ᠨᠣᠮ ᠤᠩᠰᠢᠬᠤ ᠡᠳᠦᠷ ᠢ ᠪᠡᠯᠭᠡᠯᠡᠬᠦ ᠰᠢᠷᠢᠰ ᠠᠵᠢᠯᠯᠠᠭ᠎ᠠ ᠶᠠᠪᠤᠭᠳᠠᠪᠠ
ᠨᠡᠶᠢᠲᠡᠯᠡᠭᠰᠡᠨ ᠴᠠᠭ᠄
2024/4/30
     29 ᠳ᠋ᠤᠭᠡᠷ ᠬᠤᠭᠤᠴᠠᠭᠠᠨ ᠤ ᠳᠡᠯᠡᠬᠡᠶ ᠶᠢᠨ ᠨᠣᠮ ᠤᠩᠰᠢᠬᠤ ᠡᠳᠦᠷ᠂ ᠳᠠᠷᠤᠢ 4 ᠰᠠᠷ᠎ᠠ ᠶᠢᠨ 23᠎ ᠤ ᠡᠳᠦᠷ ᠬᠥᠪᠡᠭᠡᠲᠦ ᠰᠢᠷ᠎ᠠ ᠬᠤᠰᠢᠭᠤᠨ ᠤ ᠨᠣᠮ ᠤᠨ ᠰᠠᠩ ᠨᠣᠮ ᠤᠩᠰᠢᠬᠤ ᠡᠳᠦᠷ ᠢ ᠪᠡᠯᠭᠡᠯᠡᠬᠦ ᠠᠵᠢᠯᠯᠠᠭ᠎ᠠ ᠦᠷᠨᠢᠭᠦᠯᠵᠡᠢ᠃     ᠦᠳᠡ ᠶᠢᠨ ᠡᠮᠦᠨ᠎ᠡ᠂ ︽ᠤᠮᠠᠷᠠᠲᠤ ᠬᠢᠯᠢ ᠶᠢᠨ ᠤᠩᠰᠢᠯᠭ᠎ᠠ︾ ᠭᠡᠬᠦ ᠭᠤᠤᠯ ᠰᠡᠳᠦᠪᠲᠦ ᠬᠡᠤᠬᠡᠳ ᠤᠨ ᠤᠩᠰᠢᠯᠭ᠎ᠠ ᠶᠢᠨ ᠠᠵᠢᠯᠯᠠᠭ᠎ᠠ ᠶᠠᠪᠤᠭᠳᠠᠵᠤ᠂ ᠬᠡᠤᠬᠡᠳ ᠤᠳ ᠨᠣᠮ ᠤᠩᠰᠢᠵᠤ᠂ ᠪᠠᠶᠠᠷ ᠬᠥᠷ ᠲᠠᠢ ᠠᠭᠤᠷ ᠠᠮᠢᠰᠬᠤᠯ ᠳᠤᠮᠳᠠ ᠨᠣᠮ ᠤᠩᠰᠢᠬᠤ ᠪᠠᠶᠠᠷ ᠪᠠᠶᠠᠰᠤᠯ ᠢ ᠮᠡᠳᠡᠷᠡᠵᠦ ᠪᠠᠶᠢᠯ᠎ᠠ᠃ ᠤᠩᠰᠢᠯᠭ᠎ᠠ ᠶᠢᠨ ᠲᠠᠷᠠᠭ᠎ᠠ᠂ ᠬᠡᠤᠬᠡᠳ ᠤᠳ ᠨᠣᠮ ᠤᠩᠰᠢᠭᠰᠠᠨ ᠲᠦᠷᠦᠭᠳᠡᠯ ᠢᠶᠠᠨ ᠰᠣᠯᠢᠯᠴᠠᠵᠤ᠂ ᠨᠣᠮ ᠤᠨ ᠰᠠᠩ ᠤᠨ ᠠᠵᠢᠯᠲᠠᠳ ᠠᠴᠠ ᠬᠡᠦᠬᠡᠳ ᠤᠳ ᠲᠤ ᠱᠠᠩᠨᠠᠯ ᠤᠨ ᠨᠤᠮ ᠪᠠ ᠪᠡᠯᠡᠭ ᠬᠦᠷᠭᠡᠵᠡᠢ᠃     ᠬᠥᠪᠡᠭᠡᠲᠦ ᠰᠢᠷ᠎ᠠ ᠬᠤᠰᠢᠭᠤᠨ ᠤ ᠤᠯᠤᠰ ᠲᠦᠷᠦ ᠶᠢᠨ ᠵᠥᠪᠯᠡᠯᠭᠡᠨ ᠪᠣᠯᠤᠨ ᠬᠤᠰᠢᠭᠤ ᠨᠣᠮ ᠤᠨ ᠰᠠᠩ ᠤᠨ ᠬᠠᠮᠲᠤᠷᠠᠨ ᠡᠷᠬᠢᠯᠡᠭᠰᠡᠨ ︽ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ · ᠪᠢᠴᠢᠭ ᠤᠨ ᠰᠤᠷᠪᠤᠯᠵᠢᠲᠤ ᠤᠯᠤᠰ ᠲᠦᠷᠦ ᠶᠢᠨ ᠵᠥᠪᠯᠡᠯᠭᠡᠨ︾ ᠭᠡᠬᠦ ᠭᠤᠣᠯ ᠰᠡᠳᠦᠪᠲᠦ ᠳᠡᠯᠡᠬᠡᠢ ᠶᠢᠨ ᠨᠣᠮ ᠤᠩᠰᠢᠬᠤ ᠡᠳᠦᠷ ᠤᠨ ᠠᠵᠢᠯᠯᠠᠭ᠎ᠠ ᠴᠤ ᠡᠬᠢᠯᠡᠵᠥ᠂ ᠲᠠᠶᠢᠯᠪᠤᠷᠢᠯᠠᠭᠴᠢ ᠶᠢᠨ ᠳᠠᠭᠠᠭᠤᠯᠭ᠎ᠠ ᠳᠣᠤᠷ᠎ᠠ᠂ ᠤᠯᠤᠰ ᠲᠥᠷᠥ ᠶᠢᠨ ᠵᠥᠪᠯᠡᠯᠭᠡᠨ ᠤ ᠭᠡᠰᠢᠭᠦᠳ ᠨᠣᠮ ᠤᠨ ᠰᠠᠩ ᠤᠨ ᠪᠥᠲᠥᠭᠡᠨ ᠪᠠᠶᠢᠭᠤᠯᠤᠯᠲᠠ ᠶᠢ ᠲᠣᠭᠤᠷᠢᠨ ᠦᠵᠡᠵᠦ᠂ ᠨᠣᠮ ᠤᠨ ᠰᠠᠩ ᠤᠨ ᠤᠩᠰᠢᠭᠴᠢᠳ ᠲᠤ ᠦᠢᠯᠡᠴᠢᠯᠡᠭᠡ ᠬᠠᠩᠭᠠᠵᠤ ᠪᠠᠶᠢᠭ᠎ᠠ ᠬᠤᠯᠪᠣᠭᠳᠠᠯ ᠪᠥᠬᠦᠶ ᠪᠠᠶᠢᠳᠠᠯ ᠢ ᠣᠶᠢᠯᠠᠭᠠᠭᠰᠠᠨ ᠪᠥᠭᠡᠳ ᠨᠣᠮ ᠤᠨ ᠰᠠᠩ ᠳᠤ ᠨᠣᠮ ᠪᠡᠯᠡᠭᠯᠡᠵᠡᠶ᠃     ᠦᠳᠡ ᠶᠢᠨ ᠬᠤᠶᠢᠨ᠎ᠠ᠂ ᠬᠥᠪᠡᠭᠡᠲᠦ ᠰᠢᠷ᠎ᠠ ᠬᠤᠰᠢᠭᠤᠨ ᠤ ᠨᠣᠮ ᠤᠨ ᠰᠠᠩ ᠨᠢ ᠨᠢᠭᠡᠳᠦᠮᠡᠯ ᠹᠷᠣᠨᠲ ᠤᠨ ᠬᠡᠯᠲᠡᠰ᠂ ᠬᠥᠪᠡᠭᠡᠲᠦ ᠰᠢᠷ᠎ᠠ ᠬᠤᠰᠢᠭᠤᠨ ᠤ ᠮᠠᠯᠴᠢᠨ ᠵᠣᠬᠢᠶᠠᠯᠴᠢᠳ ᠤᠨ ᠡᠪᠯᠡᠯ᠂ ︽ᠠᠮᠤᠷ︾ ᠦᠨᠳᠦᠰᠦᠲᠡᠨ ᠤ ᠬᠤᠳᠠᠯᠳᠤᠭᠠᠨ ᠤ ᠲᠠᠯᠠᠪᠠᠢ ᠲᠠᠢ ᠬᠠᠮᠲᠤᠷᠠᠨ ︽ᠤᠮᠠᠷᠠᠲᠤ ᠬᠢᠯᠢ ᠪᠠᠷ ᠲᠣᠭᠤᠷᠢᠨ ᠦᠵᠡᠶ᠎ᠡ︾ ᠭᠡᠬᠦ ᠭᠤᠣᠯ ᠰᠡᠳᠦᠪᠲᠦ ᠮᠡᠳᠡᠯᠭᠡ ᠶᠢᠨ ᠤᠷᠤᠯᠳᠤᠭᠠᠨ ᠤ ᠠᠵᠢᠯᠯᠠᠭ᠎ᠠ ᠥᠷᠨᠢᠭᠦᠯᠵᠦ᠂ ᠤᠷᠤᠯᠳᠤᠭᠠᠨ ᠨᠢ ᠨᠠᠮ ᠤᠨ ᠲᠡᠦᠬᠡ ᠪᠣᠯᠤᠨ ᠣᠷᠣᠨ ᠨᠤᠲᠤᠭ ᠤᠨ ᠲᠡᠦᠬᠡ ᠵᠡᠷᠭᠡ ᠮᠡᠳᠡᠯᠭᠡ ᠶᠢᠨ ᠲᠣᠭᠤᠷᠢᠨ ᠳᠤ ᠶᠠᠪᠤᠭᠳᠠᠵᠤ᠂ ᠤᠷᠤᠯᠳᠤᠭᠠᠨ ᠤ ᠶᠠᠪᠤᠴᠠ ᠳᠤ᠂ ᠤᠷᠤᠯᠴᠠᠭᠰᠠᠳ ᠢᠳᠡᠪᠬᠢᠲᠡᠢ ᠪᠠᠷ ᠰᠡᠳᠦᠪ ᠬᠠᠷᠢᠭᠤᠯᠵᠤ᠂ ᠠᠬᠤᠢ ᠲᠠᠯᠠᠪᠠᠢ ᠶᠢᠨ ᠠᠭᠤᠷ ᠠᠮᠢᠰᠬᠤᠯ ᠬᠦᠭᠵᠢᠶᠡᠨ ᠢᠶᠠᠷ ᠪᠢᠯᠬᠠᠵᠤ᠂ ᠠᠬᠤᠢ ᠲᠠᠯᠠᠪᠠᠢ ᠶᠢᠨ ᠦᠵᠡᠭᠴᠢᠳ ᠴᠤ ᠴᠦᠭᠡᠨ ᠪᠤᠰᠤ ᠮᠡᠳᠡᠯᠭᠡ ᠰᠤᠷᠤᠯᠴᠠᠵᠠᠢ᠃     ᠣᠶᠢᠯᠠᠭᠠᠭᠰᠠᠨ ᠢᠶᠠᠷ᠂ ᠬᠥᠪᠡᠭᠡᠲᠦ ᠰᠢᠷ᠎ᠠ ᠬᠤᠰᠢᠭᠤᠨ ᠤ ᠨᠣᠮ ᠤᠨ ᠰᠠᠩ 4 ᠰᠠᠷ᠎ᠠ ᠶᠢᠨ 16᠎ ᠤ ᠡᠳᠦᠷ ᠠᠴᠠ 4 ᠰᠠᠷ᠎ᠠ ᠶᠢᠨ 24᠎ ᠤ ᠡᠳᠦᠷ ᠪᠣᠯᠲᠠᠯᠠᠬᠢ ᠬᠤᠭᠤᠴᠠᠭᠠᠨ ᠳᠤ ᠠᠭᠤᠯᠭ᠎ᠠ ᠪᠠᠶᠠᠯᠢᠭ᠂ ᠬᠡᠯᠪᠡᠷᠢ ᠣᠯᠠᠨ  ᠪᠥᠬᠦ ᠠᠷᠠᠳ ᠤᠨ ᠤᠩᠰᠢᠯᠭ᠎ᠠ ᠶᠢᠨ ᠠᠵᠢᠯᠯᠠᠭ᠎ᠠ ᠦᠷᠨᠢᠭᠦᠯᠵᠥ᠂ ᠣᠯᠠᠨ ᠲᠦᠮᠡᠨ ᠤ ᠨᠣᠮ ᠤᠩᠰᠢᠬᠤ ᠤᠷᠮ᠎ᠠ ᠵᠣᠷᠢᠭ ᠢ ᠤᠯᠠᠮ ᠨᠢᠭᠡ ᠠᠯᠬᠤᠮ ᠬᠥᠭᠵᠢᠭᠡᠵᠦ᠂ ᠪᠥᠬᠦ ᠠᠷᠠᠳ ᠢᠶᠠᠷ ᠢᠶᠠᠨ ᠨᠣᠮ ᠤᠩᠰᠢᠬᠤ ᠶᠢ ᠠᠬᠢᠭᠤᠯᠤᠨ᠂ ᠣᠯᠠᠨ ᠲᠦᠮᠡᠨ ᠤ ᠬᠡᠪ ᠴᠢᠨᠠᠷ ᠪᠠ ᠨᠡᠶᠢᠭᠡᠮ ᠤᠨ ᠪᠣᠯᠪᠠᠰᠤᠨ ᠤ ᠬᠢᠷᠢ ᠬᠡᠮᠵᠢᠶ᠎ᠡ ᠶᠢ ᠳᠡᠭᠡᠭᠰᠢᠯᠡᠭᠦᠯᠵᠦ᠂ ︽ᠨᠤᠮ ᠤᠨ ᠰᠤᠷᠪᠤᠯᠵᠢᠲᠦ ᠬᠥᠪᠡᠭᠡᠲᠦ ᠰᠢᠷ᠎ᠠ ᠬᠤᠰᠢᠭᠤ︾᠎ ᠶᠢ ᠬᠠᠮᠲᠤ ᠪᠠᠷ ᠪᠥᠲᠥᠭᠡᠨ ᠪᠠᠶᠢᠭᠤᠯᠬᠤ ᠳᠤ ᠰᠠᠶᠢᠨ ᠰᠠᠶᠢᠬᠠᠨ ᠠᠭᠤᠷ ᠠᠮᠢᠰᠬᠤᠯ ᠢ ᠪᠣᠶ ᠪᠤᠯᠭᠠᠵᠠᠢ᠃
 
ᠢᠷᠡᠯᠲᠡ᠄ ᠬᠦᠪᠡᠭᠡᠲᠦ ᠰᠢᠷ᠎ᠠ ᠬᠤᠰᠢᠭᠤᠨ ᠤ ᠬᠠᠮ ᠵᠠᠭᠤᠴᠢᠯᠠᠭᠤᠷ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号