ᠠᠯᠢᠮ᠎ᠠ ᠶᠢᠨ ᠬᠡᠷ ᠪᠦᠯᠢ ᠠᠶᠢᠮᠠᠭ ᠤᠨ ᠲᠠᠰ ᠤᠨ ︽ᠬᠠᠮᠤᠭ ᠭᠤᠶᠣ ᠬᠡᠷ ᠪᠦᠯᠢ︾ ᠪᠤᠯᠪᠠ
ᠨᠡᠶᠢᠲᠡᠯᠡᠭᠰᠡᠨ ᠴᠠᠭ᠄
2024/4/30
     ᠪᠣᠬᠳᠠ ᠶᠢᠨ ᠭᠤᠣᠯ ᠰᠣᠮᠣᠨ ᠤ ᠴᠠᠭᠠᠨ ᠳᠡᠷᠡᠰᠦ ᠭᠠᠴᠠᠭᠠᠨ ᠤ ᠮᠠᠯᠴᠢᠨ ᠠᠯᠢᠮ᠎ᠠ᠂ ᠳᠠᠪᠰᠢᠯᠲᠤ ᠶᠢᠨ ᠭᠡᠷ ᠪᠦᠯᠢ ᠨᠢ ᠨᠠᠰᠣᠳᠠᠨ ᠢᠶᠠᠨ ᠬᠦᠨᠳᠣᠯᠠᠵᠣ᠂ ᠨᠢᠯᠬᠠᠰ ᠢᠶᠠᠨ ᠬᠠᠶᠢᠷᠠᠯᠠᠵᠣ᠂ ᠡᠭᠡᠯ ᠪᠣᠷᠣᠭᠵᠢᠭᠤᠨ ᠠᠮᠢᠳᠤᠷᠠᠯ ᠳᠤᠮᠳᠠ ᠪᠠᠨ ᠪᠤᠰᠤᠳ ᠢ ᠲᠤᠰᠠᠯᠠᠬᠤ ᠪᠠᠷ ᠵᠢᠷᠭᠠᠯ ᠢᠶᠠᠨ ᠪᠤᠯᠭᠠᠳᠠᠭ ᠭᠡᠷ ᠤᠨ ᠰᠤᠷᠲᠠᠯ ᠢᠶᠠᠷ ᠣᠯᠠᠨ ᠤ ᠬᠠᠯᠠᠭᠤᠨ ᠭᠦᠷᠢᠶᠡᠯᠡᠯ ᠢ ᠣᠯᠵᠦ᠂ ᠣᠷᠴᠢᠮᠬᠠᠨ ᠠᠶᠢᠮᠠᠭ ᠤᠨ ᠲᠡᠰ ᠤᠨ ︽ᠬᠠᠮᠤᠭ ᠭᠤᠶᠣ ᠬᠡᠷ ᠪᠦᠯᠢ︾ ᠶᠢᠨ ᠢᠷᠠᠭᠤ ᠠᠯᠳᠡᠷ ᠢᠶᠠᠷ ᠡᠩᠬᠡᠷ ᠢᠶᠠᠨ ᠮᠢᠯᠢᠶᠠᠯᠭᠠᠯ᠎ᠠ᠃     ᠡᠨᠡ ᠬᠦ ᠪᠠᠶᠠᠷ ᠤᠨ ᠴᠢᠮᠡᠭᠡ ᠶᠢ ᠲᠣᠭᠤᠯᠣᠬᠰᠠᠨ ᠰᠣᠷᠪᠣᠯᠵᠢᠯᠠᠬᠴᠢ᠂ ᠠᠯᠢᠮ᠎ᠠ ᠳᠠᠪᠰᠢᠯᠲᠤ ᠶᠢᠨ ᠭᠡᠷ ᠲᠤ ᠬᠦᠷᠬᠦ ᠳᠤ ᠲᠡᠷᠡ ᠬᠤᠶᠠᠷ ᠶᠠᠭ ᠦᠬᠡᠷ ᠢᠶᠠᠨ ᠲᠡᠵᠢᠬᠡᠬᠡᠳ ᠶᠠᠭᠠᠷᠠᠵᠤ ᠪᠠᠶᠢᠯ᠎ᠠ᠃ ᠡᠳᠡᠨᠡᠶᠢᠬᠢᠨ 400 ᠭᠠᠷᠣᠢ ᠲᠡᠭᠰᠢ ᠲᠦᠷᠪᠠᠯᠵᠢᠨ ᠮᠧᠲᠷ ᠪᠦᠬᠦᠢ ᠫᠧᠩ ᠬᠤᠷᠤᠭ᠎ᠠ ᠲᠠᠢ᠂ 60 ᠭᠠᠷᠣᠢ ᠰᠠᠭᠠᠯᠢ ᠶᠢᠨ ᠦᠨᠢᠶ᠎ᠠ ᠮᠠᠯᠵᠢᠨ᠂ ᠵᠢᠯ ᠤᠨ 10 ᠭᠠᠷᠣᠢ ᠲᠦᠮᠡᠨ ᠲᠦᠬᠦᠷᠢᠭ ᠤᠨ ᠴᠡᠪᠡᠷ ᠣᠷᠣᠯᠭ᠎ᠠ ᠡᠭᠦᠳᠴᠦ᠂ ᠰᠢᠨ᠎ᠠ ᠴᠠᠭ ᠦᠶ᠎ᠡ ᠶᠢᠨ ᠰᠢᠯᠢᠳᠡᠭ ᠮᠠᠯᠴᠢᠨ ᠤ ᠡᠩᠨᠡᠬᠡᠨ ᠳᠤ ᠬᠤᠰᠢᠭᠤᠷᠠᠵᠦ ᠶᠠᠪᠣᠨ᠎ᠠ᠃     ᠠᠯᠢᠮ᠎ᠠ᠂ ᠲᠠᠪᠰᠢᠯᠳᠣ ᠬᠤᠶᠠᠭᠤᠯᠠ ᠨᠠᠮ ᠤᠨ ᠭᠡᠰᠢᠭᠦᠨ ᠪᠣᠯᠤᠭᠰᠠᠨ ᠤ ᠬᠤᠪᠢ ᠳᠤ 2015 ᠣᠨ ᠳᠤ ᠬᠥᠪᠡᠭᠡᠲᠦ ᠰᠢᠷ᠎ᠠ ᠬᠤᠰᠢᠭᠤᠨ ᠤ ᠲᠤᠯᠭ᠎ᠠ ᠬᠠᠶᠢᠷ᠎ᠠ ᠬᠠᠯᠠᠮᠵᠢ ᠶᠢᠨ ᠬᠤᠯᠪᠣᠭᠠᠨ ᠳᠤ ᠣᠷᠣᠵᠤ᠂ ᠨᠠᠮ ᠤᠨ ᠭᠡᠰᠢᠭᠦᠨ ᠤ ᠲᠠᠭᠠᠭᠤᠯᠣᠬᠴᠢ ᠦᠢᠯᠡᠳᠦᠯ ᠢᠶᠠᠨ ᠪᠠᠳᠠᠷᠠᠭᠤᠯᠣᠨ᠂ ᠤᠷᠢᠳ ᠬᠤᠵᠢᠳ 200 ᠭᠠᠷᠤᠢ ᠤᠳᠠᠭ᠎ᠠ ᠨᠡᠶᠢᠲᠡ ᠶᠢᠨ ᠠᠰᠠᠷᠠᠮᠵᠢ ᠶᠢᠨ ᠠᠵᠢᠯᠯᠠᠭ᠎ᠠ ᠳᠤ ᠣᠷᠣᠯᠴᠠᠵᠤ᠂ ᠭᠡᠷ ᠲᠡᠭᠡᠨ ᠬᠤᠴᠣᠷᠤᠭᠰᠠᠨ ᠨᠠᠰᠣᠳᠠᠶᠢᠴᠣᠳ ᠪᠡ ᠬᠡᠦᠬᠡᠳ᠂ ᠵᠡᠮᠳᠡᠭ ᠭᠦᠮᠦᠰ ᠵᠡᠷᠭᠡ 500 ᠭᠠᠷᠤᠢ ᠬᠥᠮᠦᠨ ᠢ ᠬᠠᠪᠰᠤᠷᠴᠤ᠂ ᠭᠤᠶᠠᠴᠢ ᠦᠭᠡᠢ ᠬᠠᠶᠢᠷ᠎ᠠ ᠪᠠᠷ ᠢᠶᠠᠨ ᠭᠦᠴᠢᠷᠳᠡᠯᠳᠡᠢ ᠭᠦᠮᠦᠰ ᠢ ᠳᠡᠳᠭᠦᠨ ᠳᠡᠮᠵᠢᠵᠦ᠂ ᠭᠤᠷᠪᠠᠨ ᠵᠢᠯ ᠳᠠᠷᠠᠭᠠᠯᠠᠨ ᠬᠥᠪᠡᠭᠡᠲᠦ ᠰᠢᠷ᠎ᠠ ᠬᠤᠰᠢᠭᠤᠨ ᠤ ᠲᠤᠯᠭ᠎ᠠ ᠬᠠᠶᠢᠷ᠎ᠠ ᠬᠠᠯᠠᠮᠵᠢ ᠶᠢᠨ ᠬᠤᠯᠪᠣᠭᠠᠨ ᠤ ︽ᠣᠨ ᠤ ᠰᠢᠯᠢᠳᠡᠭ ᠭᠡᠰᠢᠭᠦᠨ︾ ᠵᠡᠷᠬᠡ ᠢᠷᠠᠭᠤ ᠠᠯᠳᠡᠷ ᠢ ᠬᠦᠷᠳᠡᠭᠰᠡᠬᠡᠷ ᠢᠷᠠᠵᠠᠢ᠃     ᠠᠯᠢᠮ᠎ᠠ ᠶᠢᠨ ᠨᠥᠬᠦᠷ ᠳᠠᠪᠰᠢᠯᠲᠤ 2012 ᠣᠨ ᠠᠴᠠ 2021 ᠣᠨ ᠪᠣᠯᠲᠠᠯ᠎ᠠ ᠪᠣᠬᠳᠠ ᠶᠢᠨ ᠭᠤᠣᠯ ᠰᠣᠮᠣᠨ ᠤ ᠴᠠᠭᠠᠨ ᠳᠡᠷᠡᠰᠦ ᠭᠠᠴᠠᠭᠠᠨ ᠤ ᠳᠡᠳ᠋ ᠭᠠᠴᠠᠭᠠᠨ ᠳᠠᠷᠤᠭ᠎ᠠ᠂ ᠨᠠᠮ ᠤᠨ ᠡᠭᠦᠷ ᠤᠨ ᠳᠡᠳ᠋ ᠱᠦᠵᠢ ᠶᠢᠨ ᠲᠤᠰᠢᠶᠠᠯ ᠢ ᠡᠬᠦᠷᠬᠡᠯᠡᠵᠣ᠂ 2021 ᠣᠨ ᠠᠴᠠ ᠡᠬᠢᠯᠡᠨ ᠭᠠᠴᠠᠭᠠᠨ ᠤ ᠨᠠᠮ ᠤᠨ ᠡᠭᠦᠷ ᠤᠨ ᠱᠦᠵᠢ ᠪᠠ ᠭᠠᠴᠠᠭᠠᠨ ᠳᠠᠷᠤᠭ᠎ᠠ ᠶᠢᠨ ᠲᠤᠰᠢᠶᠠᠯ ᠢ ᠡᠬᠦᠷᠬᠡᠯᠡᠭᠰᠡᠬᠡᠷ ᠢᠷᠠᠵᠠᠢ᠃ ᠲᠠᠪᠰᠢᠯᠳᠣ ᠶᠢᠨ ᠠᠵᠢᠯ ᠨᠢ ᠲᠤᠩ ᠶᠠᠭᠠᠷᠠᠤ᠂ ᠵᠠᠷᠢᠮ ᠳᠤ ᠪᠠᠨ ᠭᠡᠷ ᠲᠤ ᠪᠠᠨ ᠴᠦ ᠬᠠᠷᠢᠬᠤ ᠵᠠᠪ ᠦᠬᠡᠢ ᠪᠠᠶᠢᠳᠠᠭ ᠠᠴᠠ᠂ ᠠᠯᠢᠮ᠎ᠠ ᠠᠷᠣ  ᠭᠡᠷ ᠤᠨ ᠶᠢᠨ ᠠᠵᠢᠯ ᠢᠶᠠᠨ ᠭᠢᠯᠡᠯᠵᠡᠳᠠᠯ᠎ᠠ ᠪᠡᠶᠡᠯᠡᠭᠦᠯᠭᠦ ᠶᠢᠨ ᠬᠠᠮᠳᠣ ᠨᠦᠭᠦᠷ ᠤᠨ ᠢᠶᠠᠨ ᠠᠵᠢᠯ ᠢ ᠬᠠᠯᠠᠮᠵᠢᠯᠠᠨ ᠳᠡᠮᠵᠢᠭᠰᠡᠭᠡᠷ ᠢᠷᠡᠭᠰᠡᠨ ᠢᠶᠠᠷ ᠲᠠᠪᠰᠢᠯᠳᠣ ᠪᠥᠬᠦ ᠭᠠᠴᠠᠭᠠᠨ ᠤ ᠮᠠᠯᠴᠢᠨ ᠲᠦᠮᠡᠨ  ᠢᠶᠠᠨ  ᠳᠠᠭᠠᠭᠤᠯᠤᠨ ᠪᠠᠶᠠᠵᠢᠯ ᠤᠨ ᠵᠠᠮ ᠢᠶᠠᠷ ᠵᠠᠮᠨᠠᠵᠣ᠂ ᠴᠠᠭᠠᠨ ᠳᠡᠷᠡᠰᠦ ᠭᠠᠴᠠᠭ᠎ᠠ ᠨᠢ 2021 ᠣᠨ ᠳᠤ ᠠᠶᠢᠮᠠᠭ ᠤᠨ ᠲᠠᠰ ᠤᠨ ︽ᠲᠠᠪᠤᠨ ᠬᠦᠴᠦᠷᠬᠡᠭ ᠨᠠᠮ ᠤᠨ ᠡᠭᠦᠷ︾ ᠪᠣᠯᠤᠨ ᠬᠤᠰᠢᠭᠤ  ᠲᠠᠰ ᠤᠨ ︽ᠲᠠᠪᠤᠨ ᠬᠦᠴᠦᠷᠬᠡᠭ ᠨᠠᠮ ᠤᠨ ᠡᠭᠦᠷ︾᠂ ᠠᠶᠢᠮᠠᠭ ᠤᠨ ᠲᠠᠰ ᠤᠨ ᠬᠦᠳᠡᠭᠡ ᠲᠣᠰᠬᠤᠨ ᠢ ᠬᠦᠭᠵᠢᠬᠦᠯᠣᠨ ᠮᠠᠨᠳᠣᠭᠤᠯᠬᠤ ᠵᠢᠱᠢᠶ᠎ᠠ ᠦᠵᠡᠬᠦᠯᠬᠦ ᠭᠠᠴᠠᠭ᠎ᠠ  ᠪᠠᠷ ᠦᠨᠡᠯᠡᠭᠳᠡᠵᠣ᠂ 2022 ᠣᠨ ᠳᠤ ︽ᠪᠦᠬᠦ ᠠᠶᠢᠮᠠᠭ ᠤᠨ ᠪᠣᠯᠪᠠᠰᠣᠨ ᠭᠠᠴᠠᠭ᠎ᠠ ᠲᠣᠰᠬᠤᠨ︾ ᠪᠡ ᠪᠦᠬᠦ ᠬᠤᠰᠢᠭᠤᠨ  ᠤ ᠦᠨᠳᠣᠰᠣᠳᠠᠨ ᠤ ᠪᠦᠯᠬᠦᠮᠳᠠᠯ ᠲᠠᠪᠰᠢᠯᠳᠠ ᠶᠢᠨ ᠵᠢᠱᠢᠶ᠎ᠠ ᠦᠵᠡᠬᠦᠯᠬᠦ ᠨᠢᠬᠡᠴᠡ ᠪᠠᠷ ᠦᠨᠡᠯᠡᠭᠳᠡᠭᠰᠠᠨ ᠪᠠᠶᠢᠨ᠎ᠠ᠃ ︽ᠮᠠᠨ  ᠤ ᠬᠡᠷ ᠤᠨ ᠬᠢ ᠮᠢᠨᠣ ᠠᠵᠢᠯ ᠢ ᠶᠡᠭᠡ ᠣᠶᠢᠯᠠᠭᠠᠵᠣ ᠲᠡᠮᠵᠢᠳᠡᠭ︔ ᠠᠴᠢᠷ ᠦᠷ᠎ᠡ ᠪᠠᠨ ᠬᠦᠮᠣᠵᠢᠬᠦᠯᠬᠦ᠂ ᠠᠷᠣ ᠬᠡᠷ ᠢᠶᠠᠨ ᠲᠣᠳᠣᠮᠳᠠᠬᠤ᠂ ᠠᠶᠢᠯ ᠬᠡᠷ ᠤᠨ ᠠᠵᠢᠯ ᠢ ᠭᠤᠤᠯᠯᠠᠨ ᠬᠢᠵᠤ᠂ ᠲᠡᠬᠦᠨ ᠤ ᠨᠦᠯᠣᠬᠡ ᠪᠠᠷ ᠮᠠᠨ ᠤ ᠬᠤᠶᠡᠷ ᠦᠬᠢᠨ ᠰᠣᠷᠣᠯᠭ᠎ᠠ᠂ ᠶᠣᠰᠣ ᠮᠣᠷᠠᠯ ᠡᠯ᠎ᠡ ᠲᠠᠯ᠎ᠠ ᠪᠠᠷ ᠠᠩᠬᠢ ᠳᠤ ᠪᠠᠨ ᠲᠡᠬᠡᠬᠦᠷ ᠣᠷᠣᠳᠠᠭ︾ ᠭᠡᠵᠤ ᠲᠠᠪᠰᠢᠯᠳᠣ ᠶᠠᠷᠢᠯ᠎ᠠ᠃     ᠠᠯᠢᠮ᠎ᠠ ᠳᠠᠪᠰᠢᠯᠲᠦ ᠶᠢᠨ ᠬᠡᠷ ᠪᠦᠯᠢ ᠶᠢ ᠶᠠᠷᠢᠬᠤ ᠳᠤ ᠬᠥᠮᠥᠨ ᠪᠣᠯᠭᠠᠨ ᠪᠠᠭ᠋ᠠᠷᠬᠠᠵᠣ᠂ ᠲᠡᠳᠡ ᠬᠤᠶᠠᠭᠤᠯᠠ ᠠᠵᠢᠯ ᠠᠮᠢᠳᠣᠷᠠᠯ ᠲᠣᠮᠳᠠ ᠪᠠᠨ ᠬᠠᠷᠢᠯᠴᠠᠨ ᠬᠠᠪᠰᠣᠷᠣᠯᠴᠠᠨ ᠡᠶ᠎ᠡ ᠨᠡᠶᠢᠷᠲᠠᠢ ᠬᠡᠷ ᠪᠦᠯᠢ ᠶᠢ ᠴᠣᠬᠴᠠᠯᠠᠵᠣ᠂ ᠦᠷ᠎ᠡ ᠬᠡᠣᠬᠡᠳ ᠲᠤ  ᠪᠠᠨ ᠲᠠᠭᠤᠷᠢᠶᠠᠯ ᠪᠣᠯᠣᠬᠰᠠᠨ ᠠᠴᠠ ᠲᠡᠬᠦᠨ ᠤ ᠬᠤᠶᠡᠷ ᠬᠡᠣᠬᠡᠨ ᠨᠢ ᠰᠣᠷᠣᠯᠭ᠎ᠠ ᠬᠢᠴᠢᠶᠠᠯ ᠳᠡᠭᠡᠨ ᠰᠢᠮᠳᠠᠨ ᠴᠢᠷᠮᠡᠶᠢᠵᠣ᠂ ᠪᠣᠰᠣᠳ ᠲᠤ ᠲᠣᠰᠠᠷᠬᠠᠭ ᠰᠠᠶᠢᠬᠠᠨ ᠮᠣᠷᠠᠯ ᠲᠠᠢ ᠪᠣᠯᠣᠨ ᠬᠦᠮᠣᠵᠢᠭ᠍ᠳᠡᠵᠣ᠂ ᠨᠣᠳᠤᠭ ᠣᠰᠣᠨ ᠤ ᠣᠯᠠᠨ ᠲᠦᠮᠡᠨ ᠤ ᠰᠠᠶᠢᠨ ᠦᠨᠡᠯᠡᠯᠲᠡ ᠶᠢ ᠣᠯᠣᠬᠰᠠᠨ ᠪᠠᠶᠢᠨ᠎ᠠ᠃ ︽ᠠᠯᠢᠮ᠎ᠠ ᠲᠠᠪᠰᠢᠯᠳᠣ  ᠬᠤᠶᠠᠭᠤᠯᠠ ᠮᠠᠨ ᠤ ᠲᠣᠯᠭ᠎ᠠ ᠬᠠᠶᠢᠷ᠎ᠡ ᠬᠠᠯᠠᠮᠵᠢ ᠶᠢᠨ ᠬᠤᠯᠪᠣᠭᠠᠨ ᠠᠴᠠ ᠵᠣᠬᠢᠶᠠᠨ ᠪᠠᠶᠢᠭᠤᠯᠣᠬᠰᠠᠨ ᠡᠯ᠎ᠡ ᠲᠦᠷᠣᠯ ᠤᠨ ᠠᠵᠢᠯᠯᠠᠭ᠎ᠠ ᠳᠤ ᠮᠠᠰᠢ ᠢᠳᠡᠪᠬᠢᠲᠠᠢ ᠣᠷᠣᠯᠴᠠᠳᠠᠭ︔ ᠣᠨᠴᠠᠭᠠᠶᠢᠯᠠᠨ ᠬᠢᠵᠢᠭ ᠤᠨ ᠬᠤᠭᠤᠴᠠᠭᠠᠨ ᠳᠤ ᠬᠤᠯᠪᠣᠭᠠᠨ ᠤ ᠵᠣᠬᠢᠶᠠᠨ ᠪᠠᠶᠢᠭᠤᠯᠣᠬᠰᠠᠨ ᠠᠵᠢᠯᠯᠠᠭᠠᠨ ᠳᠤ ᠢᠳᠡᠪᠬᠢᠲᠠᠢ ᠣᠷᠣᠯᠴᠠᠵᠣ᠂ ᠡᠪᠡᠰᠣ ᠪᠣᠷᠳᠤᠭ᠎ᠠ ᠲᠣᠳᠠᠬᠳᠠᠵᠣ ᠪᠠᠶᠢᠭ᠎ᠠ ᠠᠶᠢᠯ ᠡᠷᠣᠬᠡ ᠳᠤ ᠦᠨ᠎ᠠ ᠲᠦᠯᠣᠪᠣᠷᠢ ᠦᠬᠡᠢ ᠡᠪᠡᠰᠣ ᠪᠣᠷᠳᠤᠭ᠎ᠠ ᠬᠦᠷᠬᠡᠬᠦ ᠠᠵᠢᠯᠯᠠᠭ᠎ᠠ ᠳᠤ ᠰᠠᠶᠢᠨ ᠣᠷᠣᠯᠴᠠᠬᠰᠠᠨ︔ ᠮᠦᠨ ᠴᠦ ᠬᠤᠯᠪᠣᠭᠠᠨ ᠤ ᠨᠠᠶᠠ ᠭᠠᠷᠣᠢ ᠬᠡᠰᠢᠬᠦᠨ ᠲᠠᠢ  ᠪᠠᠨ ᠡᠪ ᠡᠶ᠎ᠡ ᠲᠠᠢ᠂ ᠬᠤᠳᠠ ᠣᠰᠣᠨ ᠳᠤ ᠪᠠᠨ ᠡᠶ᠎ᠡ ᠡᠪᠲᠠᠢ᠂ ᠪᠦᠯᠬᠦᠮᠳᠠᠯ ᠲᠠᠢ᠂ ᠣᠯᠠᠨ ᠢ ᠲᠠᠶᠢᠴᠢᠯᠠᠨ ᠲᠠᠭᠠᠭᠤᠯᠬᠤ ᠲᠠᠯ᠎ᠠ ᠪᠠᠷ ᠮᠠᠰᠢ ᠰᠠᠶᠢᠨ ᠪᠠᠶᠢᠳᠠᠭ︾ ᠭᠡᠵᠤ ᠬᠦᠪᠡᠬᠡᠳᠣ ᠰᠢᠷ᠎ᠡ ᠬᠤᠰᠢᠭᠤᠨ ᠤ ᠲᠣᠯᠭ᠎ᠠ ᠬᠠᠶᠢᠷ᠎ᠡ ᠬᠠᠯᠠᠮᠵᠢ ᠶᠢᠨ ᠬᠤᠯᠪᠣᠭᠠᠨ ᠤ ᠨᠠᠮ ᠤᠨ ᠡᠬᠦᠷ ᠤᠨ ᠱᠦᠵᠢ ᠪᠠᠶᠠᠷᠳᠣ ᠶᠠᠷᠢᠯ᠎ᠠ᠃
 
ᠢᠷᠡᠯᠲᠡ᠄ ᠬᠦᠪᠡᠭᠡᠲᠦ ᠰᠢᠷ᠎ᠠ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号