ᠡᠨᠡ ᠵᠢᠯ 72 ᠨᠠᠰᠤᠲᠠᠶ ᠤᠶᠤᠨᠴᠢᠮᠡᠭ ᠪᠣᠯ ᠰᠢᠯᠢ ᠶᠢᠨ ᠭᠤᠤᠯ ᠠᠶᠢᠮᠠᠭ ᠲᠡᠰ ᠤᠨ ᠪᠣᠳᠠᠰ ᠤᠨ ᠪᠤᠰᠤ ᠰᠣᠶᠣᠯ ᠤᠨ | ᠥᠪ ᠲᠥᠷᠥᠯ ᠵᠦᠢᠯ ᠤᠨ ᠴᠠᠬᠠᠷ ᠬᠤᠪᠴᠠᠰᠤ ᠵᠠᠰᠠᠯ ᠤᠨ ᠲᠦᠯᠥᠭᠡᠯᠡᠭᠴᠢ᠂ ᠦᠪᠯᠡᠡ ᠤᠯᠠᠮᠵᠢᠯᠠᠭᠴᠢ ᠪᠣᠯᠤᠨ᠎ᠠ᠃ | ᠭᠦᠪᠡᠭᠡᠲᠦ ᠰᠢᠷ᠎ᠠ ᠬᠤᠰᠢᠭᠤᠨ ᠤ ᠵᠠᠩ ᠦᠢᠯᠡ ᠰᠣᠶᠤᠯ ᠤᠨ ᠵᠡᠭᠡᠯᠢ ᠶᠢᠨ ︽ᠤᠶᠤᠠ ᠲᠡᠷᠯᠢᠭ ᠤᠨ ᠤᠶᠤᠳᠠᠯ ᠤᠨ | ᠭᠠᠵᠠᠷ︾ ᠪᠤᠯ ᠳᠠᠷᠤᠢ ᠤᠶᠤᠨᠴᠢᠮᠡᠭ ᠨᠠᠰᠤᠲᠠᠨ ᠤ ᠲᠦᠴᠢᠭᠡᠳ ᠵᠢᠯ ᠤᠨ ᠬᠢᠨᠢ ᠬᠦᠯᠦᠰᠦ ᠬᠦᠴᠦ ᠪᠤᠯᠤᠨ᠎ᠠ᠃ ᠲᠡᠷᠡ | ᠬᠡᠳᠥᠶᠢᠪᠡᠷ ᠲᠠᠯ᠎ᠠ ᠶᠢᠨ ᠲᠠᠪᠠᠭ᠎ᠠ ᠶᠢ ᠲᠠᠪᠠᠭᠰᠠᠠ ᠪᠤᠯᠪᠠᠴᠥ᠂ ᠦᠨᠳᠦᠰᠦᠲᠡᠨ ᠤ ᠬᠤᠪᠴᠠᠰᠤ ᠵᠠᠰᠠᠯ ᠢᠶᠠᠨ ᠤᠶᠤᠵᠤ | ᠤᠷᠠᠯᠠᠬᠤ ᠶᠢ ᠪᠠᠷᠢᠮᠲᠠᠯᠠᠵᠤ᠂ ᠦᠨᠳᠦᠰᠦᠲᠡᠨ ᠤ ᠦᠪ ᠰᠣᠶᠣᠯ ᠢᠶᠠᠨ ᠤᠯᠠᠮᠵᠢᠯᠠᠨ ᠵᠠᠯᠭᠠᠮᠵᠢᠯᠠᠭᠰᠠᠭᠠᠷ ᠢᠷᠡᠵᠠᠢ᠃ | ᠤᠶᠤᠨᠴᠢᠮᠡᠭ ᠪᠤᠯ ᠬᠦᠪᠡᠭᠡᠳᠦ ᠰᠢᠷ᠎ᠠ ᠬᠤᠰᠢᠭᠤᠨ ᠤ ᠪᠤᠭᠳᠠ ᠶᠢᠨ ᠭᠤᠤᠯ ᠰᠤᠮᠤᠨ ᠤ ᠡᠬᠢᠨ ᠤᠰᠤ ᠭᠠᠴᠠᠭᠠᠨ ᠤ | ᠮᠠᠯᠴᠢᠨ ᠪᠤᠯᠤᠨ᠎ᠠ᠃ ᠲᠡᠷᠡ 20 ᠵᠢᠯ ᠤᠨ ᠡᠮᠤᠨ᠎ᠡ᠂ ᠡᠵᠢ ᠠᠴᠠ ᠪᠠᠨ ᠰᠤᠷᠤᠠᠠᠰᠠᠠ ᠣᠶᠣᠳᠠᠯ ᠤᠨ ᠤᠷ᠎ᠠ | ᠠᠪᠢᠶᠠᠰ ᠢᠶᠠᠷ ᠢᠶᠠᠨ ᠪᠤᠭᠳᠠ ᠶᠢᠨ ᠭᠤᠤᠯ ᠰᠤᠮᠤᠨ ᠲᠦᠪ ᠲᠤ ᠬᠤᠪᠴᠠᠰᠤ ᠣᠶᠣᠬᠤ ᠭᠠᠵᠠᠷ ᠭᠠᠷᠭᠠᠨ ᠤᠷᠤᠯᠭ᠎ᠠ ᠪᠠᠨ | ᠨᠡᠮᠡᠭᠳᠡᠭᠦᠯᠳᠡᠭ ᠪᠠᠶᠢᠨ᠎ᠠ᠃ 2006 ᠣᠨ ᠳᠤ ᠬᠤᠲᠠ ᠣᠷᠣᠵᠤ ᠦᠢᠯᠡᠰ ᠪᠤᠰᠬᠠᠠ ᠰᠢᠨᠡᠪᠤᠯᠠᠭ ᠪᠠᠯᠭᠠᠰᠤᠨ ᠳᠤ | ᠦᠨᠳᠦᠰᠦᠲᠡᠨ ᠤ ᠬᠤᠪᠴᠠᠰᠤ ᠵᠠᠰᠠᠯ ᠤᠨ ᠳᠡᠯᠭᠡᠭᠦᠷ ᠡᠷᠬᠢᠯᠡᠭᠰᠡᠨ ᠠᠴᠠ ᠨᠠᠭᠠᠰᠢ᠂ ᠤᠶᠤᠨᠴᠢᠮᠡᠭ ᠤᠷᠢᠳ ᠬᠤᠵᠢᠳ ᠠᠷᠪᠠᠨ | ᠬᠡᠳᠦᠨ ᠱᠠᠪᠢ ᠬᠥᠮᠥᠵᠢᠭᠦᠯᠵᠦ᠂ ᠲᠡᠳᠡᠨ ᠳᠤ ᠴᠠᠬᠠᠷ ᠬᠤᠪᠴᠠᠰᠤ ᠵᠠᠰᠠᠯ᠂ ᠵᠡᠭᠦᠦ ᠤᠷᠢᠶᠠᠬᠤ᠂ ᠡᠰᠬᠡᠯᠳᠡ᠂ ᠲᠣᠯᠣᠭᠠᠶ ᠶᠢᠨ | ᠵᠠᠰᠠᠯ ᠵᠡᠷᠭᠡ ᠠᠯᠢ ᠣᠯᠠᠨ ᠤᠯᠠᠮᠵᠢᠯᠠᠯᠲᠤ ᠤᠷ᠎ᠠ ᠮᠡᠷᠭᠡᠵᠢᠯ ᠢ ᠵᠢᠭᠠᠵᠠᠢ᠃ ︽ᠪᠢ ᠠᠷᠪᠠᠨ ᠳᠣᠯᠣᠭᠠᠨ ᠨᠠᠰᠤᠲᠠᠢ ᠠᠴᠠ ᠪᠠᠨ | ᠤᠶᠤᠳᠠᠯ ᠬᠢᠭᠰᠡᠨ︔ ᠤᠭ ᠠᠴᠠ ᠪᠠᠨ ᠲᠤᠷ᠎ᠠ ᠪᠠᠭ᠋ᠠᠳᠠᠢ︔ ᠤᠶᠤᠳᠠᠯ ᠤᠨ ᠮᠡᠷᠭᠡᠵᠢᠯ ᠢᠶᠠᠨ ᠵᠠᠯᠠᠭᠤᠴᠤᠳ ᠳᠠᠭᠠᠨ ᠢᠯᠡᠭᠦᠥ | ᠵᠢᠭᠠᠵᠤ ᠤᠯᠠᠮᠵᠢᠯᠠᠶ᠎ᠠ ᠬᠡᠵᠥ ᠪᠤᠳᠤᠵᠤ ᠪᠠᠶᠢᠨ᠎ᠠ︾ ᠭᠡᠵᠥ ᠣᠶᠤᠨᠴᠢᠮᠡᠭ ᠶᠠᠷᠢᠯ᠎ᠠ᠃ | ᠦᠨᠳᠦᠰᠦᠲᠡᠨ ᠤ ᠬᠤᠪᠴᠠᠰᠤ ᠵᠠᠰᠠᠯ ᠨᠢ ᠦᠢ ᠤᠯᠠᠨ ᠤᠶᠤᠳᠠᠯᠴᠢᠳ ᠤᠨ ᠪᠠᠷᠢᠮᠳᠠᠯᠠᠯ ᠪᠠ ᠲᠤᠷ᠎ᠠ ᠪᠠᠬ᠎ᠠ ᠶᠢᠨ | ᠦᠷ᠎ᠡ ᠪᠦᠲᠦᠭᠡᠯ ᠪᠠᠶᠢᠵᠥ᠂ ᠤᠮᠠᠷᠠᠲᠤ ᠬᠢᠯᠢ ᠶᠢᠨ ᠰᠣᠶᠣᠯ ᠤᠨ ᠴᠢᠬᠤᠯᠠ ᠨᠢᠭᠡ ᠠᠭᠤᠯᠭ᠎ᠠ ᠪᠤᠯᠤᠭᠰᠠᠨ ᠪᠠᠶᠢᠨ᠎ᠠ᠃ | |