ᠲᠦᠭ ᠲᠦᠮᠡᠨ ᠬᠡᠷ ᠪᠦᠯᠢ ᠶᠢ ᠬᠠᠪᠰᠤᠷᠤᠨ ᠡᠪᠡᠳᠴᠢᠨ ᠡᠮᠭᠡᠭ ᠤᠨ ᠡᠮᠴᠢᠯᠡᠭᠡᠨ ᠤ ᠰᠦᠢᠳᠭᠡᠯ ᠤᠨ | ᠵᠠᠷᠤᠯᠭ᠎ᠠ ᠠᠴᠠ ᠪᠣᠯᠤᠭᠰᠠᠨ ᠠᠵᠤ ᠠᠬᠤᠶ ᠶᠢᠨ ᠠᠶᠤᠯ ᠲᠦᠭᠰᠢᠭᠦᠷᠢ ᠶᠢ ᠠᠷᠭᠠᠴᠠᠬᠤ ᠶᠢᠨ ᠲᠥᠯᠥᠭᠡ᠂ ᠤᠯᠤᠰ ᠠᠴᠠ | ᠦᠨᠳᠦᠰᠦᠨ ᠡᠮ ᠡᠮᠨᠡᠯᠭᠡ ᠶᠢᠨ ᠳᠠᠭᠠᠳᠬᠠᠯ᠂ ᠬᠦᠨᠳᠦ ᠡᠪᠡᠳᠴᠢᠨ ᠤ ᠳᠠᠭᠠᠳᠬᠠᠯ᠂ ᠡᠮ ᠡᠮᠨᠡᠯᠭᠡ ᠶᠢᠨ ᠠᠪᠤᠷᠠᠨ | ᠲᠤᠰᠠᠯᠠᠯᠳᠠ ᠭᠡᠬᠦ ᠭᠤᠷᠪᠠᠨᠵᠦ᠋ᠢᠯ ᠤᠨ ᠲᠦᠷᠢᠮ ᠤᠨ ᠶᠡᠷᠦᠩᠬᠡᠶᠢᠯᠡᠭᠰᠡᠨ ᠪᠠᠲᠤᠯᠠᠭ᠎ᠠ ᠶᠢᠨ ᠰᠢᠰᠲ᠋ᠧᠮ ᠢ ᠪᠠᠶᠢᠭᠤᠯᠤᠨ | ᠪᠦᠷᠢᠨᠰᠢᠭᠦᠯᠵᠦ᠂ ᠣᠯᠠᠨ ᠲᠦᠮᠡᠨ ᠤ ᠡᠮᠡᠮᠨᠡᠯᠭᠡ ᠶᠢᠨ ᠰᠦᠢᠳᠭᠡᠯ ᠤᠨ ᠳᠠᠷᠤᠭᠠᠰᠤ ᠶᠢ ᠱᠠᠲᠤ ᠳᠠᠷᠠᠭᠠᠯᠠᠨ | ᠬᠥᠩᠭᠡᠷᠡᠭᠦᠯᠪᠡ᠃ ᠡᠭᠦᠨ ᠳᠤ᠂ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠬᠦᠨᠳᠦ ᠡᠪᠡᠳᠴᠢᠨ ᠤ ᠳᠠᠭᠠᠳᠬᠠᠯ | ︵ᠳᠣᠷᠣᠭᠰᠢ ︽ᠬᠦᠨᠳᠦ ᠡᠪᠡᠳᠴᠢᠨ ᠤ ᠳᠠᠭᠠᠳᠬᠠᠯ︾ ᠭᠡᠵᠦ ᠲᠣᠪᠴᠢᠯᠠᠨ᠎ᠠ︶ ᠪᠣᠯ ᠰᠠᠭᠤᠭᠠᠯᠢ ᠠᠷᠠᠳ ᠤᠨ ᠡᠮ | ᠡᠮᠨᠡᠯᠭᠡ ᠶᠢᠨ ᠲᠠᠭᠠᠳᠬᠠᠯ ᠤᠨ ᠰᠠᠭᠤᠷᠢᠨ ᠳᠡᠭᠡᠷ᠎ᠡ᠂ ᠬᠦᠨᠳᠦ ᠡᠪᠡᠳᠴᠢᠲᠡᠨ ᠤ ᠶᠡᠭᠡ ᠲᠣᠭᠠᠨ ᠤ ᠡᠮ ᠡᠮᠨᠡᠯᠭᠡ ᠶᠢᠨ | ᠰᠦᠢᠳᠭᠡᠯ ᠤᠨ ᠲᠦᠷᠢᠮ ᠤᠨ ᠲᠣᠬᠢᠷᠠᠭᠤᠯᠤᠯᠲᠠ ᠶᠢ ᠤᠯᠠᠮ ᠴᠢᠨᠠᠬᠰᠢᠳᠠ ᠪᠠᠲᠤᠯᠠᠬᠤ ᠪᠣᠯᠤᠨ᠎ᠠ᠃ ᠬᠦᠨᠳᠦ | ᠡᠪᠡᠳᠴᠢᠨ ᠤ ᠳᠠᠭᠠᠳᠬᠠᠯ ᠢ ᠶᠠᠭᠠᠬᠢᠵᠦ ᠭᠤᠶᠤᠴᠢᠯᠠᠬᠤ ᠪᠣᠶ᠂ ᠪᠠᠰᠠ ᠶᠠᠭᠠᠬᠢᠵᠦ ᠰᠦᠢᠳᠭᠡᠯ ᠲᠤᠰᠢᠶᠠᠬᠤ ᠪᠣᠶ︖ | ᠲᠦᠷᠢᠮ ᠢ ᠲᠤᠬᠳᠠᠭᠠᠬᠰᠠᠨ ᠠᠴᠠ ᠡᠬᠢᠯᠡᠨ᠂ ᠬᠦᠨᠳᠦ ᠡᠪᠡᠳᠴᠢᠨ ᠤ ᠳᠠᠭᠠᠳᠬᠠᠯ ᠤᠨ ᠲᠦᠷᠢᠮ ᠢ | ᠲᠤᠰᠠᠭᠠᠷᠭᠤᠶᠤᠴᠢᠯᠠᠨ ᠳᠠᠭᠠᠳᠬᠠᠯ ᠳᠤ ᠣᠷᠣᠬᠤ ᠴᠢᠬᠤᠯᠠ ᠥᠬᠡᠶ ᠪᠣᠯᠵᠣ᠂ ᠪᠣᠶ ᠪᠥᠬᠦᠶ ᠰᠦᠢᠳᠭᠡᠯ ᠢ | ᠲᠤᠰᠢᠶᠠᠵᠦ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠡᠮ ᠡᠮᠨᠡᠯᠭᠡ ᠶᠢᠨ ᠳᠠᠭᠠᠳᠬᠠᠯ ᠳᠤ | ᠣᠷᠣᠯᠴᠠᠭᠰᠠᠨ ᠣᠯᠠᠨ ᠲᠦᠮᠡᠨ ᠪᠤᠯ ᠴᠥᠮ ᠬᠦᠨᠳᠦ ᠡᠪᠡᠳᠴᠢᠨ ᠤ ᠳᠠᠭᠠᠳᠬᠠᠯ ᠳᠤ ᠣᠷᠣᠯᠴᠠᠭᠰᠠᠨ ᠬᠦᠮᠦᠰ | ᠪᠣᠯᠬᠤᠷ ᠲᠤᠰᠠᠭᠠᠷ ᠰᠦᠢᠳᠭᠡᠯ ᠲᠤᠰᠢᠶᠠᠬᠤ ᠴᠢᠬᠤᠯᠠ ᠥᠬᠡᠶ ᠪᠣᠯᠵᠠᠶ᠃ ᠬᠦᠨᠳᠦ ᠡᠪᠡᠳᠴᠢᠨ ᠤ ᠳᠠᠭᠠᠳᠬᠠᠯ ᠤᠨ | ᠳᠦᠷᠢᠮ ᠢ 2012 ᠣᠨ ᠳᠤ ᠲᠤᠷᠰᠢᠯᠲᠠ ᠬᠢᠬᠦ ᠠᠵᠢᠯ ᠢ ᠡᠭᠢᠯᠡᠬᠦᠯᠵᠦ᠂ 2015 ᠣᠨ ᠠᠴᠠ ᠡᠬᠢᠯᠡᠨ ᠪᠦᠬᠦ | ᠲᠠᠯ᠎ᠠ ᠪᠠᠷ ᠬᠡᠷᠡᠭᠵᠢᠭᠦᠯᠵᠡᠢ᠃ | ᠬᠦᠨᠳᠦ ᠡᠪᠡᠳᠴᠢᠨ ᠤ ᠳᠠᠭᠠᠳᠬᠠᠯ ᠤᠨ ᠡᠬᠢᠯᠡᠵᠦ ᠲᠤᠰᠢᠶᠠᠬᠤ ᠪᠠᠷᠢᠮᠵᠢᠶ᠎ᠠ ᠨᠢ ᠶᠠᠮᠠᠷᠰᠢᠦ ᠪᠤᠢ︖ | ᠣᠳᠣᠬᠠᠨ ᠳᠤ᠂ ᠤᠯᠤᠰ ᠠᠴᠠ ᠲᠣᠭᠲᠠᠭᠠᠭᠰᠠᠨ ᠬᠦᠨᠳᠦ ᠡᠪᠡᠳᠴᠢᠨ ᠤ ᠳᠠᠭᠠᠳᠬᠠᠯ ᠤᠨ ᠡᠬᠢᠯᠡᠵᠦ | ᠲᠤᠰᠢᠶᠠᠬᠤ ᠪᠠᠷᠢᠮᠵᠢᠶ᠎ᠠ ᠶᠢ ᠵᠠᠷᠴᠢᠮ ᠳᠡᠭᠡᠷ᠎ᠡ ᠪᠠᠨ ᠨᠢᠭᠡᠳᠦᠯᠲᠡᠶ ᠲᠥᠯᠥᠪᠯᠡᠬᠦ ᠭᠠᠵᠠᠷ ᠣᠷᠣᠨ ᠤ ᠰᠠᠭᠤᠭᠠᠯᠢ | ᠠᠷᠠᠳ ᠤᠨ ᠲᠦᠷᠦᠭᠦᠦ ᠵᠢᠯ ᠤᠨ ᠬᠥᠮᠦᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ ᠶᠢᠨ 50 % ᠠᠴᠠ | ᠥᠨᠳᠥᠷ ᠪᠠᠶᠢᠯᠭᠠᠵᠤ ᠪᠣᠯᠬᠤ ᠥᠬᠡᠶ᠂ ᠲᠤᠰᠢᠶᠠᠬᠤ ᠬᠠᠷᠢᠴᠠᠯ ᠢ 60 % ᠠᠴᠠ ᠳᠤᠤᠷ᠎ᠠ ᠪᠠᠶᠢᠯᠭᠠᠵᠤ ᠪᠣᠯᠬᠤ ᠥᠬᠡᠶ︔ | ᠰᠠᠭᠤᠭᠠᠯᠢ ᠠᠷᠠᠳ ᠤᠨ ᠡᠮ ᠡᠮᠨᠡᠯᠭᠡ ᠶᠢᠨ ᠳᠠᠭᠠᠳᠬᠠᠯ ᠨᠢ ᠡᠪᠡᠳᠴᠢᠨ ᠤ ᠳᠠᠭᠠᠳᠬᠠᠯ ᠤᠨ ᠬᠠᠮᠤᠭ ᠤᠨ ᠥᠨᠳᠥᠷ | ᠲᠤᠰᠢᠶᠠᠬᠤ ᠬᠢᠵᠠᠭᠠᠷ ᠲᠤᠭ᠎ᠠ ᠶᠢ ᠳᠠᠪᠬᠤᠴᠠᠭᠤᠯᠤᠨ ᠨᠡᠮᠡᠭᠳᠡᠭᠦᠯᠵᠦ᠂ ᠵᠠᠷᠴᠢᠮ ᠳᠡᠭᠡᠷ᠎ᠡ ᠪᠠᠨ ᠲᠤᠬᠠᠶ ᠶᠢᠨ ᠭᠠᠵᠠᠷ ᠤᠨ | ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ ᠶᠢᠨ 6 ᠳᠠᠬᠢᠨ ᠣᠷᠴᠢᠮ ᠬᠦᠷᠭᠡᠨ᠎ᠡ᠃ | ᠬᠦᠴᠢᠷᠳᠡᠯᠲᠡᠶ ᠬᠥᠮᠦᠰ ᠲᠤ ᠴᠢᠭᠯᠡᠭᠦᠯᠦᠨ᠂ ᠤᠯᠤᠰ ᠠᠴᠠ ᠬᠦᠨᠳᠦ ᠡᠪᠡᠳᠴᠢᠨ ᠤ ᠳᠠᠭᠠᠳᠬᠠᠯ ᠤᠨ ᠲᠠᠩᠰᠠ | ᠲᠠᠶᠢᠯᠬᠤ ᠲᠥᠷᠥ ᠶᠢᠨ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠦᠷᠭᠦᠯᠵᠢᠯᠡᠨ ᠲᠡᠭᠦᠯᠳᠡᠷᠵᠢᠭᠦᠯᠵᠦ᠂ ᠲᠦᠢᠯ ᠤᠨ | ᠣᠨᠣᠪᠴᠢᠲᠠᠶ ᠪᠠᠷ ᠬᠠᠷᠠᠭᠠᠯᠵᠠᠯ ᠦᠵᠡᠭᠦᠯᠦᠨ᠎ᠡ᠃ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠭᠥᠷᠳᠡᠭᠰᠡᠳ᠂ | ᠣᠨᠴᠠ ᠬᠦᠴᠢᠷᠳᠡᠯᠲᠡᠶ ᠬᠥᠮᠦᠰ ᠪᠠ ᠳᠠᠬᠢᠨ ᠶᠠᠳᠠᠭᠤᠷᠠᠭᠰᠠᠨ ᠶᠠᠳᠠᠭᠤ ᠬᠥᠮᠦᠨ ᠠᠮᠠ ᠶᠢᠨ ᠬᠦᠨᠳᠦ ᠡᠪᠡᠳᠴᠢᠨ ᠤ | ᠳᠠᠭᠠᠳᠬᠠᠯ ᠤᠨ ᠡᠬᠢᠯᠡᠵᠦ ᠲᠤᠰᠢᠶᠠᠬᠤ ᠪᠠᠷᠢᠮᠵᠢᠶ᠎ᠠ ᠶᠢ 50% ᠪᠠᠷ ᠪᠠᠭᠤᠷᠠᠭᠤᠯᠵᠤ᠂ ᠲᠤᠰᠢᠶᠠᠬᠤ ᠬᠠᠷᠢᠴᠠᠯ ᠢ 5 | ᠵᠠᠭᠤᠨ ᠤ ᠬᠤᠪᠢ ᠶᠢᠨ ᠴᠡᠭ ᠳᠡᠭᠡᠭᠰᠢᠯᠡᠭᠦᠯᠬᠦ ᠶᠢᠨ ᠵᠡᠷᠭᠡᠪᠡᠷ ᠬᠠᠮᠤᠭ ᠤᠨ ᠥᠨᠳᠥᠷ ᠲᠤᠰᠢᠶᠠᠬᠤ ᠬᠢᠵᠠᠭᠠᠷ ᠲᠤᠭ᠎ᠠ ᠶᠢ | ᠬᠦᠴᠦᠨ ᠥᠬᠡᠶ ᠪᠣᠯᠭᠠᠨ᠎ᠠ᠃ | ᠬᠦᠨᠳᠦ ᠡᠪᠡᠳᠴᠢᠨ ᠤ ᠳᠠᠭᠠᠳᠬᠠᠯ ᠢ ᠬᠡᠷᠬᠢᠨ ᠲᠠᠰᠤᠯᠤᠨ ᠪᠣᠳᠣᠬᠤ ᠪᠤᠢ︖ | ᠰᠠᠭᠤᠭᠠᠯᠢ ᠠᠷᠠᠳ ᠤᠨ ᠡᠮ ᠡᠮᠨᠡᠯᠭᠡ ᠶᠢᠨ ᠳᠠᠭᠠᠳᠬᠠᠯ ᠳᠤ ᠣᠷᠣᠯᠴᠠᠭᠰᠠᠳ ᠤᠨ ᠲᠣᠭᠲᠠᠭᠰᠠᠨ ᠡᠮ | ᠡᠮᠨᠡᠯᠭᠡ ᠶᠢᠨ ᠪᠠᠶᠢᠭᠤᠯᠤᠮᠵᠢ ᠳᠤ ᠦᠵᠡᠬᠦᠯᠦᠭᠰᠡᠨ ᠡᠮ ᠡᠮᠨᠡᠯᠭᠡ ᠶᠢᠨ ᠰᠦᠢᠳᠭᠡᠯ ᠨᠢ ᠬᠦᠨᠳᠦ ᠡᠪᠡᠳᠴᠢᠨ ᠤ | ᠳᠠᠭᠠᠳᠬᠠᠯ ᠤᠨ ᠰᠦᠢᠳᠭᠡᠯ ᠤᠨ ᠬᠡᠰᠡᠭ ᠲᠤ ᠣᠷᠣᠭᠰᠠᠨ ᠪᠠᠶᠢᠪᠠᠯ᠂ ︽ᠨᠢᠭᠡ ᠥᠷᠲᠡᠭᠡ ᠮᠠᠶ᠋ᠢᠭ︾ ᠤᠨ ᠲᠠᠰᠤᠯᠤᠨ | ᠪᠤᠳᠤᠬᠤ ᠶᠢ ᠪᠡᠶᠡᠯᠡᠭᠦᠯᠦᠭᠰᠡᠨ ᠭᠠᠵᠠᠷ ᠣᠷᠣᠨ ᠨᠢ ᠲᠡᠷᠡ ᠲᠠᠷᠤᠢ ᠳᠤᠨᠢ ᠲᠠᠰᠤᠯᠤᠨ ᠪᠤᠳᠤᠵᠦ ᠦᠭᠭᠦᠨ᠂ ᠬᠠᠮᠢᠶ᠎ᠠ | ᠪᠥᠬᠦᠶ ᠣᠯᠭᠤᠮᠵᠢ ᠶᠢ ᠠᠶᠠᠨᠳᠠᠭᠠᠨ ᠬᠦᠷᠳᠡᠭᠦ ᠪᠤᠯᠤᠨ᠎ᠠ᠂ᠲᠤᠰᠬᠠᠶᠢᠯᠠᠨ ᠭᠤᠶᠤᠴᠢᠯᠠᠨ ᠮᠡᠳᠡᠭᠦᠯᠬᠦ ᠴᠢᠬᠤᠯᠠ ᠥᠬᠡᠶ᠃ | ᠦᠨᠳᠦᠰᠦᠨ ᠡᠮ ᠡᠮᠨᠡᠯᠭᠡ ᠶᠢᠨ ᠳᠠᠭᠠᠳᠬᠠᠯ ᠪᠠ ᠬᠦᠨᠳᠦ ᠡᠪᠡᠳᠴᠢᠨ ᠤ ᠳᠠᠭᠠᠳᠬᠠᠯ ᠳᠤ ᠤᠷᠤᠯᠴᠠᠬᠰᠠᠨ | ᠪᠤᠯ ᠪᠠᠰᠠ ᠲᠤᠰᠠᠭᠠᠷ ᠢᠶᠠᠨ ᠬᠤᠳᠠᠯᠳᠤᠭᠠᠨ ᠤ ᠳᠠᠭᠠᠳᠬᠠᠯ ᠠᠪᠬᠤ ᠴᠢᠬᠤᠯᠠ ᠲᠠᠢ ᠦᠦ︖ | ᠬᠦᠨᠳᠦ ᠡᠪᠡᠳᠴᠢᠨ ᠤ ᠳᠠᠭᠠᠳᠬᠠᠯ ᠤᠨ ᠲᠦᠷᠢᠮ ᠢ ᠲᠤᠬᠳᠠᠭᠠᠬᠰᠠᠨ ᠡᠬᠢᠨ ᠤ ᠦᠶ᠎ᠡ ᠳᠤ᠂ ᠡᠮ ᠡᠮᠨᠡᠯᠭᠡ ᠶᠢᠨ | ᠳᠠᠭᠠᠳᠬᠠᠯ ᠤᠨ ᠰᠠᠯᠠᠭ᠎ᠠ ᠮᠥᠴᠢᠷ ᠨᠢ ᠵᠠᠬ᠎ᠠ ᠳᠡᠯᠭᠡᠭᠦᠷ ᠤᠨ ᠣᠷᠣᠯᠴᠠᠬᠤ ᠶᠢ ᠢᠮᠠᠭᠲᠠ ᠵᠣᠷᠢᠭᠵᠢᠭᠤᠯᠵᠤ᠂ | ᠬᠤᠳᠠᠯᠳᠤᠭᠠᠨ ᠤ ᠳᠠᠭᠠᠳᠬᠠᠯ ᠤᠨ ᠪᠠᠶᠢᠭᠤᠯᠤᠮᠵᠢ ᠶᠢᠨ ᠳᠠᠭᠠᠭᠠᠨ ᠡᠷᠭᠢᠯᠡᠬᠦ ᠶᠢ ᠢᠳᠡᠪᠬᠢᠲᠡᠶ ᠳᠡᠮᠵᠢᠵᠦ᠂ ᠡᠮ ᠡᠮᠨᠡᠯᠭᠡ | ᠶᠢᠨ ᠳᠠᠭᠠᠳᠬᠠᠯ ᠤᠨ ᠬᠤᠷᠰᠢᠶ᠎ᠠ ᠶᠢᠨ ᠬᠤᠳᠠᠯᠳᠤᠭᠠᠴᠢᠨ ᠬᠠᠮᠳᠤᠷᠠᠨ ᠠᠵᠢᠯᠯᠠᠬᠤ ᠰᠢᠨ᠎ᠡ ᠵᠠᠭᠪᠤᠷ ᠢ ᠰᠢᠨ᠎ᠡ ᠪᠠᠷ | ᠡᠭᠦᠳᠦᠨ ᠪᠠᠶᠢᠭᠤᠯᠵᠤ ᠪᠦᠷᠢᠨᠰᠢᠭᠦᠯᠪᠡ᠃ ᠣᠳᠣᠬᠠᠨ ᠳᠤ᠂ 90 % ᠠᠴᠠ ᠳᠡᠭᠡᠭᠰᠢᠬᠢ ᠨᠢᠭᠡᠳᠦᠯᠲᠡᠶ ᠲᠥᠯᠥᠪᠯᠡᠬᠦ | ᠭᠠᠵᠠᠷ ᠣᠷᠣᠨ ᠨᠢ ᠵᠠᠰᠠᠭ ᠤᠨ ᠣᠷᠳᠣᠨ ᠦᠢᠯᠡᠴᠢᠯᠡᠭᠡ ᠶᠢ ᠬᠤᠳᠠᠯᠳᠤᠨ ᠠᠪᠬᠤ ᠠᠷᠭ᠎ᠠ ᠮᠠᠶ᠋ᠢᠭ ᠢᠶᠠᠷ ᠳᠠᠮᠵᠢᠭᠤᠯᠤᠨ | ᠬᠤᠳᠠᠯᠳᠤᠭᠠᠨ ᠤ ᠳᠠᠭᠠᠳᠬᠠᠯ ᠤᠨ ᠺᠣᠮᠫᠠᠨᠢ ᠳᠤ ᠨᠠᠶᠢᠳᠠᠵᠤ ᠬᠦᠨᠳᠦ ᠡᠪᠡᠳᠴᠢᠨ ᠤ ᠳᠠᠭᠠᠳᠬᠠᠯ ᠤᠨ | ᠲᠤᠬᠠᠶᠢᠯᠠᠭᠰᠠᠨ ᠠᠵᠢᠯ ᠢ ᠳᠠᠭᠠᠭᠠᠨ ᠬᠢᠯᠭᠡᠵᠦ ᠪᠠᠶᠢᠨ᠎ᠠ᠃ ᠦᠨᠳᠦᠰᠦᠨ ᠡᠮ ᠡᠮᠨᠡᠯᠭᠡ ᠶᠢᠨ ᠳᠠᠭᠠᠳᠬᠠᠯ ᠪᠠ ᠬᠦᠨᠳᠦ | ᠡᠪᠡᠳᠴᠢᠨ ᠤ ᠳᠠᠭᠠᠳᠬᠠᠯ ᠠᠴᠠ ᠭᠠᠳᠠᠨ᠎ᠠ᠂ ᠳᠠᠭᠠᠳᠬᠠᠯ ᠳᠤ ᠣᠷᠣᠯᠴᠠᠭᠰᠠᠳ ᠬᠤᠳᠠᠯᠳᠤᠭᠠᠨ ᠤ ᠳᠠᠭᠠᠳᠬᠠᠯ | ᠨᠥᠬᠦᠪᠥᠷᠢᠯᠡᠬᠦ ᠴᠢᠬᠤᠯᠠᠲᠠᠶ ᠡᠰᠡᠬᠦ ᠶᠢ ᠬᠤᠪᠢ ᠬᠥᠮᠦᠨ ᠤ ᠬᠦᠰᠡᠯ ᠡᠷᠡᠮᠡᠯᠵᠡᠯ ᠪᠠ ᠳᠠᠭᠠᠭᠠᠬᠤ ᠴᠢᠳᠠᠪᠤᠷᠢ ᠠᠴᠠ | ᠰᠢᠯᠳᠠᠭᠠᠯᠠᠬᠳᠠᠨ᠎ᠠ᠃ | | | | |