ᠴᠡᠴᠡᠭ ᠤᠨ ᠲᠣᠭᠤᠰᠣ ᠶᠢ ᠬᠡᠷᠬᠢᠨ ᠰᠡᠷᠭᠡᠶᠢᠯᠡᠬᠦ ᠪᠣᠢ︖
ᠨᠡᠶᠢᠲᠡᠯᠡᠭᠰᠡᠨ ᠴᠠᠭ᠄
2024/5/6
      ᠮᠠᠨ  ᠤ ᠤᠯᠤᠰ  ᠲᠤ ᠴᠡᠴᠡᠭ  ᠤᠨ ᠲᠣᠭᠤᠰᠣᠨ  ᠳᠤ ᠬᠠᠷᠰᠢᠬᠤ ᠬᠥᠮᠥᠰ ᠶᠠᠪᠤᠬᠤ ᠲᠤᠰᠤᠮ ᠣᠯᠠᠰᠢᠷᠠᠵᠤ᠂  4 ᠰᠠᠷ᠎ᠠ ᠲᠠᠢ ᠨᠢᠯᠬ᠎ᠠ ᠬᠡᠦᠬᠡᠳ  ᠠᠴᠠ ᠠᠪᠤᠭᠠᠳ 60 ᠨᠠᠰᠤᠨ  ᠠᠴᠠ ᠳᠡᠭᠡᠭᠰᠢᠬᠢ ᠨᠠᠰᠤᠲᠠᠨ ᠬᠦᠷᠲᠡᠯ᠎ᠡ ᠪᠦᠷ ᠴᠡᠴᠡᠭ  ᠤᠨ ᠲᠣᠭᠤᠰᠣᠨ ᠳᠤ ᠬᠠᠷᠰᠢᠬᠤ ᠪᠠᠶᠢᠳᠠᠯ ᠢᠯᠡᠷᠡᠵᠦ ᠪᠠᠶᠢᠨ᠎ᠠ᠃ ᠲᠡᠭᠡᠪᠡᠯ ᠴᠡᠴᠡᠭ  ᠤᠨ ᠲᠣᠭᠤᠰᠣ  ᠶᠢ ᠬᠡᠷᠬᠢᠨ ᠰᠡᠷᠭᠡᠶᠢᠯᠡᠪᠡᠯ ᠵᠣᠬᠢᠬᠤ ᠪᠣᠢ︖ ᠡᠨᠡ ᠲᠤᠬᠠᠢ ᠪᠡᠭᠡᠵᠢᠩ ᠬᠤᠲᠠ  ᠶᠢᠨ ᠡᠪᠡᠳᠴᠢᠨ ᠬᠢᠵᠢᠭ  ᠢ ᠰᠡᠷᠭᠡᠶᠢᠯᠡᠨ ᠳᠠᠷᠤᠬᠤ ᠲᠥᠪ  ᠤᠨ  ᠬᠢᠨ ᠬᠠᠮᠢᠶᠠᠲᠠᠢ ᠮᠡᠳᠡᠭᠡ ᠨᠡᠶᠢᠲᠡᠯᠡᠵᠦ ᠣᠯᠠᠨ  ᠳᠤ ᠰᠠᠨᠠᠭᠤᠯᠤᠭᠰᠠᠨ ᠪᠠᠶᠢᠨ᠎ᠠ᠃ ᠲᠤᠬᠠᠶᠢᠯᠠᠪᠠᠯ᠂ ᠨᠢᠭᠡ  ᠳᠤ᠂ ᠬᠤᠸᠠᠷ ᠴᠡᠴᠡᠭ  ᠲᠠᠢ ᠰᠢᠭᠤᠳ ᠣᠶᠢᠷᠠᠲᠤᠬᠤ ᠦᠭᠡᠢ᠃ ᠭᠠᠳᠠᠭᠰᠢ ᠭᠠᠷᠬᠤ  ᠪᠠᠨ ᠴᠥᠭᠡᠳᠬᠡᠵᠦ᠂ ᠣᠨᠴᠠᠭᠠᠶᠢᠯᠠᠨ ᠴᠡᠴᠡᠭ  ᠤᠨ ᠲᠣᠭᠤᠰᠣ ᠶᠡᠬᠡᠲᠡᠢ ᠦᠶᠡᠰ᠂ ᠡᠭᠦᠳᠡ ᠴᠣᠩᠬᠤ  ᠪᠠᠨ ᠪᠢᠲᠡᠭᠦᠮᠵᠢᠯᠡᠵᠦ᠂ ᠴᠢᠳᠠᠪᠠᠯ ᠭᠡᠷ ᠳᠣᠲᠣᠷ᠎ᠠ ᠪᠠᠨ ᠠᠭᠠᠷ ᠴᠡᠪᠡᠷᠰᠢᠭᠦᠯᠬᠦ ᠮᠠᠰᠢᠨ  ᠢ ᠬᠡᠷᠡᠭᠯᠡᠬᠦ ᠬᠡᠷᠡᠭᠲᠡ᠊᠃ ᠬᠤᠶᠠᠷ  ᠲᠤ᠂ ᠭᠠᠳᠠᠭᠰᠢ ᠭᠠᠷᠪᠠᠯ ᠰᠡᠷᠭᠡᠶᠢᠯᠡᠯᠲᠡ  ᠪᠠᠨ ᠰᠠᠶᠢᠨ ᠬᠢᠬᠦ ᠬᠡᠷᠡᠭᠲᠡᠢ᠃ ᠭᠠᠳᠠᠭᠰᠢ ᠭᠠᠷᠬᠤ  ᠳᠠᠭᠠᠨ  ᠤᠷᠲᠤ ᠬᠠᠨᠴᠤᠢ  ᠲᠠᠢ ᠬᠤᠪᠴᠠᠰᠤ ᠡᠮᠦᠰᠴᠦ᠂ ᠠᠮᠠᠪᠴᠢ᠂ ᠨᠢᠳᠦᠨ ᠰᠢᠯ ᠵᠡᠭᠦᠵᠦ᠂ ᠮᠠᠰᠢᠨ ᠵᠢᠯᠣᠭᠤᠳᠬᠤ  ᠳᠠᠭᠠᠨ ᠴᠣᠩᠬᠤ  ᠶᠢ  ᠨᠢ ᠴᠢᠩᠭ᠎ᠠ ᠬᠠᠭᠠᠬᠤ ᠬᠡᠷᠡᠭᠲᠡᠢ᠃ ᠭᠡᠷ  ᠲᠡᠭᠡᠨ ᠬᠠᠷᠢᠭᠰᠠᠨ  ᠤ ᠳᠠᠷᠠᠭ᠎ᠠ ᠭᠠᠳᠠᠷ ᠬᠤᠪᠴᠠᠰᠤ  ᠪᠠᠨ ᠳᠠᠷᠤᠶᠢᠬᠠᠨ  ᠰᠣᠯᠢᠵᠤ᠂ ᠨᠢᠭᠤᠷ ᠢᠶᠠᠨ ᠤᠬᠢᠶᠠᠵᠤ᠂ ᠠᠮᠠ ᠬᠠᠮᠠᠷ  ᠢᠶᠠᠨ ᠵᠠᠶᠢᠯᠬᠤ ᠬᠡᠷᠡᠭᠲᠡᠢ᠃ ᠭᠤᠷᠪᠠ  ᠳᠤ᠂ ᠳᠠᠷᠬᠠᠯᠠᠭ᠎ᠠ  ᠪᠠᠨ ᠰᠠᠶᠢᠵᠢᠷᠠᠭᠤᠯᠬᠤ ᠬᠡᠷᠡᠭᠲᠡᠢ᠃ ᠡᠭᠦᠨ  ᠳᠤ ᠰᠠᠶᠢᠨ ᠤᠨᠲᠠᠵᠤ ᠠᠮᠠᠷᠠᠨ᠂ ᠢᠳᠡᠭᠡᠨ ᠤᠮᠳᠠᠭᠠᠨ  ᠢᠶᠠᠨ ᠵᠣᠬᠢᠴᠠᠭᠤᠯᠵᠤ᠂ ᠰᠢᠨ᠎ᠡ ᠰᠣᠷᠭᠤᠭ ᠨᠣᠭᠤᠭ᠎ᠠ ᠵᠢᠮᠢᠰ ᠢᠯᠡᠭᠦᠬᠡᠨ ᠢᠳᠡᠵᠦ᠂ ᠲᠣᠭᠲᠠᠭᠰᠠᠨ ᠬᠤᠭᠤᠴᠠᠭᠠᠨ  ᠳᠤ ᠪᠡᠶ᠎ᠡ  ᠪᠠᠨ ᠪᠣᠯᠪᠠᠰᠤᠷᠠᠭᠤᠯᠬᠤ ᠬᠡᠷᠡᠭᠲᠡ᠊᠃ ᠳᠥᠷᠪᠡ  ᠳᠤ᠂ ᠬᠠᠷᠰᠢᠬᠤ ᠪᠠᠶᠢᠳᠠᠯ ᠬᠦᠨᠳᠦᠷᠡᠪᠡᠯ ᠳᠠᠷᠤᠶᠢᠬᠠᠨ ᠡᠮᠴᠢᠯᠡᠭᠦᠯᠬᠦ ᠬᠡᠷᠡᠭᠲᠡᠢ᠃ ᠠᠮᠠᠷᠬᠠᠨ ᠬᠠᠷᠰᠢᠳᠠᠭ ᠪᠠ ᠠᠭᠰᠠᠭ᠎ᠠ ᠡᠪᠡᠳᠴᠢᠨ  ᠲᠠᠢ ᠬᠥᠮᠥᠰ ᠬᠤᠪᠴᠠᠰᠤ ᠬᠤᠨᠠᠷ  ᠢᠶᠠᠨ ᠲᠣᠬᠢᠷᠠᠭᠤᠯᠵᠤ᠂ ᠵᠢᠩᠭᠢᠨᠡᠵᠦ ᠳᠠᠭᠠᠷᠠᠭᠠᠳ ᠬᠢᠮᠤᠷᠠᠭ᠎ᠠ ᠲᠠᠭᠰᠢᠭᠤᠷ ᠣᠯᠬᠤ  ᠠᠴᠠ ᠪᠣᠯᠭᠤᠮᠵᠢᠯᠠᠬᠤ ᠬᠡᠷᠡᠭᠲᠡᠢ᠃ ᠬᠠᠷᠰᠢᠬᠤ ᠪᠠᠶᠢᠳᠠᠯ ᠬᠦᠨᠳᠦᠷᠡᠪᠡᠯ ᠳᠠᠷᠤᠶᠢᠬᠠᠨ ᠡᠮᠴᠢᠯᠡᠭᠦᠯᠬᠦ ᠬᠡᠷᠡᠭᠲᠡᠢ᠃      
 
ᠢᠷᠡᠯᠲᠡ᠄ ᠠᠷᠠᠳ ᠤᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号