ᠭᠠᠷᠤᠯᠲᠠ ᠶᠢ 9000 ᠲᠣᠨ᠂ ᠬᠤᠨᠢᠨ ᠤ ᠳᠠᠭᠠᠯᠲᠠ ᠪᠦᠲᠦᠭᠡᠭᠳᠡᠬᠦᠨ ᠢ 4500 ᠲᠣᠨ ᠳᠤ ᠬᠦᠷᠭᠡᠵᠤ | ᠂ ᠵᠢᠯ ᠳᠤ ᠪᠣᠷᠣᠯᠠᠭᠤᠯᠭ᠎ᠠ ᠶᠢᠨ ᠣᠷᠣᠯᠭ᠎ᠠ ᠶᠢ 5 ᠳ᠋ᠦᠩᠰᠢᠭᠤᠷ ᠲᠥᠭᠦᠷᠢᠭ ᠪᠡᠶᠡᠯᠡᠬᠦᠯᠬᠦ ᠪᠠᠷ ᠪᠤᠢ᠃ ︽ | ᠲᠠᠷᠠᠭᠠᠴᠢ ᠶᠢᠨ ᠠᠯᠬᠤᠮ ᠳᠤ᠂ ᠴᠠᠬᠠᠷ ᠬᠤᠨᠢᠨ ᠤ ᠠᠵᠤ ᠦᠢᠯᠡᠰ ᠤᠨ ᠪᠥᠬᠦ ᠬᠡᠯᠬᠢᠶ᠎ᠡ ᠶᠢᠨ ᠰᠢᠰᠲ᠋ᠧᠮ ᠢ ᠭᠦᠨᠵᠡᠭᠡᠶ | ᠪᠠᠶᠢᠭᠤᠯᠵᠤ᠂ ︿ᠲᠡᠵᠢᠭᠡᠨ ᠦᠷᠡᠵᠢᠭᠦᠯᠬᠦ ᠰᠠᠭᠤᠷᠢᠨ ᠭᠠᠵᠠᠷ ᠠᠴᠠ ᠰᠠᠭᠤᠭᠠᠯᠢ ᠠᠷᠠᠳ ᠤᠨ ᠬᠤᠭᠤᠯᠠᠨ ᠰᠢᠷᠡᠭᠡ | ᠬᠦᠷᠲᠡᠯᠡᠬᠢ﹀ ᠡᠯ᠎ᠡ ᠭᠤᠭᠴᠤᠭ᠎ᠠ ᠶᠢᠨ ᠴᠥᠷᠬᠡᠯᠡᠭᠡ ᠶᠢ ᠪᠣᠶ ᠪᠣᠯᠭᠠᠵᠤ᠂ ᠲᠡᠵᠢᠭᠡᠨ ᠦᠷᠡᠵᠢᠭᠦᠯᠬᠦ ᠦᠷ᠎ᠡ ᠠᠰᠢᠭ ᠪᠠ | ᠠᠵᠤ ᠦᠢᠯᠡᠰ ᠤᠨ ᠬᠥᠭᠵᠢᠯᠲᠡ ᠶᠢᠨ ᠶᠠᠰᠤ ᠴᠢᠨᠠᠷ ᠢ ᠳᠡᠭᠡᠭᠰᠢᠯᠡᠭᠦᠯᠦᠨ᠂ ᠣᠷᠣᠨ ᠪᠦᠰᠡ ᠶᠢᠨ ᠮᠢᠬᠠᠨ ᠤ ᠬᠤᠨᠢᠨ ᠤ | ᠠᠵᠤ ᠦᠢᠯᠡᠰ ᠤᠨ ᠨᠠᠷᠠᠲᠤ ᠲᠡᠮᠳᠡᠭᠲᠦ ᠶᠢ ᠡᠭᠦᠳᠴᠦ᠂ ᠠᠵᠤ ᠦᠢᠯᠡᠰ ᠤᠨ ᠦᠷ᠎ᠡ ᠠᠰᠢᠭ ᠢ ᠨᠡᠮᠡᠭᠳᠡᠬᠦᠯᠦᠨ᠎ᠡ︾ | ᠭᠡᠵᠦ ᠬᠦᠪᠡᠭᠡᠳᠦ ᠰᠢᠷ᠎ᠠ ᠬᠤᠰᠢᠭᠤᠨ ᠤ ᠲᠠᠷᠢᠶᠠᠯᠠᠩ ᠮᠠᠯ ᠠᠵᠤ ᠠᠬᠤᠶ ᠪᠠ ᠰᠢᠨᠵᠢᠯᠡᠭᠡ ᠮᠡᠷᠭᠡᠵᠢᠯ ᠤᠨ | ᠲᠤᠪᠴᠢᠶᠠᠨ ᠤ ᠳᠡᠳ᠋ ᠳᠠᠷᠤᠭ᠎ᠠ ᠰᠠᠶᠢᠨᠴᠡᠩᠭᠡᠯ ᠶᠠᠷᠢᠯ᠎ᠠ᠃ |