ᠨᠣᠭᠤᠭ᠎ᠠ ᠤᠬᠢᠶᠠᠬᠤ ᠳᠠᠭᠠᠨ ᠪᠢᠲᠡᠭᠡᠶ ᠢᠩᠭᠢᠵᠦ ᠤᠬᠢᠶᠠ᠂ ᠤᠬᠢᠶᠠᠬᠤ ᠲᠤᠲᠤᠮ ᠪᠤᠵᠠᠷ ᠪᠤᠯᠬᠤ ᠪᠦᠭᠡᠳ ᠪᠠᠰᠠ ᠰᠢᠮ᠎ᠡ ᠲᠡᠵᠢᠭᠡᠯ ᠨᠢ ᠠᠯᠳᠠᠬᠳᠠᠨ᠎ᠠ︕ ᠤᠯᠠᠨ ᠬᠥᠮᠦᠨ ᠪᠦᠷ ᠵᠥᠪ ᠤᠬᠢᠶᠠᠵᠦ ᠴᠢᠳᠠᠬᠤ ᠦᠭᠡᠢ ᠪᠠᠶᠢᠨ᠎ᠠ
ᠨᠡᠶᠢᠲᠡᠯᠡᠭᠰᠡᠨ ᠴᠠᠭ᠄
2024/5/6
      4 ᠵᠦᠢᠯ ᠤᠨ ᠪᠤᠷᠤᠭᠤ ᠮᠦᠷᠳᠡᠭᠡᠨ ᠦᠷᠭᠦᠯᠵᠢ ᠬᠠᠷᠠᠭᠳᠠᠳᠠᠭ ᠨᠣᠭᠤᠭ᠎ᠠ ᠤᠬᠢᠶᠠᠬᠤ ᠠᠷᠭ᠎ᠠ             1. ᠢᠳᠡᠰᠢᠨ ᠨᠣᠭᠤᠭ᠎ᠠ ᠶᠢ ᠤᠳᠠᠭᠠᠨ ᠳᠡᠪᠲᠦᠭᠡᠬᠦ᠄ ᠢᠳᠡᠰᠢᠨ ᠨᠣᠭᠤᠭ᠎ᠠ ᠶᠢ ᠤᠳᠠᠭᠠᠨ ᠳᠡᠪᠲᠦᠭᠡᠪᠡᠯ ᠢᠳᠡᠰᠢᠨ ᠨᠣᠭᠤᠭ᠎ᠠ ᠶᠢᠨ ᠡᠰ ᠤᠨ ᠬᠠᠨ᠎ᠠ ᠶᠢ ᠵᠥᠭᠡᠯᠡᠷᠡᠭᠦᠯᠬᠦ ᠎ ᠶᠢᠨ ᠤᠯᠠᠮ ᠎ ᠢᠶᠠᠷ ᠢᠳᠡᠰᠢᠨ ᠨᠣᠭᠤᠭ᠎ᠠ ᠎ ᠳᠤ ᠲᠠᠷᠢᠶᠠᠨ ᠡᠮ ᠪᠣᠯᠤᠨ ᠪᠤᠰᠤᠳ ᠪᠣᠬᠢᠷᠲᠤᠯ ᠪᠣᠳᠠᠰ ᠨᠠᠩ ᠠᠮᠠᠷᠬᠠᠨ ᠨᠡᠪᠴᠢᠵᠦ ᠤᠷᠤᠨ᠎ᠠ᠃ ᠡᠭᠦᠨ ᠠᠴᠠ ᠭᠠᠳᠠᠨ᠎ᠠ᠂ ᠵᠠᠷᠢᠮ ᠤᠰᠤᠨ ᠳᠤ ᠠᠭᠤᠰᠬᠤ ᠴᠢᠨᠠᠷᠲᠠᠶ ᠸᠢᠲ᠋ᠠᠮᠢᠨ ᠎ ᠨᠢ ᠤᠰᠤᠨ ᠳᠤ ᠠᠭᠤᠰᠴᠤ᠂ ᠰᠢᠮ᠎ᠡ ᠲᠡᠵᠢᠭᠡᠯ ᠢ ᠎ ᠨᠢ ᠠᠯᠳᠠᠭᠤᠯᠳᠠᠭ ᠪᠠᠶᠢᠨ᠎ᠠ᠃             2. ᠤᠬᠢᠶᠠᠯᠭ᠎ᠠ ᠶᠢᠨ ᠡᠳ᠋ ᠢ ᠭᠡᠳᠦ ᠠᠷᠪᠢᠨ ᠬᠡᠷᠡᠭᠯᠡᠬᠦ᠄ ᠤᠬᠢᠶᠠᠯᠭ᠎ᠠ ᠶᠢᠨ ᠡᠳ᠋ ᠎ ᠤᠨ ᠲᠤᠳᠤᠷᠠᠬᠢ ᠬᠢᠮᠢ ᠶᠢᠨ ᠪᠦᠷᠢᠯᠳᠦᠬᠦᠨ ᠢ ᠲᠦᠯᠪᠤᠷᠢᠲᠠᠢ ᠤᠬᠢᠶᠠᠬᠤ ᠦᠭᠡᠢ ᠪᠣᠯ ᠢᠳᠡᠰᠢᠨ ᠨᠣᠭᠤᠭ᠎ᠠ ᠶᠢᠨ ᠭᠠᠳᠠᠷᠭᠤ ᠳᠡᠭᠡᠷ᠎ᠡ ᠦᠯᠡᠳᠡᠭᠳᠡᠵᠦ᠂ ᠬᠤᠶᠠᠳᠠᠬᠢ ᠪᠣᠬᠢᠷᠲᠤᠯ ᠎ ᠢ ᠡᠭᠦᠰᠭᠡᠵᠦ᠂ ᠡᠷᠡᠭᠦᠯ ᠮᠡᠨᠳᠦ ᠶᠢ ᠨᠥᠯᠥᠭᠡᠯᠡᠳᠡᠭ᠃             3. ᠤᠷᠢᠳ ᠢᠶᠠᠷ ᠬᠡᠷᠴᠢᠵᠦ ᠳᠠᠷᠠᠭ᠎ᠠ ᠨᠢ ᠤᠬᠢᠶᠠᠬᠤ᠄ ᠢᠳᠡᠰᠢᠨ ᠨᠣᠭᠤᠭ᠎ᠠ ᠶᠢ ᠤᠷᠢᠳ ᠢᠶᠠᠷ ᠬᠡᠷᠴᠢᠵᠦ ᠳᠠᠷᠠᠭ᠎ᠠ ᠨᠢ ᠤᠬᠢᠶᠠᠪᠠᠯ ᠢᠳᠡᠰᠢᠨ ᠨᠣᠭᠤᠭ᠎ᠠ ᠶᠢᠨ ᠳᠣᠲᠣᠷᠠᠬᠢ ᠮᠠᠰᠢ ᠣᠯᠠᠨ ᠰᠢᠮ᠎ᠡ ᠲᠡᠵᠢᠭᠡᠯ ᠤᠨ ᠪᠦᠷᠢᠯᠳᠦᠬᠦᠨ ᠨᠢ ᠬᠡᠷᠴᠢᠭᠰᠡᠨ ᠬᠡᠰᠡᠭ ᠢᠶᠠᠷ ᠭᠠᠳᠠᠬᠰᠢ ᠠᠴᠠ ᠤᠷᠤᠰᠤᠨ ᠭᠠᠷᠴᠤ᠂ ᠤᠰᠤᠨ ᠳᠤ ᠠᠭᠤᠰᠳᠠᠭ᠃             4. ᠨᠣᠭᠤᠭ᠎ᠠ ᠤᠬᠢᠶᠠᠬᠤ ᠮᠠᠰᠢᠨ ᠎ ᠢᠶᠠᠷ ᠤᠬᠢᠶᠠᠬᠤ᠄ ᠬᠡᠲᠦ ᠳᠠᠭᠤᠨ ᠳᠣᠯᠭᠢᠶᠠᠨ ᠢᠶᠠᠷ ᠨᠠᠪᠴᠢᠳᠦ ᠨᠣᠭᠤᠭ᠎ᠠ ᠶᠢ ᠤᠬᠢᠶᠠᠪᠠᠯ ᠦᠷ᠎ᠡ ᠳ᠋ᠦᠩ ᠨᠢ ᠲᠡᠶᠢᠮᠦ ᠰᠠᠶᠢᠨ ᠪᠢᠰᠢ᠂ ᠲᠠᠷᠢᠶᠠᠨ ᠡᠮ ᠎ ᠢ ᠵᠥᠪᠬᠡᠨ 53% ᠎ ᠪᠠᠷ ᠠᠷᠢᠯᠭᠠᠵᠤ᠂ ᠠᠰᠢᠭᠯᠠᠮᠵᠢ ᠨᠢ ᠳᠣᠣᠷ᠎ᠠ ᠪᠤᠯᠳᠠᠭ᠃                     
 
ᠢᠷᠡᠯᠲᠡ᠄ ᠠᠷᠠᠳ ᠤᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号