ᠴᠡᠴᠡᠭ ᠤᠨ ᠲᠣᠭᠤᠰᠣ ᠶᠢ ᠬᠡᠷᠬᠢᠨ ᠰᠡᠷᠭᠡᠶᠢᠯᠡᠬᠦ ᠪᠣᠢ︖
ᠨᠡᠶᠢᠲᠡᠯᠡᠭᠰᠡᠨ ᠴᠠᠭ᠄
2024/5/6
      ᠮᠠᠨ ᠎ ᠤ ᠤᠯᠤᠰ ᠎ ᠲᠤ ᠴᠡᠴᠡᠭ ᠎ ᠤᠨ ᠲᠣᠭᠤᠰᠣᠨ ᠎ ᠳᠤ ᠬᠠᠷᠰᠢᠬᠤ ᠬᠥᠮᠥᠰ ᠶᠠᠪᠤᠬᠤ ᠲᠤᠰᠤᠮ ᠣᠯᠠᠰᠢᠷᠠᠵᠤ᠂  4 ᠰᠠᠷ᠎ᠠ ᠲᠠᠢ ᠨᠢᠯᠬ᠎ᠠ ᠬᠡᠦᠬᠡᠳ ᠎ ᠠᠴᠠ ᠠᠪᠤᠭᠠᠳ 60 ᠨᠠᠰᠤᠨ ᠎ ᠠᠴᠠ ᠳᠡᠭᠡᠭᠰᠢᠬᠢ ᠨᠠᠰᠤᠲᠠᠨ ᠬᠦᠷᠲᠡᠯ᠎ᠡ ᠪᠦᠷ ᠴᠡᠴᠡᠭ ᠎ ᠤᠨ ᠲᠣᠭᠤᠰᠣᠨ ᠳᠤ ᠬᠠᠷᠰᠢᠬᠤ ᠪᠠᠶᠢᠳᠠᠯ ᠢᠯᠡᠷᠡᠵᠦ ᠪᠠᠶᠢᠨ᠎ᠠ᠃ ᠲᠡᠭᠡᠪᠡᠯ ᠴᠡᠴᠡᠭ ᠎ ᠤᠨ ᠲᠣᠭᠤᠰᠣ ᠎ ᠶᠢ ᠬᠡᠷᠬᠢᠨ ᠰᠡᠷᠭᠡᠶᠢᠯᠡᠪᠡᠯ ᠵᠣᠬᠢᠬᠤ ᠪᠣᠢ︖ ᠡᠨᠡ ᠲᠤᠬᠠᠢ ᠪᠡᠭᠡᠵᠢᠩ ᠬᠤᠲᠠ ᠎ ᠶᠢᠨ ᠡᠪᠡᠳᠴᠢᠨ ᠬᠢᠵᠢᠭ ᠎ ᠢ ᠰᠡᠷᠭᠡᠶᠢᠯᠡᠨ ᠳᠠᠷᠤᠬᠤ ᠲᠥᠪ ᠎ ᠤᠨ ᠎ ᠬᠢᠨ ᠬᠠᠮᠢᠶᠠᠲᠠᠢ ᠮᠡᠳᠡᠭᠡ ᠨᠡᠶᠢᠲᠡᠯᠡᠵᠦ ᠣᠯᠠᠨ ᠎ ᠳᠤ ᠰᠠᠨᠠᠭᠤᠯᠤᠭᠰᠠᠨ ᠪᠠᠶᠢᠨ᠎ᠠ᠃ ᠲᠤᠬᠠᠶᠢᠯᠠᠪᠠᠯ᠂ ᠨᠢᠭᠡ ᠎ ᠳᠤ᠂ ᠬᠤᠸᠠᠷ ᠴᠡᠴᠡᠭ ᠎ ᠲᠠᠢ ᠰᠢᠭᠤᠳ ᠣᠶᠢᠷᠠᠲᠤᠬᠤ ᠦᠭᠡᠢ᠃ ᠭᠠᠳᠠᠭᠰᠢ ᠭᠠᠷᠬᠤ ᠎ ᠪᠠᠨ ᠴᠥᠭᠡᠳᠬᠡᠵᠦ᠂ ᠣᠨᠴᠠᠭᠠᠶᠢᠯᠠᠨ ᠴᠡᠴᠡᠭ ᠎ ᠤᠨ ᠲᠣᠭᠤᠰᠣ ᠶᠡᠬᠡᠲᠡᠢ ᠦᠶᠡᠰ᠂ ᠡᠭᠦᠳᠡ ᠴᠣᠩᠬᠤ ᠎ ᠪᠠᠨ ᠪᠢᠲᠡᠭᠦᠮᠵᠢᠯᠡᠵᠦ᠂ ᠴᠢᠳᠠᠪᠠᠯ ᠭᠡᠷ ᠳᠣᠲᠣᠷ᠎ᠠ ᠪᠠᠨ ᠠᠭᠠᠷ ᠴᠡᠪᠡᠷᠰᠢᠭᠦᠯᠬᠦ ᠮᠠᠰᠢᠨ ᠎ ᠢ ᠬᠡᠷᠡᠭᠯᠡᠬᠦ ᠬᠡᠷᠡᠭᠲᠡ᠊᠃ ᠬᠤᠶᠠᠷ ᠎ ᠲᠤ᠂ ᠭᠠᠳᠠᠭᠰᠢ ᠭᠠᠷᠪᠠᠯ ᠰᠡᠷᠭᠡᠶᠢᠯᠡᠯᠲᠡ ᠎ ᠪᠠᠨ ᠰᠠᠶᠢᠨ ᠬᠢᠬᠦ ᠬᠡᠷᠡᠭᠲᠡᠢ᠃ ᠭᠠᠳᠠᠭᠰᠢ ᠭᠠᠷᠬᠤ ᠎ ᠳᠠᠭᠠᠨ  ᠤᠷᠲᠤ ᠬᠠᠨᠴᠤᠢ ᠎ ᠲᠠᠢ ᠬᠤᠪᠴᠠᠰᠤ ᠡᠮᠦᠰᠴᠦ᠂ ᠠᠮᠠᠪᠴᠢ᠂ ᠨᠢᠳᠦᠨ ᠰᠢᠯ ᠵᠡᠭᠦᠵᠦ᠂ ᠮᠠᠰᠢᠨ ᠵᠢᠯᠣᠭᠤᠳᠬᠤ ᠎ ᠳᠠᠭᠠᠨ ᠴᠣᠩᠬᠤ ᠎ ᠶᠢ ᠎ ᠨᠢ ᠴᠢᠩᠭ᠎ᠠ ᠬᠠᠭᠠᠬᠤ ᠬᠡᠷᠡᠭᠲᠡᠢ᠃ ᠭᠡᠷ ᠎ ᠲᠡᠭᠡᠨ ᠬᠠᠷᠢᠭᠰᠠᠨ ᠎ ᠤ ᠳᠠᠷᠠᠭ᠎ᠠ ᠭᠠᠳᠠᠷ ᠬᠤᠪᠴᠠᠰᠤ ᠎ ᠪᠠᠨ ᠳᠠᠷᠤᠶᠢᠬᠠᠨ  ᠰᠣᠯᠢᠵᠤ᠂ ᠨᠢᠭᠤᠷ ᠢᠶᠠᠨ ᠤᠬᠢᠶᠠᠵᠤ᠂ ᠠᠮᠠ ᠬᠠᠮᠠᠷ ᠎ ᠢᠶᠠᠨ ᠵᠠᠶᠢᠯᠬᠤ ᠬᠡᠷᠡᠭᠲᠡᠢ᠃ ᠭᠤᠷᠪᠠ ᠎ ᠳᠤ᠂ ᠳᠠᠷᠬᠠᠯᠠᠭ᠎ᠠ ᠎ ᠪᠠᠨ ᠰᠠᠶᠢᠵᠢᠷᠠᠭᠤᠯᠬᠤ ᠬᠡᠷᠡᠭᠲᠡᠢ᠃ ᠡᠭᠦᠨ ᠎ ᠳᠤ ᠰᠠᠶᠢᠨ ᠤᠨᠲᠠᠵᠤ ᠠᠮᠠᠷᠠᠨ᠂ ᠢᠳᠡᠭᠡᠨ ᠤᠮᠳᠠᠭᠠᠨ ᠎ ᠢᠶᠠᠨ ᠵᠣᠬᠢᠴᠠᠭᠤᠯᠵᠤ᠂ ᠰᠢᠨ᠎ᠡ ᠰᠣᠷᠭᠤᠭ ᠨᠣᠭᠤᠭ᠎ᠠ ᠵᠢᠮᠢᠰ ᠢᠯᠡᠭᠦᠬᠡᠨ ᠢᠳᠡᠵᠦ᠂ ᠲᠣᠭᠲᠠᠭᠰᠠᠨ ᠬᠤᠭᠤᠴᠠᠭᠠᠨ ᠎ ᠳᠤ ᠪᠡᠶ᠎ᠡ ᠎ ᠪᠠᠨ ᠪᠣᠯᠪᠠᠰᠤᠷᠠᠭᠤᠯᠬᠤ ᠬᠡᠷᠡᠭᠲᠡ᠊᠃ ᠳᠥᠷᠪᠡ ᠎ ᠳᠤ᠂ ᠬᠠᠷᠰᠢᠬᠤ ᠪᠠᠶᠢᠳᠠᠯ ᠬᠦᠨᠳᠦᠷᠡᠪᠡᠯ ᠳᠠᠷᠤᠶᠢᠬᠠᠨ ᠡᠮᠴᠢᠯᠡᠭᠦᠯᠬᠦ ᠬᠡᠷᠡᠭᠲᠡᠢ᠃ ᠠᠮᠠᠷᠬᠠᠨ ᠬᠠᠷᠰᠢᠳᠠᠭ ᠪᠠ ᠠᠭᠰᠠᠭ᠎ᠠ ᠡᠪᠡᠳᠴᠢᠨ ᠎ ᠲᠠᠢ ᠬᠥᠮᠥᠰ ᠬᠤᠪᠴᠠᠰᠤ ᠬᠤᠨᠠᠷ ᠎ ᠢᠶᠠᠨ ᠲᠣᠬᠢᠷᠠᠭᠤᠯᠵᠤ᠂ ᠵᠢᠩᠭᠢᠨᠡᠵᠦ ᠳᠠᠭᠠᠷᠠᠭᠠᠳ ᠬᠢᠮᠤᠷᠠᠭ᠎ᠠ ᠲᠠᠭᠰᠢᠭᠤᠷ ᠣᠯᠬᠤ ᠎ ᠠᠴᠠ ᠪᠣᠯᠭᠤᠮᠵᠢᠯᠠᠬᠤ ᠬᠡᠷᠡᠭᠲᠡᠢ᠃ ᠬᠠᠷᠰᠢᠬᠤ ᠪᠠᠶᠢᠳᠠᠯ ᠬᠦᠨᠳᠦᠷᠡᠪᠡᠯ ᠳᠠᠷᠤᠶᠢᠬᠠᠨ ᠡᠮᠴᠢᠯᠡᠭᠦᠯᠬᠦ ᠬᠡᠷᠡᠭᠲᠡᠢ᠃      
 
ᠢᠷᠡᠯᠲᠡ᠄ ᠠᠷᠠᠳ ᠤᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号