ᠣᠶᠢᠷ᠎ᠠ ᠳᠤ᠂ ᠤᠯᠤᠰ ᠤᠨ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ︽ᠡᠶᠢᠮᠦᠷᠬᠦᠦ ᠵᠢᠭᠠᠬᠠᠨ ᠶᠠᠪᠤᠳᠠᠯ ᠢ | ᠬᠠᠪᠰᠤᠷᠴᠤ ᠪᠣᠯᠬᠤ ᠦᠭᠡᠢ᠂ ᠪᠤᠰᠤᠳ ᠤᠨ ᠡᠮᠴᠢᠯᠡᠭᠡᠨ ᠤ ᠳᠠᠭᠠᠳᠬᠠᠯ ᠤᠨ ᠺᠠᠷᠲ ᠢ ᠬᠠᠭᠤᠷᠮᠠᠭᠯᠠᠨ ᠬᠡᠷᠡᠭᠯᠡᠪᠡᠯ | ᠰᠢᠢᠳᠬᠡᠭᠳᠡᠨ᠎ᠡ︕︾ ᠭᠡᠬᠦ ᠵᠣᠬᠢᠶᠠᠯ ᠢ ᠨᠡᠶᠢᠲᠡᠯᠡᠭᠰᠡᠨ ᠤ ᠳᠠᠷᠠᠭ᠎ᠠ᠂ ᠰᠦᠯᠵᠢᠶᠡᠴᠢᠳ ᠤᠨ ᠠᠩᠬᠠᠷᠤᠯ ᠢ ᠲᠠᠲᠠᠭᠰᠠᠨ | ᠪᠥᠭᠡᠳ ᠵᠠᠷᠢᠮ ᠨᠢ ᠨᠠᠶᠢᠷᠠᠭᠤᠯᠤᠭᠴᠢ ᠳᠤ ᠲᠥᠷᠥ ᠶᠢᠨ ᠪᠣᠳᠣᠯᠭ᠎ᠠ ᠶᠢ ᠴᠢᠨᠠᠭᠰᠢᠳᠠ ᠲᠠᠶᠢᠯᠪᠤᠷᠢᠯᠠᠬᠤ ᠶᠢ ᠵᠥᠪᠯᠡᠵᠡᠢ᠃ | ᠣᠯᠠᠨ ᠤ ᠵᠠᠷᠢᠮ ᠡᠷᠡᠭᠡᠯᠵᠡᠭᠡ ᠳᠤ ᠬᠠᠨᠳᠤᠭᠤᠯᠤᠨ᠂ ᠨᠠᠶᠢᠷᠠᠭᠤᠯᠤᠭᠴᠢ ᠠᠰᠠᠭᠤᠯᠲᠠ ᠬᠠᠷᠢᠭᠤᠯᠲᠠ ᠨᠤᠭᠤᠳ ᠢ | ᠡᠮᠬᠢᠯᠡᠭᠰᠡᠨ ᠨᠢ ᠲᠠ ᠣᠯᠠᠨ ᠤ ᠡᠷᠡᠭᠡᠯᠵᠡᠭᠡ ᠶᠢ ᠲᠠᠶᠢᠯᠤᠭᠰᠠᠨ ᠪᠣᠯᠣᠭᠠᠰᠠᠢ᠃ | ᠠᠰᠠᠭᠤᠯᠲᠠ᠄ ᠪᠢ ᠡᠮᠴᠢᠯᠡᠭᠡᠨ ᠤ ᠳᠠᠭᠠᠳᠬᠠᠯ ᠤᠨ ᠺᠠᠷᠲ ᠲᠠᠬᠢ ᠮᠦᠩᠭᠦ ᠪᠠᠨ ᠭᠡᠷ ᠤᠨ ᠬᠥᠮᠥᠰ ᠲᠤ ᠪᠠᠨ | ᠬᠡᠷᠡᠭᠯᠡᠭᠦᠯᠵᠦ ᠪᠣᠯᠬᠤ ᠦᠦ︖ | ᠬᠠᠷᠢᠭᠤᠯᠲᠠ᠄ ᠬᠡᠷᠪᠡ ᠲᠠᠨ ᠤ ᠬᠡᠯᠡᠵᠦ ᠪᠠᠶᠢᠭ᠎ᠠ ᠴᠢᠨᠢ ᠠᠵᠢᠯᠲᠠᠨ ᠤ ᠡᠮᠴᠢᠯᠡᠭᠡᠨ ᠤ ᠳᠠᠭᠠᠳᠬᠠᠯ ᠤᠨ ᠬᠤᠪᠢ | ᠬᠥᠮᠥᠨ ᠤ ᠳᠠᠩᠰᠠᠨ ᠳᠠᠬᠢ ᠦᠯᠡᠳᠡᠪᠦᠷᠢ ᠶᠢ ᠵᠢᠭᠠᠵᠤ ᠪᠠᠶᠢᠪᠠᠯ᠂ ᠬᠡᠷᠡᠭᠯᠡᠭᠦᠯᠵᠦ ᠪᠣᠯᠣᠨ᠎ᠠ᠃ ᠠᠵᠢᠯᠲᠠᠨ ᠤ ᠡᠮᠴᠢᠯᠡᠭᠡᠨ ᠤ | ᠳᠠᠭᠠᠳᠬᠠᠯ ᠳᠤ ᠣᠷᠣᠯᠴᠠᠭᠰᠠᠨ ᠤ ᠳᠠᠷᠠᠭ᠎ᠠ᠂ ᠳᠠᠭᠠᠳᠬᠠᠯ ᠤᠨ ᠬᠤᠪᠢ ᠬᠥᠮᠥᠨ ᠤ ᠳᠠᠩᠰᠠ ᠶᠢᠨ ︽ᠭᠡᠷ ᠪᠦᠯᠢ ᠬᠠᠮᠲᠤ ᠪᠠᠷ | ᠬᠡᠷᠡᠭᠯᠡᠬᠦ︾ ᠶᠢ ᠭᠦᠢᠴᠡᠳᠬᠡᠬᠦ ᠪᠠᠷ ᠳᠠᠮᠵᠢᠭᠤᠯᠤᠨ᠂ ᠳᠠᠭᠠᠳᠬᠠᠯ ᠳᠤ ᠣᠷᠣᠯᠴᠠᠭᠰᠠᠨ ᠡᠴᠢᠭᠡ ᠡᠬᠡ᠂ ᠡᠬᠡᠨᠡᠷ ︵ᠨᠥᠬᠦᠷ︶ | ᠪᠠ ᠦᠷ᠎ᠡ ᠬᠡᠦᠬᠡᠳ ᠲᠤ ᠪᠠᠨ ᠡᠷᠬᠡ ᠣᠯᠭᠤᠨ ᠬᠤᠪᠢ ᠬᠥᠮᠥᠨ ᠤ ᠳᠠᠩᠰᠠ ᠪᠠᠨ ᠬᠡᠷᠡᠭᠯᠡᠭᠦᠯᠵᠦ ᠪᠣᠯᠣᠨ᠎ᠠ᠃ ᠵᠢᠱᠢᠶᠡᠯᠡᠪᠡᠯ | ᠲᠣᠭᠲᠠᠭᠠᠯ ᠳᠤ ᠨᠡᠶᠢᠴᠡᠬᠦ ᠡᠮᠴᠢᠯᠡᠭᠡᠨ ᠤ ᠵᠠᠷᠤᠳᠠᠯ ᠤᠨ ᠳᠣᠲᠣᠷᠠᠬᠢ ᠬᠤᠪᠢ ᠬᠥᠮᠥᠨ ᠤ ᠥᠪᠡᠰᠦᠪᠡᠨ ᠥᠭᠬᠦ ᠬᠡᠰᠡᠭ ᠢ | ᠲᠥᠯᠥᠬᠦ ᠳᠤ ᠬᠡᠷᠡᠭᠯᠡᠵᠦ ᠪᠣᠯᠣᠨ᠎ᠠ᠃ | ᠵᠢᠱᠢᠶ᠎ᠡ ᠳᠠᠲᠠᠪᠠᠯ᠂ ᠯᠢ ᠮᠢᠩ ᠤᠨ ᠬᠦᠦ ᠯᠢ ᠰᠢᠶᠣᠣ ᠮᠢᠩ ᠡᠪᠡᠳᠴᠢᠯᠡᠵᠦ᠂ ᠡᠮ ᠬᠤᠳᠠᠯᠳᠤᠨ ᠠᠪᠬᠤ ᠳᠤ ᠬᠤᠪᠢ | ᠬᠥᠮᠥᠨ 100 ᠲᠥᠭᠦᠷᠢᠭ ᠭᠠᠷᠭᠠᠨ᠎ᠠ᠃ ᠯᠢ ᠮᠢᠩ ᠤᠨ ᠠᠵᠢᠯᠲᠠᠨ ᠤ ᠡᠮᠴᠢᠯᠡᠭᠡᠨ ᠤ ᠳᠠᠭᠠᠳᠬᠠᠯ ᠤᠨ ᠬᠤᠪᠢ ᠬᠥᠮᠥᠨ ᠤ | ᠲᠠᠩᠰᠠᠨ ᠳᠤ ᠪᠠᠰᠠ ᠦᠯᠡᠳᠡᠪᠦᠷᠢ ᠪᠠᠶᠢᠭᠰᠠᠨ ᠪᠥᠭᠡᠳ ︽ᠭᠡᠷ ᠪᠦᠯᠢ ᠬᠠᠮᠲᠤ ᠪᠠᠷ ᠬᠡᠷᠡᠭᠯᠡᠬᠦ︾ ᠶᠢ ᠭᠦᠢᠴᠡᠳᠬᠡᠭᠰᠡᠨ ᠤ | ᠳᠠᠷᠠᠭ᠎ᠠ᠂ ᠯᠢ ᠰᠢᠶᠣᠣ ᠮᠢᠩ ᠯᠢ ᠮᠢᠩ ᠤᠨ ᠠᠵᠢᠯᠲᠠᠨ ᠤ ᠡᠮᠴᠢᠯᠡᠭᠡᠨ ᠤ ᠳᠠᠭᠠᠳᠬᠠᠯ ᠤᠨ ᠬᠤᠪᠢ ᠬᠥᠮᠥᠨ ᠤ ᠲᠠᠩᠰᠠᠨ ᠤ | ᠮᠦᠩᠭᠦ ᠪᠠᠷ ᠡᠨᠡ 100 ᠲᠥᠭᠦᠷᠢᠭ ᠢ ᠲᠥᠯᠥᠵᠦ ᠪᠣᠯᠣᠨ᠎ᠠ᠂ ᠡᠨᠡ ᠪᠣᠯ ᠳᠠᠷᠤᠢ ︽ᠭᠡᠷ ᠪᠦᠯᠢ ᠬᠠᠮᠲᠤ ᠪᠠᠷ ᠬᠡᠷᠡᠭᠯᠡᠬᠦ︾ | ᠮᠥᠨ᠃ | ᠠᠰᠠᠭᠤᠯᠲᠠ᠄ ︽ᠭᠡᠷ ᠪᠦᠯᠢ ᠬᠠᠮᠲᠤ ᠪᠠᠷ ᠬᠡᠷᠡᠭᠯᠡᠬᠦ︾ ᠶᠢ ᠬᠡᠷᠬᠢᠨ ᠭᠦᠢᠴᠡᠳᠬᠡᠬᠦ ᠪᠣᠶ︖ | ᠬᠠᠷᠢᠭᠤᠯᠲᠠ᠄ ᠳᠠᠭᠠᠳᠬᠠᠯ ᠳᠤ ᠣᠷᠣᠯᠴᠠᠭᠴᠢ ︵ᠶᠡᠷᠦ ᠳᠤ ᠪᠠᠨ ᠬᠡᠷᠡᠭᠯᠡᠭᠦᠯᠦᠭᠴᠢ︶ ᠤᠯᠤᠰ ᠤᠨ ᠡᠮᠴᠢᠯᠡᠭᠡᠨ ᠤ | ᠪᠠᠲᠤᠯᠠᠭ᠎ᠠ ᠶᠢᠨ ᠦᠢᠯᠡᠴᠢᠯᠡᠭᠡᠨ ᠤ ᠲᠠᠪᠴᠠᠩ APP ᠤᠨ ᠣᠷᠣᠨ ᠨᠤᠲᠤᠭ ᠤᠨ ᠲᠤᠰᠬᠠᠢ ᠪᠣᠯᠣᠩ᠂ ᠲᠤᠬᠠᠢ ᠶᠢᠨ | ᠭᠠᠵᠠᠷ ᠤᠨ ᠡᠮᠴᠢᠯᠡᠭᠡᠨ ᠤ ᠪᠠᠲᠤᠯᠠᠭ᠎ᠠ ᠶᠢᠨ ᠰᠠᠯᠠᠭ᠎ᠠ ᠮᠥᠴᠢᠷ ᠤᠨ ᠸᠢᠴᠠᠲ ᠣᠯᠠᠨ ᠨᠡᠶᠢᠲᠡ ᠶᠢᠨ ᠳ᠋ᠤᠭᠠᠷ᠂ ᠠᠯᠪᠠᠨ ᠤ | ᠰᠦᠯᠵᠢᠶ᠎ᠡ ᠵᠡᠷᠭᠡ ︽ᠠᠵᠢᠯᠲᠠᠨ ᠤ ᠡᠮᠴᠢᠯᠡᠭᠡᠨ ᠤ ᠳᠠᠭᠠᠳᠬᠠᠯ ᠤᠨ ᠬᠤᠪᠢ ᠬᠥᠮᠥᠨ ᠤ ᠳᠠᠩᠰᠠ ᠶᠢᠨ ᠭᠡᠷ ᠪᠦᠯᠢ | ᠬᠠᠮᠲᠤ ᠪᠠᠷ ᠬᠡᠷᠡᠭᠯᠡᠬᠦ︾ ᠴᠢᠳᠠᠮᠵᠢᠲᠤ ᠮᠣᠳᠦ᠋ᠯ ᠢᠶᠠᠷ ᠳᠠᠮᠵᠢᠭᠤᠯᠤᠨ᠂ ᠰᠦᠯᠵᠢᠶᠡᠨ ᠳᠡᠭᠡᠷ᠎ᠡ ᠭᠦᠢᠴᠡᠳᠬᠡᠵᠦ ᠪᠣᠯᠣᠨ᠎ᠠ᠃ | ᠡᠯ᠎ᠡ ᠨᠢᠭᠡᠳᠦᠯᠲᠡᠢ ᠲᠥᠯᠥᠪᠯᠡᠬᠦ ᠣᠷᠣᠨ ᠤ ᠡᠮᠴᠢᠯᠡᠭᠡᠨ ᠤ ᠪᠠᠲᠤᠯᠠᠭ᠎ᠠ ᠶᠢᠨ ᠰᠠᠯᠠᠭ᠎ᠠ ᠮᠥᠴᠢᠷ ᠪᠣᠳᠠᠲᠠᠢ ᠭᠦᠢᠴᠡᠳᠬᠡᠬᠦ | ᠠᠷᠭ᠎ᠠ ᠵᠠᠮ ᠢ ᠨᠡᠶᠢᠭᠡᠮ ᠳᠤ ᠢᠯᠡ ᠪᠣᠯᠭᠠᠨ᠎ᠠ︔ ᠣᠶᠣᠨᠲᠤ ᠲᠥᠬᠦᠭᠡᠷᠦᠮᠵᠢ ᠶᠢ ᠬᠡᠷᠡᠭᠯᠡᠬᠦ ᠳᠤ ᠲᠦᠪᠡᠭᠲᠡᠢ ᠨᠠᠰᠤᠲᠠᠶᠢᠴᠤᠳ | ᠵᠡᠷᠭᠡ ᠣᠨᠴᠠᠭᠠᠶ ᠬᠦᠮᠦᠰ ᠪᠠᠰᠠ ᠰᠦᠯᠵᠢᠶᠡᠨ ᠠᠴᠠ ᠭᠠᠳᠠᠨ᠎ᠠ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶᠠᠨ ᠤ ᠶᠡᠭᠡ | ᠲᠢᠩᠬᠢᠮ ᠳᠤ ᠴᠤ ᠭᠦᠢᠴᠡᠳᠬᠡᠵᠦ ᠪᠣᠯᠣᠨ᠎ᠠ᠃ | ᠠᠰᠠᠭᠤᠯᠲᠠ᠄ ᠭᠡᠷ ᠤᠨ ᠬᠦᠮᠦᠰ ᠯᠠ ᠶᠤᠮ ᠪᠣᠯ ︽ᠭᠡᠷ ᠪᠦᠯᠢ ᠬᠠᠮᠲᠤ ᠪᠠᠷ ᠬᠡᠷᠡᠭᠯᠡᠬᠦ︾ ᠶᠢ ᠬᠡᠷᠡᠭᠯᠡᠵᠦ ᠪᠣᠯᠬᠤ ᠤᠤ︖ | | ᠬᠠᠷᠢᠭᠤᠯᠲᠠ᠄ ᠦᠭᠡᠢ᠃ ᠵᠥᠪᠬᠡᠨ ᠠᠵᠢᠯᠲᠠᠨ ᠤ ᠡᠮᠴᠢᠯᠡᠭᠡᠨ ᠤ ᠳᠠᠭᠠᠳᠬᠠᠯ ᠤᠨ ᠬᠤᠪᠢ ᠬᠥᠮᠥᠨ ᠤ ᠳᠠᠩᠰᠠᠨ ᠳᠤ ︽ | ᠭᠡᠷ ᠪᠦᠯᠢ ᠬᠠᠮᠲᠤ ᠪᠠᠷ ᠬᠡᠷᠡᠭᠯᠡᠬᠦ︾ ᠶᠢ ᠭᠦᠢᠴᠡᠳᠬᠡᠭᠰᠡᠨ ᠭᠡᠷ ᠤᠨ ᠬᠦᠮᠦᠰ ᠯᠡ ᠰᠠᠶ᠋ᠢ ᠲᠤᠰ ᠲᠥᠷᠥ ᠶᠢᠨ ᠪᠣᠳᠣᠯᠭ᠎ᠠ ᠶᠢ | ᠬᠦᠷᠲᠡᠨ᠎ᠡ᠃ | ᠵᠢᠱᠢᠶᠡᠯᠡᠪᠡᠯ᠂ ᠯᠢ ᠮᠢᠩ ᠤᠨ ᠡᠵᠢ᠂ ᠬᠦᠦ ᠬᠢᠭᠡᠳ ᠬᠠᠳᠠᠮ ᠡᠴᠢᠭᠡ ᠨᠢ ᠴᠥᠮ ᠠᠵᠢᠯᠲᠠᠨ ᠤ ᠡᠮᠴᠢᠯᠡᠭᠡᠨ ᠤ | ᠳᠠᠭᠠᠳᠬᠠᠯ ᠳᠤ ᠣᠷᠣᠯᠴᠠᠭᠰᠠᠨ ᠪᠥᠭᠡᠳ ᠬᠤᠪᠢ ᠬᠥᠮᠥᠨ ᠤ ᠳᠠᠩᠰᠠᠨ ᠳᠤ ᠪᠠᠨ ᠦᠯᠡᠳᠡᠪᠦᠷᠢ ᠮᠦᠩᠭᠦ ᠲᠠᠢ᠃ ᠡᠭᠦᠨ ᠳᠤ | ᠵᠥᠪᠬᠡᠨ ᠯᠢ ᠮᠢᠩ ᠤᠨ ᠬᠦᠦ ᠨᠢ ᠲᠡᠭᠦᠨ ᠲᠠᠢ ︽ᠭᠡᠷ ᠪᠦᠯᠢ ᠬᠠᠮᠲᠤ ᠪᠠᠷ ᠬᠡᠷᠡᠭᠯᠡᠬᠦ︾ ᠶᠢ ᠭᠦᠢᠴᠡᠳᠬᠡᠭᠰᠡᠨ ᠠᠴᠠ ᠵᠥᠪᠬᠡᠨ | ᠬᠦᠦ ᠶᠢᠨ ᠢᠶᠠᠨ ᠬᠤᠪᠢ ᠶᠢᠨ ᠲᠠᠩᠰᠠᠨ ᠤ ᠦᠯᠡᠳᠡᠪᠦᠷᠢ ᠮᠦᠩᠭᠦ ᠪᠠᠷ ᠵᠠᠷᠤᠳᠠᠯ ᠢᠶᠠᠨ ᠲᠥᠯᠥᠵᠦ ᠪᠣᠯᠣᠨ᠎ᠠ᠃ ᠡᠵᠢ ᠶᠢᠨ ᠬᠢᠨᠢ | ᠠᠵᠢᠯᠲᠠᠨ ᠤ ᠡᠮᠴᠢᠯᠡᠭᠡᠨ ᠤ ᠳᠠᠭᠠᠳᠬᠠᠯ ᠤᠨ ᠬᠤᠪᠢ ᠬᠥᠮᠥᠨ ᠤ ᠳᠠᠩᠰᠠᠨ ᠳᠤ ︽ᠭᠡᠷ ᠪᠦᠯᠢ ᠬᠠᠮᠲᠤ ᠪᠠᠷ ᠬᠡᠷᠡᠭᠯᠡᠬᠦ︾ ᠶᠢ | ᠭᠦᠢᠴᠡᠳᠬᠡᠭᠡ ᠦᠭᠡᠢ ᠤᠴᠢᠷ ᠠᠴᠠ ᠬᠠᠮᠲᠤ ᠪᠠᠷ ᠬᠡᠷᠡᠭᠯᠡᠵᠦ ᠪᠣᠯᠬᠤ ᠦᠭᠡᠢ᠃ ᠬᠠᠳᠠᠮ ᠡᠴᠢᠭᠡ ᠨᠢ ︽ᠭᠡᠷ ᠪᠦᠯᠢ | ᠬᠠᠮᠲᠤ ᠪᠠᠷ ᠬᠡᠷᠡᠭᠯᠡᠬᠦ︾ ᠭᠡᠰᠢᠭᠦᠳ ᠤᠨ ᠬᠡᠪᠴᠢᠶᠡᠨ ᠳᠤ ᠬᠠᠷᠢᠶᠠᠯᠠᠭᠳᠠᠬᠤ ᠦᠭᠡᠢ ᠲᠤᠯᠠ ︽ᠭᠡᠷ ᠪᠦᠯᠢ ᠬᠠᠮᠲᠤ ᠪᠠᠷ | ᠬᠡᠷᠡᠭᠯᠡᠬᠦ︾ ᠶᠢ ᠭᠦᠢᠴᠡᠳᠬᠡᠵᠦ ᠪᠣᠯᠬᠤ ᠦᠭᠡᠢ᠃ | ᠠᠵᠢᠯᠲᠠᠨ ᠤ ᠡᠮᠴᠢᠯᠡᠭᠡᠨ ᠤ ᠳᠠᠭᠠᠳᠬᠠᠯ ᠳᠤ ᠣᠷᠣᠯᠴᠠᠭᠰᠠᠳ ᠳᠠᠭᠠᠳᠬᠠᠯ ᠤᠨ ᠺᠠᠷᠲ ᠲᠠᠬᠢ ᠬᠤᠪᠢ ᠬᠥᠮᠥᠨ ᠤ | ᠳᠠᠩᠰᠠ ᠶᠢᠨ ᠰᠠᠭᠤᠷᠢ ᠮᠥᠩᠭᠦ ᠪᠠᠨ ᠡᠴᠢᠭᠡ ᠡᠬᠡ᠂ ᠡᠬᠡᠨᠡᠷ ︵ᠨᠥᠬᠦᠷ︶᠂ ᠦᠷ᠎ᠡ ᠬᠡᠦᠬᠡᠳ ᠲᠤ ᠪᠠᠨ ᠬᠡᠷᠡᠭᠯᠡᠭᠦᠯᠵᠦ | ᠪᠣᠯᠣᠨ᠎ᠠ᠃ ᠭᠡᠪᠡᠴᠦ ᠡᠷᠬᠡᠪᠰᠢ ᠬᠤᠶᠠᠷ ᠨᠥᠬᠦᠴᠡᠯ ᠳᠤ ᠨᠡᠶᠢᠴᠡᠭᠰᠡᠨ ᠪᠠᠶᠢᠬᠤ ᠬᠡᠷᠡᠭᠲᠡᠢ᠄ ᠨᠢᠭᠡ ᠳᠤ ᠲᠠᠨ ᠤ ᠡᠴᠢᠭᠡ ᠡᠬᠡ᠂ | ᠡᠬᠡᠨᠡᠷ ︵ᠨᠥᠬᠦᠷ︶᠂ ᠦᠷ᠎ᠡ ᠬᠡᠦᠬᠡᠳ ᠴᠢᠨᠢ ᠪᠠᠰᠠ ᠦᠨᠳᠦᠰᠦᠨ ᠡᠮᠴᠢᠯᠡᠭᠡᠨ ᠤ ᠳᠠᠭᠠᠳᠬᠠᠯ ︵ᠠᠵᠢᠯᠲᠠᠨ ᠤ | ᠡᠮᠴᠢᠯᠡᠭᠡᠨ ᠤ ᠳᠠᠭᠠᠳᠬᠠᠯ ᠪᠠ ᠰᠠᠭᠤᠭᠠᠯᠢ ᠠᠷᠠᠳ ᠤᠨ ᠡᠮᠴᠢᠯᠡᠭᠡᠨ ᠤ ᠳᠠᠭᠠᠳᠬᠠᠯ ᠢ ᠪᠠᠭᠲᠠᠭᠠᠨ᠎ᠠ︶ ᠳᠤ ᠣᠷᠣᠯᠴᠠᠭᠰᠠᠨ | ᠪᠠᠶᠢᠬᠤ ᠬᠡᠷᠡᠭᠲᠡᠢ︔ ᠬᠤᠶᠠᠷ ᠲᠤ ᠲᠠ ᠠᠵᠢᠯᠲᠠᠨ ᠤ ᠡᠮᠴᠢᠯᠡᠭᠡᠨ ᠤ ᠳᠠᠭᠠᠳᠬᠠᠯ ᠤᠨ ᠬᠤᠪᠢ ᠬᠥᠮᠥᠨ ᠤ ᠳᠠᠩᠰᠠ ᠶᠢᠨ ︽ | ᠭᠡᠷ ᠪᠦᠯᠢ ᠬᠠᠮᠲᠤ ᠪᠠᠷ ᠬᠡᠷᠡᠭᠯᠡᠬᠦ︾ ᠶᠢ ᠭᠦᠢᠴᠡᠳᠬᠡᠭᠰᠡᠨ ᠪᠠᠶᠢᠬᠤ ᠬᠡᠷᠡᠭᠲᠡᠢ᠃ ᠡᠭᠦᠨ ᠤ ᠬᠠᠮᠲᠤ ᠪᠠᠰᠠ | ᠠᠩᠬᠠᠷᠤᠭᠤᠰᠢᠲᠠᠢ ᠨᠢ᠄ ᠨᠢᠭᠡ ᠳᠤ ︽ᠭᠡᠷ ᠪᠦᠯᠢ ᠬᠠᠮᠲᠤ ᠪᠠᠷ ᠬᠡᠷᠡᠭᠯᠡᠬᠦ︾ ᠭᠡᠰᠢᠭᠦᠳ ᠤᠨ ᠬᠡᠪᠴᠢᠶᠡᠨ ᠳᠤ ᠡᠬᠡᠨᠡᠷ ︵ | ᠨᠥᠬᠦᠷ︶ ᠤᠨ ᠡᠴᠢᠭᠡ ᠡᠬᠡ ᠶᠢ ᠪᠠᠭᠲᠠᠭᠠᠬᠤ ᠦᠭᠡᠢ︔ ᠬᠤᠶᠠᠷ ᠲᠤ ᠬᠡᠷᠡᠭᠯᠡᠭᠴᠢ ᠨᠢ ᠬᠡᠷᠡᠭᠯᠡᠭᠦᠯᠦᠭᠴᠢ ᠶᠢᠨ ᠡᠮᠴᠢᠯᠡᠭᠡᠨ ᠤ | ᠳᠠᠭᠠᠳᠬᠠᠯ ᠤᠨ ᠳᠠᠩᠰᠠ ᠲᠠᠶᠢᠯᠬᠤ ᠬᠠᠷᠠᠭᠠᠯᠵᠠᠯ ᠢ ᠬᠦᠷᠲᠡᠵᠦ ᠴᠢᠳᠠᠬᠤ ᠦᠭᠡᠢ᠂ ᠳᠠᠷᠤᠢ ᠲᠠ ᠬᠤᠪᠢ ᠬᠥᠮᠥᠨ ᠤ | ᠳᠠᠩᠰᠠᠨ ᠳᠠᠬᠢ ᠮᠦᠩᠭᠦ ᠪᠠᠨ ᠡᠴᠢᠭᠡ ᠡᠬᠡ ᠳᠤ ᠪᠠᠨ ᠬᠡᠷᠡᠭᠯᠡᠭᠦᠯᠵᠦ ᠪᠣᠯᠣᠨ᠎ᠠ᠂ ᠭᠡᠪᠡᠴᠦ ᠡᠴᠢᠭᠡ ᠡᠬᠡ ᠴᠢᠨᠢ | ᠡᠪᠡᠳᠴᠢᠨ ᠢᠶᠠᠨ ᠦᠵᠡᠭᠦᠯᠦᠭᠡᠳ ᠬᠡᠳᠦᠢ ᠶᠢ ᠨᠢ ᠳᠠᠩᠰᠠ ᠲᠠᠶᠢᠯᠬᠤ ᠨᠢ ᠲᠡᠳᠡᠨ ᠤ ᠣᠷᠣᠯᠴᠠᠭᠰᠠᠨ ᠡᠮᠴᠢᠯᠡᠭᠡᠨ ᠤ | ᠳᠠᠭᠠᠳᠬᠠᠯ ᠤᠨ ᠳᠦᠷᠢᠮ ᠢ ᠦᠨᠳᠦᠰᠦᠯᠡᠨ᠎ᠡ᠃ ᠠᠵᠢᠯᠲᠠᠨ ᠤ ᠡᠮᠴᠢᠯᠡᠭᠡᠨ ᠤ ᠳᠠᠭᠠᠳᠬᠠᠯ ᠳᠤ ᠣᠷᠣᠯᠴᠠᠭᠰᠠᠨ ᠪᠣᠯ | ᠠᠵᠢᠯᠲᠠᠨ ᠤ ᠡᠮᠴᠢᠯᠡᠭᠡᠨ ᠤ ᠳᠠᠭᠠᠳᠬᠠᠯ ᠤᠨ ᠵᠣᠬᠢᠬᠤ ᠬᠠᠷᠠᠭᠠᠯᠵᠠᠯ ᠢ ᠬᠦᠷᠲᠡᠨ᠎ᠡ︔ ᠰᠠᠭᠤᠭᠠᠯᠢ ᠠᠷᠠᠳ ᠤᠨ ᠡᠮᠴᠢᠯᠡᠭᠡᠨ ᠤ | ᠳᠠᠭᠠᠳᠬᠠᠯ ᠳᠤ ᠣᠷᠣᠯᠴᠠᠭᠰᠠᠨ ᠪᠣᠯ ᠰᠠᠭᠤᠭᠠᠯᠢ ᠠᠷᠠᠳ ᠤᠨ ᠡᠮᠴᠢᠯᠡᠭᠡᠨ ᠤ ᠳᠠᠭᠠᠳᠬᠠᠯ ᠤᠨ ᠵᠣᠬᠢᠬᠤ ᠬᠠᠷᠠᠭᠠᠯᠵᠠᠯ ᠢ | ᠬᠦᠷᠲᠡᠨ᠎ᠡ᠃ | ᠠᠰᠠᠭᠤᠯᠲᠠ᠄ ︽ᠭᠡᠷ ᠪᠦᠯᠢ ᠬᠠᠮᠲᠤ ᠪᠠᠷ ᠬᠡᠷᠡᠭᠯᠡᠬᠦ︾ ᠶᠢ ᠭᠦᠢᠴᠡᠳᠬᠡᠭᠰᠡᠨ ᠤ ᠳᠠᠷᠠᠭ᠎ᠠ᠂ ᠡᠪᠡᠳᠴᠢᠨ ᠦᠵᠡᠭᠦᠯᠵᠦ | ᠡᠮ ᠬᠤᠳᠠᠯᠳᠤᠨ ᠠᠪᠬᠤ ᠳᠤ ᠬᠡᠨ ᠤ ᠡᠮᠴᠢᠯᠡᠭᠡᠨ ᠤ ᠳᠠᠭᠠᠳᠬᠠᠯ ᠤᠨ ᠺᠠᠷᠲ ᠢ ᠬᠡᠷᠡᠭᠯᠡᠬᠦ ᠪᠣᠶ︖ | ᠬᠠᠷᠢᠭᠤᠯᠲᠠ᠄ ᠶᠠᠮᠠᠷᠪᠠ ᠪᠠᠶᠢᠳᠠᠯ ᠳᠤ ᠴᠤ ᠪᠠᠶᠢᠲᠤᠭᠠᠢ᠂ ᠡᠪᠡᠳᠴᠢᠨ ᠦᠵᠡᠭᠦᠯᠵᠦ ᠡᠮ ᠬᠤᠳᠠᠯᠳᠤᠨ ᠠᠪᠬᠤ ᠳᠤ | ᠡᠷᠬᠡᠪᠰᠢ ᠡᠪᠡᠳᠴᠢᠲᠡᠨ ᠲᠤᠰ ᠬᠥᠮᠥᠨ ᠤ ᠺᠠᠷᠲ ᠢ ᠬᠡᠷᠡᠭᠯᠡᠬᠦ ᠬᠡᠷᠡᠭᠲᠡᠢ᠃ ︽ᠭᠡᠷ ᠪᠦᠯᠢ ᠬᠠᠮᠲᠤ ᠪᠠᠷ ᠬᠡᠷᠡᠭᠯᠡᠬᠦ︾ | ᠲᠥᠷᠥ ᠶᠢᠨ ᠪᠣᠳᠣᠯᠭ᠎ᠠ ᠳᠠᠬᠢ ︽ᠬᠠᠮᠲᠤ ᠪᠠᠷ ᠬᠡᠷᠡᠭᠯᠡᠬᠦ︾ ᠭᠡᠳᠡᠭ ᠨᠢ ᠠᠵᠢᠯᠲᠠᠨ ᠤ ᠡᠮᠴᠢᠯᠡᠭᠡᠨ ᠤ ᠳᠠᠭᠠᠳᠬᠠᠯ ᠳᠤ | ᠣᠷᠣᠯᠴᠠᠭᠰᠠᠳ ᠤᠨ ᠡᠮᠴᠢᠯᠡᠭᠡᠨ ᠤ ᠳᠠᠭᠠᠳᠬᠠᠯ ᠤᠨ ᠺᠠᠷᠲ ᠤᠨ ᠬᠤᠪᠢ ᠬᠥᠮᠥᠨ ᠤ ᠳᠠᠩᠰᠠᠨ ᠳᠠᠬᠢ ᠮᠦᠩᠭᠦ᠂ ᠬᠠᠷᠢᠨ | ᠡᠮᠴᠢᠯᠡᠭᠡᠨ ᠤ ᠳᠠᠭᠠᠳᠬᠠᠯ ᠤᠨ ᠺᠠᠷᠲ ᠲᠤᠰ ᠪᠡᠶ᠎ᠡ ᠨᠢ ᠪᠢᠰᠢ ᠶᠤᠮ᠃ | ᠡᠮᠴᠢᠯᠡᠭᠡᠨ ᠤ ᠳᠠᠭᠠᠳᠬᠠᠯ ᠳᠤ ︽ᠥᠪᠡᠷ ᠢᠶᠠᠨ ᠳᠠᠭᠠᠳᠬᠠᠯ ᠳᠤ ᠣᠷᠣᠯᠴᠠᠵᠤ᠂ ᠥᠪᠡᠷ ᠢᠶᠠᠨ ᠬᠠᠷᠠᠭᠠᠯᠵᠠᠯ ᠬᠦᠷᠲᠡᠬᠦ︾ | ᠵᠠᠷᠴᠢᠮ ᠢ ᠵᠢᠷᠤᠮᠯᠠᠨ᠎ᠠ᠃ ︽ᠭᠡᠷ ᠪᠦᠯᠢ ᠬᠠᠮᠲᠤ ᠪᠠᠷ ᠬᠡᠷᠡᠭᠯᠡᠬᠦ︾ ᠶᠢ ᠭᠦᠢᠴᠡᠳᠬᠡᠭᠰᠡᠨ ᠤ ᠳᠠᠷᠠᠭ᠎ᠠ ᠲᠤᠰ ᠵᠠᠷᠴᠢᠮ ᠦᠯᠦ | ᠬᠤᠪᠢᠷᠠᠨ᠎ᠠ᠂ ᠳᠠᠭᠠᠳᠬᠠᠯ ᠳᠤ ᠣᠷᠣᠯᠴᠠᠭᠴᠢ ᠮᠥᠨ ᠯᠠ ᠥᠪᠡᠷ ᠤᠨ ᠡᠮᠴᠢᠯᠡᠭᠡᠨ ᠤ ᠳᠠᠭᠠᠳᠬᠠᠯ ᠤᠨ ᠺᠠᠷᠲ ᠢᠶᠠᠷ ᠢᠶᠠᠨ | ᠡᠪᠡᠳᠴᠢᠨ ᠢᠶᠠᠨ ᠦᠵᠡᠭᠦᠯᠵᠦ᠂ ᠲᠣᠭᠲᠠᠭᠠᠯ ᠶᠣᠰᠣᠭᠠᠷ ᠥᠪᠡᠷ ᠤᠨ ᠡᠮᠴᠢᠯᠡᠭᠡᠨ ᠤ ᠳᠠᠭᠠᠳᠬᠠᠯ ᠤᠨ ᠬᠠᠷᠠᠭᠠᠯᠵᠠᠯ ᠢᠶᠠᠨ | ᠬᠦᠷᠲᠡᠨ᠎ᠡ᠃ | ᠣᠶᠢᠯᠠᠭᠠᠮᠵᠢᠲᠠᠢ ᠪᠠᠷ ᠬᠡᠯᠡᠪᠡᠯ᠂ ᠮᠦᠩᠭᠦ ᠶᠢ ᠬᠠᠮᠲᠤ ᠪᠠᠷ ᠬᠡᠷᠡᠭᠯᠡᠵᠦ ᠪᠣᠯᠣᠨ᠎ᠠ᠂ ᠺᠠᠷᠲ ᠢ ᠬᠠᠮᠲᠤ ᠪᠠᠷ ᠬᠡᠷᠡᠭᠯᠡᠵᠦ | ᠪᠣᠯᠬᠤ ᠦᠭᠡᠢ᠃ ᠢᠩᠭᠢᠪᠡᠯ ᠣᠯᠠᠨ ᠠᠳᠡᠭᠦᠷᠡᠯ ᠢ ᠪᠠᠭᠠᠰᠬᠠᠵᠤ ᠴᠢᠳᠠᠨ᠎ᠠ᠃ | ᠠᠰᠠᠭᠤᠯᠲᠠ᠄ ᠥᠪᠡᠷ ᠤᠨ ᠡᠮᠴᠢᠯᠡᠭᠡᠨ ᠤ ᠳᠠᠭᠠᠳᠬᠠᠯ ᠤᠨ ᠺᠠᠷᠲ ᠢᠶᠠᠨ ᠬᠡᠷᠡᠭᠯᠡᠬᠦ ᠦᠭᠡᠢ ᠪᠠᠷ ᠡᠮᠴᠢᠯᠡᠭᠦᠯᠪᠡᠯ ᠶᠠᠮᠠᠷ | ᠦᠷ᠎ᠡ ᠳ᠋ᠦᠩ ᠳᠤ ᠬᠦᠷᠬᠦ ᠪᠣᠢ︖ | ᠬᠠᠷᠢᠭᠤᠯᠲᠠ᠄ ᠥᠪᠡᠷ ᠤᠨ ᠡᠮᠴᠢᠯᠡᠭᠡᠨ ᠤ ᠳᠠᠭᠠᠳᠬᠠᠯ ᠤᠨ ᠺᠠᠷᠲ ᠢᠶᠠᠷ ᠢᠶᠠᠨ ᠳ᠋ᠤᠭᠠᠷᠯᠠᠵᠤ ᠡᠮᠴᠢᠯᠡᠭᠦᠯᠬᠦ ᠦᠭᠡᠢ ᠪᠣᠯ | ᠳᠠᠷᠤᠢ ︽ᠬᠠᠭᠤᠷᠮᠠᠭᠯᠠᠨ ᠡᠮᠴᠢᠯᠡᠭᠦᠯᠬᠦ︾ ᠶᠠᠪᠤᠳᠠᠯ ᠪᠣᠯᠣᠨ᠎ᠠ᠂ ᠬᠥᠩᠭᠡᠨ ᠪᠣᠯ ᠡᠮᠴᠢᠯᠡᠭᠡᠨ ᠤ ᠵᠠᠷᠤᠳᠠᠯ ᠢ ᠰᠦᠯᠵᠢᠶ᠎ᠡ ᠪᠠᠷ | ᠳ᠋ᠦᠩᠨᠡᠨ ᠪᠤᠳᠤᠬᠤ ᠶᠢ ᠲᠦᠷ ᠵᠣᠭᠰᠣᠭᠠᠵᠤ᠂ ᠬᠦᠨᠳᠦ ᠪᠣᠯ ᠬᠠᠤᠯᠢ ᠶᠢ ᠵᠦᠷᠢᠴᠡᠭᠰᠡᠨ ᠶᠠᠯ᠎ᠠ ᠪᠣᠯᠣᠨ᠎ᠠ᠃ | ︽ᠬᠠᠭᠤᠷᠮᠠᠭᠯᠠᠨ ᠡᠮᠴᠢᠯᠡᠭᠦᠯᠬᠦ︾ ᠭᠡᠳᠡᠭ ᠨᠢ ᠳᠠᠷᠤᠢ ᠬᠠᠤᠯᠢ ᠪᠤᠰᠤ ᠪᠠᠷ ᠥᠪᠡᠷ ᠲᠤ ᠪᠠᠨ ᠡᠵᠡᠷᠬᠡᠨ ᠡᠵᠡᠯᠡᠬᠦ ᠪᠠᠷ | ᠵᠣᠷᠢᠯᠭ᠎ᠠ ᠪᠣᠯᠭᠠᠨ ᠪᠤᠰᠤᠳ ᠤᠨ ᠡᠮᠴᠢᠯᠡᠭᠡᠨ ᠤ ᠳᠠᠭᠠᠳᠬᠠᠯ ᠤᠨ ᠭᠡᠷᠡᠴᠢ ᠪᠠᠷᠢᠮᠲᠠ ᠶᠢ ᠬᠠᠭᠤᠷᠮᠠᠭᠯᠠᠨ ᠬᠡᠷᠡᠭᠯᠡᠵᠦ᠂ | ᠲᠣᠭᠲᠠᠭᠰᠠᠨ ᠡᠮᠴᠢᠯᠡᠭᠡᠨ ᠤ ᠪᠠᠶᠢᠭᠤᠯᠤᠮᠵᠢ ᠳᠤ ᠳ᠋ᠤᠭᠠᠷᠯᠠᠨ ᠡᠮᠴᠢᠯᠡᠭᠦᠯᠬᠦ ᠶᠢᠨ ᠬᠠᠮᠲᠤ ᠡᠮᠴᠢᠯᠡᠭᠡᠨ ᠤ ᠳᠠᠭᠠᠳᠬᠠᠯ ᠤᠨ | ᠳ᠋ᠦᠩᠨᠡᠨ ᠪᠤᠳᠤᠬᠤ ᠬᠠᠷᠠᠭᠠᠯᠵᠠᠯ ᠢ ᠬᠦᠷᠲᠡᠭᠡᠳ᠂ ᠡᠭᠦᠨ ᠢᠶᠠᠷ ᠢᠶᠠᠨ ᠡᠮᠴᠢᠯᠡᠭᠡᠨ ᠤ ᠳᠠᠭᠠᠳᠬᠠᠯ ᠤᠨ ᠰᠠᠭᠤᠷᠢ ᠮᠥᠩᠭᠦ ᠶᠢ | ᠮᠡᠬᠡᠯᠡᠨ ᠠᠪᠬᠤ ᠦᠢᠯᠡ ᠠᠵᠢᠯᠯᠠᠭ᠎ᠠ ᠶᠤᠮ᠃ ᠡᠭᠦᠨ ᠳᠠᠬᠢ ︽ᠪᠤᠰᠤᠳ︾ ᠭᠡᠳᠡᠭ ᠨᠢ ᠳᠠᠭᠠᠳᠬᠠᠯ ᠳᠤ ᠣᠷᠣᠯᠴᠠᠭᠴᠢ | ᠲᠣᠰ ᠬᠥᠮᠥᠨ ᠠᠴᠠ ᠪᠤᠰᠤᠳ ᠶᠠᠮᠠᠷᠪᠠ ᠬᠥᠮᠥᠨ ᠢ ᠵᠢᠭᠠᠵᠤ ᠪᠠᠶᠢᠨ᠎ᠠ᠂ ᠳᠠᠷᠤᠢ ᠱᠠᠭᠠᠷᠳᠠᠯᠭ᠎ᠠ ᠶᠣᠰᠣᠭᠠᠷ ︽ᠭᠡᠷ ᠪᠦᠯᠢ | ᠬᠠᠮᠲᠤ ᠪᠠᠷ ᠬᠡᠷᠡᠭᠯᠡᠬᠦ︾ ᠶᠢ ᠭᠦᠢᠴᠡᠳᠬᠡᠭᠰᠡᠨ ᠦᠭᠡᠢ ᠭᠡᠷ ᠪᠦᠯᠢ ᠶᠢᠨ ᠭᠡᠰᠢᠭᠦᠳ ᠢ ᠪᠠᠭᠲᠠᠭᠠᠨ᠎ᠠ᠃ | ︽ᠡᠮᠴᠢᠯᠡᠭᠡᠨ ᠤ ᠳᠠᠭᠠᠳᠬᠠᠯ ᠤᠨ ᠰᠠᠭᠤᠷᠢ ᠮᠥᠩᠭᠦ ᠬᠡᠷᠡᠭᠯᠡᠬᠦ ᠶᠢ ᠬᠢᠨᠠᠵᠤ ᠬᠠᠮᠢᠶᠠᠷᠬᠤ ᠳᠦᠷᠢᠮ︾ ᠤᠨ ᠠᠷᠪᠠᠨ | ᠳᠣᠯᠣᠳᠤᠭᠠᠷ ᠵᠦᠢᠯ ᠳᠤ᠂ ︽ᠳᠠᠭᠠᠳᠬᠠᠯ ᠳᠤ ᠣᠷᠣᠯᠴᠠᠭᠰᠠᠳ ᠥᠪᠡᠷ ᠤᠨ ᠡᠮᠴᠢᠯᠡᠭᠡᠨ ᠤ ᠳᠠᠭᠠᠳᠬᠠᠯ ᠤᠨ ᠭᠡᠷᠡᠴᠢ | ᠪᠠᠷᠢᠮᠲᠠ ᠪᠠᠷ ᠢᠶᠠᠨ ᠡᠮᠴᠢᠯᠡᠭᠦᠯᠵᠦ᠂ ᠡᠮ ᠬᠤᠳᠠᠯᠳᠤᠨ ᠠᠪᠴᠤ᠂ ᠪᠠᠰᠠ ᠰᠠᠨᠠᠭᠠᠴᠢᠯᠠᠭ᠎ᠠ ᠠᠴᠠ ᠪᠠᠨ ᠪᠠᠶᠢᠴᠠᠭᠠᠨ | ᠰᠢᠯᠭᠠᠯᠲᠠ ᠶᠢ ᠬᠦᠯᠢᠶᠡᠪᠡᠯ ᠵᠣᠬᠢᠨ᠎ᠡ︾ ᠭᠡᠵᠦ ᠲᠣᠳᠣᠷᠬᠠᠢ ᠲᠣᠭᠲᠠᠭᠠᠵᠠᠢ᠃ ᠮᠥᠨ ᠳᠥᠴᠢᠨ ᠨᠢᠭᠡᠳᠦᠭᠡᠷ ᠵᠦᠢᠯ ᠳᠤ ︽ | ᠥᠪᠡᠷ ᠤᠨ ᠡᠮᠴᠢᠯᠡᠭᠡᠨ ᠤ ᠳᠠᠭᠠᠳᠬᠠᠯ ᠤᠨ ᠭᠡᠷᠡᠴᠢ ᠪᠠᠷᠢᠮᠲᠠ ᠪᠠᠨ ᠪᠤᠰᠤᠳ ᠲᠤ ᠥᠭᠴᠦ ᠬᠠᠭᠤᠷᠮᠠᠭᠯᠠᠨ ᠬᠡᠷᠡᠭᠯᠡᠭᠦᠯᠦᠭᠡᠳ᠂ | ᠡᠮᠴᠢᠯᠡᠭᠡᠨ ᠤ ᠳᠠᠭᠠᠳᠬᠠᠯ ᠤᠨ ᠰᠠᠭᠤᠷᠢ ᠮᠥᠩᠭᠦ ᠶᠢ ᠬᠤᠬᠢᠷᠠᠭᠤᠯᠤᠭᠰᠠᠨ ᠪᠠᠶᠢᠪᠠᠯ᠂ ᠠᠯᠪᠠᠳᠠᠨ ᠪᠤᠴᠠᠭᠠᠯᠭᠠᠨ᠎ᠠ︔ | ᠳᠠᠭᠠᠳᠬᠠᠯ ᠳᠤ ᠣᠷᠣᠯᠴᠠᠭᠰᠠᠳ ᠲᠤ ᠲᠣᠭᠠᠴᠠᠭᠳᠠᠪᠠᠯ᠂ ᠡᠮᠴᠢᠯᠡᠭᠡᠨ ᠤ ᠵᠠᠷᠤᠳᠠᠯ ᠢ ᠰᠦᠯᠵᠢᠶ᠎ᠡ ᠪᠠᠷ ᠳ᠋ᠦᠩᠨᠡᠨ ᠪᠤᠳᠤᠬᠤ ᠶᠢ | 3 ᠠᠴᠠ 12 ᠰᠠᠷ᠎ᠠ ᠲᠦᠷ ᠵᠣᠭᠰᠣᠭᠠᠨ᠎ᠠ︔ ᠪᠤᠰᠤᠳ ᠤᠨ ᠡᠮᠴᠢᠯᠡᠭᠡᠨ ᠤ ᠳᠠᠭᠠᠳᠬᠠᠯ ᠤᠨ ᠭᠡᠷᠡᠴᠢ ᠪᠠᠷᠢᠮᠲᠠ ᠪᠠᠷ | ᠬᠠᠭᠤᠷᠮᠠᠭᠯᠠᠨ ᠡᠮᠴᠢᠯᠡᠭᠦᠯᠵᠦ᠂ ᠡᠮ ᠬᠤᠳᠠᠯᠳᠤᠨ ᠠᠪᠤᠭᠠᠳ᠂ ᠡᠮᠴᠢᠯᠡᠭᠡᠨ ᠤ ᠳᠠᠭᠠᠳᠬᠠᠯ ᠤᠨ ᠰᠠᠭᠤᠷᠢ ᠮᠥᠩᠭᠦ ᠶᠢ | ᠬᠤᠬᠢᠷᠠᠭᠤᠯᠤᠭᠰᠠᠨ ᠪᠠᠶᠢᠪᠠᠯ᠂ ᠮᠡᠬᠡᠯᠡᠭᠰᠡᠨ ᠮᠦᠩᠭᠦᠨ ᠤ 2 ᠳᠠᠬᠢᠨ ᠠᠴᠠ ᠳᠡᠭᠡᠭᠰᠢ 5 ᠳᠠᠬᠢᠨ ᠠᠴᠠ ᠳᠣᠷᠣᠭᠰᠢ | ᠮᠦᠩᠭᠦ ᠢᠶᠠᠷ ᠲᠣᠷᠭᠠᠪᠠᠯ ᠵᠣᠬᠢᠨ᠎ᠠ︾ ᠭᠡᠵᠦ ᠲᠣᠳᠣᠷᠬᠠᠢ ᠵᠢᠭᠠᠨ ᠭᠠᠷᠭᠠᠵᠠᠢ᠃ ᠬᠡᠷᠪᠡ ᠬᠤᠯᠪᠤᠭᠳᠠᠬᠤ ᠵᠣᠭᠤᠰ ᠨᠢ | ᠨᠡᠯᠢᠶᠡᠳ ᠶᠡᠭᠡ᠂ ᠦᠢᠯᠡ ᠶᠠᠪᠤᠳᠠᠯ ᠨᠢ ᠬᠦᠨᠳᠦ ᠨᠣᠴᠢᠲᠠᠢ ᠪᠠᠶᠢᠪᠠᠯ ᠪᠠᠰᠠ ᠬᠠᠭᠤᠷᠤᠨ ᠮᠡᠬᠡᠯᠡᠭᠰᠡᠨ ᠶᠠᠯ᠎ᠠ ᠪᠣᠯᠣᠨ᠎ᠠ᠃ | ᠵᠢᠱᠢᠶᠡᠯᠡᠪᠡᠯ᠂ ︽ᠡᠶᠢᠮᠦᠷᠬᠦᠦ ᠵᠢᠭᠠᠬᠠᠨ ᠶᠠᠪᠤᠳᠠᠯ ᠢ ᠬᠠᠪᠰᠤᠷᠴᠤ ᠪᠣᠯᠬᠤ ᠦᠭᠡᠢ᠂ ᠪᠤᠰᠤᠳ ᠤᠨ ᠡᠮᠴᠢᠯᠡᠭᠡᠨ ᠤ | ᠳᠠᠭᠠᠳᠬᠠᠯ ᠤᠨ ᠺᠠᠷᠲ ᠢ ᠬᠠᠭᠤᠷᠮᠠᠭᠯᠠᠨ ᠬᠡᠷᠡᠭᠯᠡᠪᠡᠯ ᠰᠢᠢᠳᠬᠡᠭᠳᠡᠨ᠎ᠡ︕︾ ᠵᠣᠬᠢᠶᠠᠯ ᠳᠤ ᠳᠤᠷᠠᠳᠤᠭᠰᠠᠨ ᠰᠢᠶᠣᠤ ᠴᠢᠩ᠂ | ᠪᠦᠯᠦ ᠥᠬᠢᠨ ᠳᠡᠭᠦᠦ ᠰᠢᠶᠣᠤ ᠯᠠᠨ ᠤ ᠪᠠᠨ ᠡᠮᠴᠢᠯᠡᠭᠡᠨ ᠤ ᠳᠠᠭᠠᠳᠬᠠᠯ ᠤᠨ ᠺᠠᠷᠲ ᠢ ᠰᠢᠭᠤᠳ ᠬᠡᠷᠡᠭᠯᠡᠨ ᠳ᠋ᠤᠭᠠᠷᠯᠠᠵᠤ | ᠡᠮᠴᠢᠯᠡᠭᠦᠯᠦᠭᠰᠡᠨ ᠨᠢ ᠳᠠᠷᠤᠢ ᠬᠠᠭᠤᠷᠮᠠᠭᠯᠠᠨ ᠡᠮᠴᠢᠯᠡᠭᠦᠯᠦᠭᠰᠡᠨ ᠳᠤ ᠬᠠᠷᠢᠶᠠᠯᠠᠭᠳᠠᠨ᠎ᠠ᠃ ᠳᠠᠬᠢᠨ ᠵᠢᠱᠢᠶᠡᠯᠡᠪᠡᠯ᠂ | ᠠᠨᠾᠦ᠋ᠢ ᠶᠢᠨ ᠰᠢᠦᠢ ᠣᠪᠣᠭᠲᠤ᠂ ᠪᠤᠰᠤᠳ ᠤᠨ ᠡᠮᠴᠢᠯᠡᠭᠡᠨ ᠤ ᠳᠠᠭᠠᠳᠬᠠᠯ ᠤᠨ ᠺᠠᠷᠲ ᠢᠶᠠᠷ ᠨᠢᠭᠡᠨ ᠡᠮᠨᠡᠯᠭᠡ ᠶᠢᠨ | ᠬᠤᠷᠢᠶᠠᠨ ᠳᠤ ᠡᠪᠡᠳᠴᠢᠨ ᠢᠶᠠᠨ ᠦᠵᠡᠭᠦᠯᠵᠦ ᠡᠮ ᠬᠤᠳᠠᠯᠳᠤᠨ ᠠᠪᠤᠭᠰᠠᠨ ᠪᠥᠭᠡᠳ ᠪᠤᠰᠤᠳ ᠤᠨ ᠡᠭᠦᠳᠡᠨ ᠡᠮᠨᠡᠯᠭᠡ ᠶᠢᠨ | ᠤᠵᠢᠭ ᠡᠪᠡᠳᠴᠢᠨ ᠤ ᠲᠠᠩᠰᠠ ᠲᠠᠶᠢᠯᠬᠤ ᠬᠠᠷᠠᠭᠠᠯᠵᠠᠯ ᠢ ᠬᠦᠷᠲᠡᠵᠦ᠂ ᠡᠮᠴᠢᠯᠡᠭᠡᠨ ᠤ ᠳᠠᠭᠠᠳᠬᠠᠯ ᠤᠨ ᠨᠢᠭᠡᠳᠦᠯᠲᠡᠢ | ᠲᠥᠯᠥᠪᠯᠡᠬᠦ ᠰᠠᠭᠤᠷᠢ ᠮᠥᠩᠭᠦ ᠶᠢ 12 ᠲᠦᠮᠡ ᠭᠠᠷᠤᠢ ᠲᠥᠭᠦᠷᠢᠭ ᠮᠡᠬᠡᠯᠡᠨ ᠣᠯᠣᠭᠰᠠᠨ ᠪᠥᠭᠡᠳ ᠡᠮ ᠤᠨ ᠵᠦᠢᠯ ᠢ | ᠬᠤᠶᠠᠳᠠᠭᠢ ᠤᠳᠠᠭ᠎ᠠ ᠪᠣᠷᠤᠯᠠᠭᠤᠯᠤᠭᠠᠳ ᠬᠠᠤᠯᠢ ᠠᠴᠠ ᠵᠥᠷᠢᠴᠡᠭᠰᠡᠨ ᠣᠯᠵᠠᠪᠤᠷᠢ 1.5 ᠲᠦᠮᠡᠨ ᠲᠥᠭᠦᠷᠢᠭ ᠣᠯᠵᠤ᠂ | ᠡᠴᠦᠰ ᠲᠤ ᠪᠠᠨ ᠬᠤᠶᠠᠷ ᠵᠢᠯ ᠵᠢᠷᠭᠤᠭᠠᠨ ᠰᠠᠷ᠎ᠠ ᠶᠢᠨ ᠬᠤᠭᠤᠴᠠᠭ᠎ᠠ ᠲᠠᠢ ᠬᠤᠷᠢᠬᠤ ᠶᠠᠯ᠎ᠠ ᠪᠠᠷ ᠰᠢᠢᠳᠬᠡᠭᠳᠡᠭᠰᠡᠨ ᠮᠥᠷᠲᠡᠭᠡᠨ | ᠲᠠᠪᠤᠨ ᠮᠢᠩᠭᠠᠨ ᠲᠥᠭᠦᠷᠢᠭ ᠢᠶᠠᠷ ᠲᠣᠷᠭᠠᠭᠳᠠᠪᠠ᠃ ᠰᠢᠦᠢ ᠣᠪᠣᠭᠲᠤ ᠶᠢᠨ ᠦᠢᠯᠡ ᠠᠵᠢᠯᠯᠠᠭ᠎ᠠ ᠨᠢ ︽ᠬᠠᠭᠤᠷᠮᠠᠭᠯᠠᠨ | ᠡᠮᠴᠢᠯᠡᠭᠦᠯᠦᠭᠰᠡᠨ︾ ᠳᠤ ᠲᠣᠭᠠᠴᠠᠭᠳᠠᠬᠤ ᠪᠠᠷ ᠦᠯᠦ ᠪᠠᠷᠠᠮ ᠪᠠᠰᠠ ᠶᠠᠯ᠎ᠠ ᠬᠢᠭᠰᠡᠨ ᠶᠠᠪᠤᠳᠠᠯ ᠪᠣᠯᠣᠭᠰᠠᠨ ᠠᠴᠠ ᠰᠢᠭᠦᠬᠦ | ᠬᠤᠷᠢᠶ᠎ᠠ ︽ᠡᠷᠡᠭᠦᠦ ᠶᠢᠨ ᠬᠠᠤᠯᠢ︾ ᠶᠢᠨ ᠬᠤᠯᠪᠣᠭᠳᠠᠯ ᠪᠦᠬᠦᠢ ᠲᠣᠭᠲᠠᠭᠠᠯ ᠤᠳ ᠢ ᠦᠨᠳᠦᠰᠦᠯᠡᠨ ᠲᠡᠭᠦᠨ ᠢ ᠰᠢᠭᠦᠨ | ᠲᠠᠰᠤᠯᠪᠠ᠃ | ᠠᠰᠠᠭᠤᠯᠲᠠ᠄ ᠨᠠᠰᠤᠲᠠᠨ ᠬᠥᠳᠡᠯᠵᠦ ᠪᠠᠷᠢᠬᠤ ᠳᠤ ᠪᠠᠨ ᠳᠥᠭᠦᠮ ᠦᠭᠡᠢ᠂ ᠦᠷ᠎ᠡ ᠬᠡᠦᠬᠡᠳ ᠨᠢ ᠲᠡᠳᠡᠨ ᠢ ᠬᠠᠪᠰᠤᠷᠴᠤ | ᠡᠮ ᠬᠤᠳᠠᠯᠳᠤᠨ ᠠᠪᠴᠤ ᠥᠭᠴᠦ ᠪᠣᠯᠣᠨ᠎ᠠ ᠦᠦ︖ | ᠬᠠᠷᠢᠭᠤᠯᠲᠠ᠄ ᠪᠣᠯᠣᠨ᠎ᠠ᠃ ︽ᠡᠮᠴᠢᠯᠡᠭᠡᠨ ᠤ ᠳᠠᠭᠠᠳᠬᠠᠯ ᠤᠨ ᠰᠠᠭᠤᠷᠢ ᠮᠥᠩᠭᠦ ᠬᠡᠷᠡᠭᠯᠡᠬᠦ ᠶᠢ ᠬᠢᠨᠠᠨ ᠬᠠᠮᠢᠶᠠᠷᠬᠤ | ᠳᠦᠷᠢᠮ︾ ᠤᠨ ᠠᠷᠪᠠᠨ ᠳᠣᠯᠣᠳᠤᠭᠠᠷ ᠵᠦᠢᠯ ᠤᠨ ᠬᠤᠶᠠᠳᠤᠭᠠᠷ ᠪᠠᠳᠠᠭ ᠲᠤ᠄ ︽ᠣᠨᠴᠠᠭᠠᠶ ᠰᠢᠯᠲᠠᠭᠠᠨ ᠠᠴᠠ ᠪᠣᠯᠵᠤ | ᠪᠤᠰᠤᠳ ᠲᠤ ᠨᠠᠶᠢᠳᠠᠨ ᠡᠮ ᠬᠤᠳᠠᠯᠳᠤᠨ ᠠᠪᠤᠭᠤᠯᠬᠤ ᠴᠢᠬᠤᠯᠠᠲᠠᠢ ᠪᠣᠯ᠂ ᠨᠠᠶᠢᠳᠠᠭᠴᠢ ᠪᠠ ᠨᠠᠶᠢᠳᠠᠯᠭ᠎ᠠ ᠬᠦᠯᠢᠶᠡᠭᠴᠢ | ᠪᠡᠶ᠎ᠡ ᠶᠢᠨ ᠦᠨᠡᠮᠯᠡᠯ ᠢᠶᠠᠨ ᠬᠠᠩᠭᠠᠪᠠᠯ ᠵᠣᠬᠢᠨ᠎ᠠ︾ ᠭᠡᠵᠦ ᠲᠣᠳᠣᠷᠬᠠᠢ ᠲᠣᠭᠲᠠᠭᠠᠵᠠᠢ᠃ | ᠡᠶᠢᠮᠦ ᠠᠴᠠ᠂ ᠨᠠᠰᠤᠲᠠᠨ ᠬᠥᠳᠡᠯᠵᠦ ᠪᠠᠷᠢᠬᠤ ᠳᠤ ᠪᠠᠨ ᠳᠥᠭᠦᠮ ᠦᠭᠡᠢ ᠵᠡᠷᠭᠡ ᠣᠨᠴᠠᠭᠠᠢ ᠪᠠᠶᠢᠳᠠᠯ ᠳᠤ᠂ ᠦᠷ᠎ᠡ | ᠬᠡᠦᠬᠡᠳ ᠨᠢ ᠣᠷᠣᠯᠠᠨ ᠡᠮ ᠬᠤᠳᠠᠯᠳᠤᠨ ᠠᠪᠴᠤ ᠥᠭᠴᠦ ᠪᠣᠯᠣᠨ᠎ᠠ᠃ ᠭᠡᠪᠡᠴᠦ ᠡᠮ ᠬᠤᠳᠠᠯᠳᠤᠨ ᠠᠪᠬᠤ ᠳᠤ ᠪᠠᠨ ᠡᠮ | ᠤᠤᠭᠤᠬᠤ ᠬᠥᠮᠥᠨ ᠤ ᠡᠮᠴᠢᠯᠡᠭᠡᠨ ᠤ ᠳᠠᠭᠠᠳᠬᠠᠯ ᠤᠨ ᠺᠠᠷᠲ ᠢ ᠬᠡᠷᠡᠭᠯᠡᠬᠦ ᠬᠡᠷᠡᠭᠲᠡᠢ ᠪᠥᠭᠡᠳ ᠨᠠᠶᠢᠳᠠᠭᠴᠢ ᠪᠠ ᠨᠠᠶᠢᠳᠠᠯᠭ᠎ᠠ | ᠬᠦᠯᠢᠶᠡᠭᠴᠢ ᠶᠢᠨ ᠪᠡᠶ᠎ᠡ ᠶᠢᠨ ᠦᠨᠡᠮᠯᠡᠯ ᠢᠶᠠᠨ ᠭᠠᠷᠭᠠᠵᠤ ᠦᠵᠡᠭᠦᠯᠬᠦ ᠬᠡᠷᠡᠭᠲᠡᠢ᠃ | ᠠᠵᠢᠯᠲᠠᠨ ᠤ ᠡᠮᠴᠢᠯᠡᠭᠡᠨ ᠤ ᠳᠠᠭᠠᠳᠬᠠᠯ ᠤᠨ ᠬᠤᠪᠢ ᠬᠥᠮᠥᠨ ᠤ ᠳᠠᠩᠰᠠᠨ ᠤ ᠮᠦᠩᠭᠦ ᠶᠢ ᠭᠡᠷ ᠪᠦᠯᠢ ᠬᠠᠮᠲᠤ ᠪᠠᠷ | ᠬᠡᠷᠡᠭᠯᠡᠵᠦ ᠪᠣᠯᠣᠨ᠎ᠠ᠂ ᠭᠡᠪᠡᠴᠦ ᠶᠠᠮᠠᠷᠪᠠ ᠬᠥᠮᠥᠨ ᠤ ᠡᠮᠴᠢᠯᠡᠭᠡᠨ ᠤ ᠳᠠᠭᠠᠳᠬᠠᠯ ᠤᠨ ᠺᠠᠷᠲ ᠢ ᠬᠠᠮᠲᠤ ᠪᠠᠷ ᠬᠡᠷᠡᠭᠯᠡᠵᠦ ᠪᠣᠯᠬᠤ | ᠦᠭᠡᠢ ᠭᠡᠳᠡᠭ ᠢ ᠪᠠᠲᠤ ᠴᠡᠭᠡᠵᠢᠯᠡᠭᠡᠷᠡᠢ︕ | |