ᠵᠣᠷᠢᠬᠰᠠᠨ ᠦᠢᠯᠡᠰ ᠲᠡᠭᠡᠨ ᠴᠣᠴᠠᠯᠳᠠ ᠦᠬᠡᠢ ᠵᠢᠳᠬᠦᠵᠣ ᠶᠠᠪᠣᠭ᠎ᠠ ᠵᠠᠯᠠᠭᠤ ᠰᠢᠯᠢᠳᠡᠭ ᠪᠠᠭᠰᠢ ᠸᠠᠩ ᠴᠢ
ᠨᠡᠶᠢᠲᠡᠯᠡᠭᠰᠡᠨ ᠴᠠᠭ᠄
2024/5/8
     ᠬᠥᠪᠡᠭᠡᠲᠦ ᠰᠢᠷ᠎ᠡ ᠬᠤᠰᠢᠭᠤᠨ ᠤ ᠪᠠᠨ ᠰᠤᠷᠭᠠᠨ ᠬᠥᠮᠦᠵᠢᠯ ᠤᠨ ᠦᠢᠯᠡᠰ ᠲᠤ ᠵᠠᠯᠠᠭᠤ ᠨᠠᠰᠤᠨ ᠤ ᠪᠠᠨ ᠴᠤᠭ ᠵᠢᠪᠬᠤᠭ᠎ᠠ ᠶᠢ ᠪᠠᠳᠠᠷᠠᠭᠤᠯᠵᠤ᠂ ᠲᠤᠬᠠᠶᠢᠯᠠᠭᠰᠠᠨ ᠠᠵᠢᠯ ᠳᠠᠭᠠᠨ ᠴᠤᠴᠠᠯᠳᠠ ᠦᠬᠡᠢ ᠴᠢᠷᠮᠠᠶᠢᠵᠣ ᠶᠠᠪᠤᠭ᠎ᠠ ᠰᠢᠯᠢᠳᠡᠭ ᠪᠠᠭᠰᠢᠨᠠᠷ ᠤᠨ ᠨᠢᠭᠡ ᠪᠤᠯ ᠲᠠᠷᠦᠢ ᠬᠦᠪᠡᠭᠡᠳᠦ ᠰᠢᠷ᠎ᠠ ᠬᠤᠰᠢᠭᠤᠨ ᠤ ᠬᠤᠶᠠᠳᠤᠭᠠᠷ ᠪᠠᠭ᠎ᠠ ᠰᠤᠷᠭᠠᠭᠤᠯᠢ ᠶᠢᠨ ᠤᠷᠠᠨ ᠵᠢᠷᠤᠭ  ᠤᠨ ᠪᠠᠭᠰᠢ ᠸᠠᠩ ᠴᠢ ᠪᠤᠯᠤᠨ᠎ᠠ᠃ ᠲᠡᠷᠡᠪᠡᠷ ᠶᠡᠷᠡᠭᠡᠳ ᠣᠨ ᠳᠤ ᠲᠥᠷᠥᠭᠰᠡᠨ ᠵᠠᠯᠠᠭᠤ ᠪᠠᠭᠰᠢ ᠪᠣᠯᠤᠭᠰᠠᠨ ᠤ ᠬᠤᠪᠢ ᠲᠤ᠂ ᠭᠠᠯ ᠵᠠᠯᠠᠭᠤ ᠨᠠᠰᠤᠨ ᠤ ᠤᠷᠬᠢᠯᠤᠮ᠎ᠠ ᠬᠠᠯᠠᠭᠤᠨ ᠵᠤᠷᠢᠭ ᠢᠶᠠᠷ ᠠᠳᠠᠯ ᠦᠢᠯᠡᠰ ᠲᠡᠭᠡᠨ ᠵᠢᠳᠬᠦᠵᠣ᠂ ᠵᠠᠯᠠᠭᠤᠴᠤᠳ ᠤᠨ ᠢᠶᠠᠨ ᠲᠤᠮᠳᠠ ᠲᠠᠭᠤᠷᠢᠶᠠᠯ ᠪᠤᠯᠵᠦ ᠶᠠᠪᠤᠨ᠎ᠠ᠃     ᠬᠦᠪᠡᠭᠡᠳᠦ ᠰᠢᠷ᠎ᠠ ᠬᠤᠰᠢᠭᠤᠨ ᠤ ᠬᠤᠶᠠᠳᠤᠭᠠᠷ ᠪᠠᠭ᠎ᠠ ᠰᠤᠷᠭᠠᠭᠤᠯᠢ ᠶᠢᠨ ᠬᠢᠴᠢᠶᠡᠯ ᠤᠨ ᠲᠠᠩᠬᠢᠮ ᠳᠤ᠂ ᠸᠠᠩ ᠴᠢ ᠶᠠᠭ ᠰᠠᠶᠢᠬᠠᠨ ᠰᠤᠷᠤᠭᠴᠢᠳ ᠲᠤ ᠪᠠᠨ ᠤᠷᠠᠨ ᠵᠢᠷᠤᠭ ᠤᠨ ᠤᠷ᠎ᠠ ᠮᠡᠷᠭᠡᠵᠢᠯ᠂ ᠨᠠᠷᠢᠨ ᠠᠭᠤᠯᠭ᠎ᠠ ᠪᠠᠨ ᠲᠠᠶᠢᠯᠪᠣᠷᠢᠯᠠᠵᠣ ᠪᠠᠶᠢᠯ᠎ᠠ᠃ ︽ᠪᠢ 9 ᠵᠢᠯ ‍ᠤᠨ‌ᠡᠮᠦᠨ᠎ᠡ ᠬᠢᠴᠢᠶᠡᠯ ᠤᠨ ᠲᠠᠶᠢᠰᠠᠨ ᠳᠤ ᠭᠠᠷᠴᠤ ᠨᠢᠭᠡᠨ ᠠᠷᠠᠳ ᠤᠨ ᠪᠠᠭᠰᠢ ᠪᠣᠯᠣᠬᠰᠠᠨ︔ ᠪᠠᠭᠰᠢ ᠪᠣᠯᠤᠭᠰᠠᠨ ᠤ ᠬᠤᠪᠢ ᠲᠤ ᠰᠤᠷᠤᠭᠴᠢᠳ ᠢ ᠬᠦᠨᠳᠦᠳᠬᠡᠬᠦ ᠪᠣᠯ ᠪᠠᠭᠰᠢ ᠶᠢᠨ ᠶᠣᠰᠣ ᠮᠣᠷᠠᠯ ᠤᠨ ᠰᠠᠭᠤᠷᠢ ᠮᠥᠨ︔ ᠢᠮᠠᠭᠲᠠ ᠰᠤᠷᠤᠭᠴᠢ ᠪᠠᠷ ᠭᠤᠣᠯ ᠪᠣᠯᠭᠠᠵᠤ᠂ ᠰᠤᠷᠤᠭᠴᠢᠳ ᠤᠨ ᠬᠡᠷᠡᠭᠴᠡᠭᠡ ᠱᠠᠭᠠᠷᠳᠠᠯᠭ᠎ᠠ ᠪᠠ ᠦᠰᠦᠨ ᠪᠤᠶᠢᠵᠢᠯᠲᠠ ᠶᠢ ᠠᠩᠬᠠᠷᠪᠠᠯ ᠵᠣᠬᠢᠨ᠎ᠠ︔ ᠪᠠᠭᠠᠴᠤᠳ ᠤᠨ ᠬᠤᠰᠢᠭᠤᠴᠢ ᠠᠩᠬᠢ ᠶᠢᠨ ᠬᠠᠪᠰᠤᠷᠤᠨ ᠵᠢᠯᠤᠭᠤᠳᠤᠬᠴᠢ ᠪᠣᠯᠤᠭᠰᠠᠨ ᠤ ᠬᠤᠪᠢ  ᠲᠤ᠂ ᠥᠪᠡᠷᠮᠢᠴᠡ ᠣᠨᠴᠠᠯᠢᠭ ᠲᠠᠢ ᠪᠠᠭᠠᠴᠤᠳ ᠤᠨ ᠬᠤᠰᠢᠭᠤᠴᠢ ᠠᠩᠬᠢ ᠶᠢᠨ ᠠᠵᠢᠯᠯᠠᠭ᠎ᠠ ᠶᠢ ᠪᠠᠶᠢᠩᠭᠤ ᠥᠷᠨᠢᠭᠦᠯᠵᠦ᠂ ᠪᠠᠭᠠᠴᠤᠳ ᠤᠨ ᠬᠤᠰᠢᠭᠤᠴᠢ ᠠᠩᠬᠢ ᠶᠢᠨ ᠬᠠᠮᠢᠶᠠᠷᠤᠯᠲᠠ ᠶᠢ ᠭᠦᠢᠴᠡᠳ ᠠᠰᠢᠭᠯᠠᠵᠤ᠂ ᠰᠤᠷᠤᠭᠴᠢᠳ ᠢ ᠬᠠᠮᠢᠶᠠᠷᠴᠦ ᠰᠤᠷᠤᠭᠴᠢᠳ ᠲᠤ ᠦᠢᠯᠡᠴᠢᠯᠡᠬᠦ ᠶᠢ ᠠᠩᠬᠠᠷᠳᠠᠭ︾ ᠭᠡᠵᠦ ᠸᠠᠩ ᠴᠢ ᠰᠤᠷᠪᠤᠯᠵᠢᠯᠠᠭᠴᠢ ᠳᠤ ᠶᠠᠷᠢᠯ᠎ᠠ᠃     ᠸᠠᠩ ᠴᠢ ᠨᠠᠮ ᠤᠨ ᠭᠡᠰᠢᠭᠦᠨ᠂ ᠰᠢᠯᠢᠳᠡᠭ ᠰᠤᠷᠭᠠᠨ ᠬᠦᠮᠦᠵᠢᠯ ᠤᠨ ᠠᠵᠢᠯᠲᠠᠨ ᠪᠣᠯᠤᠭᠰᠠᠨ ᠤ ᠬᠤᠪᠢ ᠳᠤ᠂ ᠠᠵᠢᠯᠴᠢ ᠬᠢᠴᠢᠶᠡᠩᠭᠦᠶ ᠪᠠᠷ ᠠᠵᠢᠯᠯᠠᠵᠤ᠂ ᠦᠵᠡᠯ ᠰᠠᠨᠠᠭ᠎ᠠ ᠤᠯᠤᠰ ᠲᠥᠷᠥ ᠶᠢᠨ ᠰᠤᠷᠤᠯᠴᠠᠯᠭ᠎ᠠ ᠶᠢ ᠲᠤᠬᠠᠶᠢᠯᠠᠭᠰᠠᠨ ᠠᠵᠢᠯ ᠲᠠᠢ ᠪᠠᠨ ᠤᠶᠠᠯᠳᠤᠭᠤᠯᠵᠤ᠂ ᠤᠷᠠᠨ ᠵᠢᠷᠤᠭ ᠤᠨ ᠳᠤᠭᠤᠶᠢᠯᠠᠩ ᠤᠨ ᠪᠤᠰᠤᠳ ᠪᠠᠭᠰᠢ ᠲᠠᠢ ᠪᠠᠨ ᠵᠢᠭᠠᠨ ᠰᠤᠷᠭᠠᠯᠲᠠ ᠶᠢᠨ ᠲᠠᠯ᠎ᠠ ᠪᠠᠷ ᠰᠤᠳᠤᠯᠤᠨ ᠶᠠᠷᠢᠯᠴᠠᠵᠤ᠂ ᠬᠢᠴᠢᠶᠡᠯ ᠤᠨ ᠦᠷ᠎ᠡ ᠪᠦᠲᠦᠮᠵᠢ ᠪᠠ ᠶᠡᠷᠦᠩᠬᠡᠶᠢᠯᠡᠭᠰᠡᠨ ᠬᠡᠪ ᠴᠢᠨᠠᠷ ᠢᠶᠠᠨ ᠲᠠᠰᠤᠷᠠᠯᠲᠠ ᠥᠬᠡᠶ ᠲᠡᠭᠡᠭᠰᠢᠯᠡᠬᠦᠯᠦᠭᠰᠡᠭᠡᠷ ᠢᠷᠡᠵᠡᠢ᠃ ᠬᠥᠪᠡᠭᠡᠲᠦ ᠰᠢᠷ᠎ᠡ ᠬᠤᠰᠢᠭᠤᠨ ᠤ ᠬᠤᠶᠠᠳᠤᠭᠠᠷ ᠪᠠᠭ᠎ᠠ ᠰᠤᠷᠭᠠᠭᠤᠯᠢ ᠶᠢᠨ ᠲᠠᠮᠢᠷ ᠤᠨ ᠪᠠᠭᠰᠢ ᠲᠢᠶᠠᠨ ᠰᠢᠨ ᠯᠧᠢ ᠠᠴᠠ ︽ᠪᠢ ᠰᠢᠨ᠎ᠠ ᠠᠵᠢᠯ ᠳᠤ ᠣᠷᠣᠭᠰᠠᠨ ᠪᠠᠭᠰᠢ ᠪᠣᠯᠤᠭᠰᠠᠨ ᠤ ᠬᠤᠪᠢ ᠳᠤ᠂ ᠸᠠᠩ ᠴᠢ ᠪᠠᠭᠰᠢ ᠶᠢ ᠲᠣᠩ ᠬᠦᠨᠳᠣᠳᠬᠡᠵᠣ ᠪᠢᠰᠢᠷᠡᠳᠡᠭ︔ ᠸᠠᠩ ᠴᠢ ᠪᠠᠭᠰᠢ ᠳᠠᠷᠤᠤ ᠨᠣᠮᠣᠬᠠᠨ᠂ ᠤᠴᠢᠷ ᠶᠠᠪᠤᠳᠠᠯ ᠰᠢᠢᠳᠪᠣᠷᠢᠯᠡᠬᠦ ᠳᠤ ᠯᠠᠪᠳᠠᠭᠤᠨ ᠮᠦᠷᠳᠡᠬᠡᠨ ᠡᠯᠪᠡᠭ ᠪᠠᠶᠠᠯᠢᠭ ᠵᠢᠭᠠᠨ ᠰᠤᠷᠭᠠᠯᠲᠠ ᠶᠢᠨ ᠲᠤᠷᠰᠢᠯᠭ᠎ᠠ ᠲᠠᠢ︔ ᠲᠡᠭᠦᠨ ᠤ ᠬᠢᠴᠢᠶᠡᠯ ᠢ ᠰᠤᠷᠤᠭᠴᠢᠳ ᠰᠤᠨᠤᠰᠬᠤ ᠲᠤᠷᠠᠳᠠᠢ ᠪᠠᠶᠢᠳᠠᠭ︔ ᠪᠢᠳᠡᠨ ᠳᠤ ᠲᠡᠬᠦᠨ ᠠᠴᠠ ᠰᠤᠷᠤᠯᠴᠠᠬᠤ ᠵᠦᠢᠯ ᠤᠯᠠᠨ ᠪᠤᠢ︾ ᠭᠡᠵᠦ ᠶᠠᠷᠢᠯ᠎ᠠ᠃     ᠸᠠᠩ ᠴᠢ ᠪᠠᠭᠰᠢ ᠤᠷᠢ ᠵᠠᠯᠠᠭᠤ ᠨᠠᠰᠤᠨ ᠤ ᠬᠠᠯᠠᠭᠤᠨ ᠬᠠᠶᠢᠷ᠎ᠠ ᠪᠠᠷ ᠢᠶᠠᠨ ᠰᠢᠯᠢᠳᠡᠭ ᠪᠠᠭᠠᠴᠤᠳ ᠤᠨ ᠬᠤᠰᠢᠭᠤᠴᠢ ᠠᠩᠬᠢ ᠶᠢᠨ ᠭᠡᠰᠢᠭᠦᠨ ᠢ ᠬᠦᠮᠦᠵᠢᠬᠦᠯᠦᠭᠰᠡᠨ ᠠᠴᠠ ᠲᠠᠭᠠᠭᠤᠯᠵᠣ ᠪᠠᠶᠢᠭ᠎ᠠ ᠪᠠᠭᠠᠴᠤᠳ ᠤᠨ ᠬᠤᠰᠢᠭᠤᠴᠢ ᠠᠩᠭᠢ ᠨᠢ ᠥᠪᠡᠷᠲᠡᠭᠡᠨ ᠵᠠᠰᠠᠬᠤ ᠣᠷᠣᠨ ᠤ ᠰᠢᠯᠢᠳᠡᠭ ᠶᠡᠭᠡ ᠠᠩᠭᠢ ᠶᠢᠨ ᠴᠣᠯᠠ ᠶᠢ ᠣᠯᠠᠨ ᠤᠳᠠᠭ᠎ᠠ ᠬᠦᠷᠲᠡᠵᠦ᠂ ᠸᠠᠩ ᠴᠢ ᠪᠠᠭᠰᠢ ᠲᠡᠷᠢᠭᠦᠨ ᠤ ᠬᠤᠪᠢ ᠬᠥᠮᠦᠨ᠂ ᠰᠢᠯᠢᠳᠡᠭ ᠪᠠᠭᠠᠴᠤᠳ ᠤᠨ ᠬᠤᠰᠢᠭᠤᠴᠢ ᠠᠩᠭᠢ ᠶᠢᠨ ᠬᠠᠪᠰᠤᠷᠤᠨ ᠵᠢᠯᠣᠭᠤᠳᠣᠭᠴᠢ ᠵᠡᠷᠭᠡ ᠢᠷᠠᠭᠤ ᠠᠯᠳᠠᠷ ᠢ ᠬᠦᠷᠳᠡᠵᠠᠢ᠃
 
ᠢᠷᠡᠯᠲᠡ᠄ ᠬᠥᠪᠡᠭᠡᠲᠦ ᠰᠢᠷ᠎ᠡ ᠬᠤᠰᠢᠭᠤᠨ ᠤ ᠬᠠᠮ ᠵᠠᠭᠤᠴᠢᠯᠠᠭᠤᠷ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号