︽ᠠᠨᠠᠷ ᠤᠨ ᠦᠷ᠎ᠡ︾ ᠤᠬᠠᠭᠤᠯᠤᠨ ᠲᠠᠶᠢᠯᠪᠤᠷᠢᠯᠠᠬᠤ ᠪᠦᠯᠬᠦᠮ᠄ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠳᠤ ᠵᠠᠯᠠᠭᠤ ᠨᠠᠰᠤᠨ ᠤ ᠬᠦᠴᠦᠨ ᠴᠢᠳᠠᠯ  ᠢᠶᠠᠨ ᠡᠷᠭᠦᠨ᠎ᠡ
ᠨᠡᠶᠢᠲᠡᠯᠡᠭᠰᠡᠨ ᠴᠠᠭ᠄
2024/5/8
        ᠪᠣᠭᠳᠠ ᠶᠢᠨ ᠭᠤᠤᠯ ᠰᠤᠮᠤᠨ ᠤ ︽ᠠᠨᠠᠷ ᠤᠨ ᠦᠷ᠎ᠡ︾ ᠤᠬᠠᠭᠤᠯᠤᠨ ᠲᠠᠶᠢᠯᠪᠤᠷᠢᠯᠠᠬᠤ ᠪᠦᠯᠬᠦᠮ ᠪᠠᠶᠢᠭᠤᠯᠤᠭᠳᠠᠭᠰᠠᠨ ᠠᠴᠠ ᠨᠠᠰᠢ᠂ 20 ᠵᠠᠯᠠᠭᠤ ᠤᠬᠠᠭᠤᠯᠤᠨ ᠲᠠᠶᠢᠯᠪᠤᠷᠢᠯᠠᠭᠴᠢ ᠳᠡᠭᠡᠳᠦ ᠬᠡᠮᠵᠢᠶᠡᠨ ᠤ ᠬᠠᠷᠢᠭᠤᠴᠠᠯᠭᠠᠲᠤ ᠰᠡᠳᠬᠢᠯᠭᠡ᠂ ᠪᠠᠲᠤ ᠴᠢᠩᠭ᠎ᠠ ᠡᠭᠦᠷᠭᠡᠲᠦ ᠰᠡᠳᠬᠢᠯᠭᠡ ᠪᠣᠯᠤᠨ ᠣᠷᠭᠢᠯᠤᠮ᠎ᠠ ᠬᠠᠯᠠᠭᠤᠨ ᠠᠵᠢᠯ ᠤᠨ ᠰᠡᠳᠬᠢᠯᠭᠡ ᠪᠠᠷ ᠠᠵᠢᠯ ᠤᠨ ᠪᠣᠳᠠᠲᠤ ᠪᠠᠶᠢᠳᠠᠯ ᠲᠠᠢ ᠪᠠᠨ ᠨᠢᠭᠲᠠ ᠤᠶᠠᠯᠳᠤᠭᠤᠯᠤᠨ᠂ ᠦᠨᠳᠦᠰᠦᠨ ᠱᠠᠲᠤᠨ ᠤ ᠡᠮᠦᠨ᠎ᠡ ᠹᠷᠣᠨᠲ ᠲᠤ ᠭᠦᠨᠵᠡᠭᠡᠶᠢᠷᠡᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ  ᠢ ᠪᠠᠲᠤ ᠴᠣᠭᠴᠠᠯᠠᠬᠤ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠠᠬᠢᠭᠤᠯᠬᠤ ᠲᠣᠭᠤᠷᠢᠨ ᠳᠤ ᠤᠬᠠᠭᠤᠯᠤᠨ ᠲᠠᠶᠢᠯᠪᠤᠷᠢᠯᠠᠬᠤ ᠠᠵᠢᠯ ᠥᠷᠨᠢᠭᠦᠯᠪᠡ᠃        ᠡᠷᠦᠬᠡ ᠳᠤ ᠭᠦᠷᠴᠦ ᠲᠦᠷᠦ ᠶᠢᠨ ᠪᠤᠳᠤᠯᠭ᠎ᠠ ᠶᠢ ᠤᠬᠠᠭᠤᠯᠤᠭᠰᠠᠨ ᠨᠢ—3 ᠰᠠᠷ᠎ᠠ ᠠᠴᠠ ᠨᠠᠰᠢ᠂ ︽ᠠᠨᠠᠷ  ᠤᠨ ᠦᠷ᠎ᠡ︾ ᠤᠬᠠᠭᠤᠯᠤᠨ ᠲᠠᠶᠢᠯᠪᠤᠷᠢᠯᠠᠬᠤ ᠪᠦᠯᠬᠦᠮ ᠨᠢ ᠨᠡᠶᠢᠲᠡ 20 ᠭᠠᠷᠤᠶ ᠤᠳᠠᠭ᠎ᠠ ᠡᠷᠦᠬᠡ ᠳᠤ ᠭᠦᠷᠴᠦ ᠤᠬᠠᠭᠤᠯᠤᠨ ᠲᠠᠶᠢᠯᠪᠤᠷᠢᠯᠠᠵᠤ᠂ 1000 ᠬᠥᠮᠦᠨ ᠤᠳᠠᠭ᠎ᠠ ᠳᠤ ᠭᠦᠷᠣᠭ᠍ᠰᠡᠨ ᠪᠠᠶᠢᠨ᠎ᠠ᠃ ᠵᠠᠯᠠᠭᠤ ᠤᠬᠠᠭᠤᠯᠤᠨ ᠲᠠᠶᠢᠯᠪᠤᠷᠢᠯᠠᠭᠴᠢ ᠮᠠᠯᠴᠢᠨ ᠲᠦᠮᠡᠨ ᠤ ᠬᠡᠷ ᠲᠤ ᠬᠦᠷᠴᠦ᠂ ᠲᠡᠳᠡᠨ ᠲᠠᠢ ︽ᠨᠢᠭᠤᠷᠳᠠᠨ ᠠᠭᠤᠯᠵᠠᠵᠤ︾᠂ ᠶᠡᠷᠦᠩᠬᠡᠶ ᠱᠦᠵᠢ ᠰᠢ ᠶᠢᠨ ᠫᠢᠩ ᠤᠨ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠶ ᠴᠢᠬᠤᠯᠠ ᠦᠵᠡᠯ ᠰᠠᠨᠠᠭ᠎ᠠ ᠶᠢ ᠤᠬᠠᠭᠤᠯᠤᠨ ᠲᠠᠶᠢᠯᠪᠤᠷᠢᠯᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠶᠢᠨ ᠠᠯᠤᠰ ᠬᠡᠲᠦ ᠶᠢᠨ ᠠᠴᠢ ᠬᠤᠯᠪᠣᠭᠳᠠᠯ᠂ ᠨᠠᠮ ᠤᠨ ᠦᠨᠳᠦᠰᠦᠲᠡᠨ ᠤ ᠲᠥᠷᠥ ᠶᠢᠨ ᠪᠣᠳᠣᠯᠭ᠎ᠠ ᠶᠢᠨ ᠣᠨᠣᠯ ᠪᠠ ᠬᠠᠤᠯᠢ ᠴᠠᠭᠠᠵᠠ ᠬᠠᠤᠯᠢ ᠲᠣᠭᠲᠠᠭᠠᠯ ᠢ ᠤᠬᠠᠭᠤᠯᠤᠨ ᠲᠠᠶᠢᠯᠪᠤᠷᠢᠯᠠᠵᠤ᠂ ᠦᠨᠳᠦᠰᠦᠲᠡᠨ ᠨᠦᠭᠦᠳ ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠢ ᠠᠬᠢᠭᠤᠯᠬᠤ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠡᠭᠦᠳᠦᠨ ᠪᠠᠶᠢᠭᠤᠯᠤᠯᠲᠠ ᠶᠢᠨ ᠴᠢᠬᠤᠯᠠ ᠠᠴᠢ ᠬᠤᠯᠪᠣᠭᠳᠠᠯ ᠪᠠ  ᠨᠥᠯᠥᠭᠡ ᠶᠢ ᠲᠠᠶᠢᠯᠪᠤᠷᠢᠯᠠᠵᠤ᠂ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠵᠤ᠂  ᠤᠨᠤᠯ ᠢ ᠠᠮᠢᠳᠤᠯᠢᠭ ᠰᠠᠶᠢᠬᠠᠨ ᠶᠠᠷᠢᠵᠤ᠂ ᠲᠤᠶᠢᠯᠪᠤᠷᠢᠲᠠᠶ ᠲᠠᠶᠢᠯᠪᠤᠷᠢᠯᠠᠪᠠ᠃       ᠰᠡᠳᠬᠢᠯ ᠢᠶᠠᠨ ᠳᠡᠯᠭᠡᠨ ᠬᠦᠴᠢᠷ ᠠᠰᠠᠭᠤᠳᠠᠯ ᠢ ᠰᠢᠢᠳᠪᠤᠷᠢᠯᠡᠭᠰᠡᠨ ᠨᠢ— ᠦᠨᠳᠦᠰᠦᠲᠡᠨ ᠤ ᠲᠦᠷᠦ ᠶᠢᠨ ᠪᠤᠳᠤᠯᠭ᠎ᠠ ᠶᠢᠨ ᠤᠨᠤᠯ ᠤᠨ ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ ᠥᠷᠨᠢᠭᠦᠯᠬᠦ ᠶᠢᠨ ᠬᠠᠮᠲᠤ᠂ ᠵᠠᠯᠠᠭᠤ ᠤᠬᠠᠭᠤᠯᠤᠨ ᠲᠠᠶᠢᠯᠪᠤᠷᠢᠯᠠᠭᠴᠢ ᠲᠤᠰ ᠲᠤᠰ ᠤᠨ ᠠᠵᠢᠯ ᠤᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠵᠤ᠂ ᠬᠠᠤᠯᠢ ᠬᠡᠷᠡᠭᠵᠢᠭᠦᠯᠬᠦ᠂ ᠬᠠᠤᠯᠢ ᠲᠦᠭᠡᠮᠡᠯᠵᠢᠭᠦᠯᠬᠦ᠂ ᠠᠷᠠᠳ ᠲᠤ ᠲᠦᠬᠦᠮ ᠦᠵᠡᠭᠦᠯᠬᠦ ᠦᠢᠯᠡᠴᠢᠯᠡᠭᠡ᠂ ᠰᠦᠯᠵᠢᠶᠡᠨ ᠤ ᠠᠮᠤᠷ ᠲᠦᠪᠰᠢᠨ᠂ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ᠂ ᠠᠶᠤᠯᠭᠦᠢ ᠦᠢᠯᠡᠳᠪᠦᠷᠢᠯᠡᠯ ᠵᠡᠷᠭᠡ ᠤᠯᠠᠨ ᠲᠦᠮᠡᠨ ᠤ ᠠᠮᠢᠳᠤᠷᠠᠯ ᠲᠠᠢ ᠨᠢᠭᠲᠠ ᠬᠤᠯᠪᠣᠭ᠎ᠠ ᠲᠠᠢ ᠠᠭᠤᠯᠭ᠎ᠠ ᠪᠠᠷ ᠭᠤᠣᠯᠳᠠᠭᠤᠯᠵᠤ᠂ ᠲᠦᠷᠦ ᠶᠢᠨ ᠪᠤᠳᠤᠯᠭ᠎ᠠ  ᠶᠢᠨ ᠠᠭᠤᠯᠤᠭᠳᠠᠬᠤᠨ ᠢ ᠲᠠᠶᠢᠯᠪᠤᠷᠢᠯᠠᠵᠤ᠂ ᠲᠦᠷᠦ ᠶᠢᠨ ᠪᠤᠳᠤᠯᠭ᠎ᠠ ᠶᠢᠨ ᠱᠠᠭᠠᠷᠳᠠᠯᠭ᠎ᠠ ᠶᠢ ᠤᠬᠠᠭᠤᠯᠵᠤ᠂ ᠥᠷᠭᠡᠨ ᠤᠯᠠᠨ ᠮᠠᠯᠴᠢᠨ ᠲᠦᠮᠡᠨ ᠢ ᠬᠦᠳᠤᠯᠤᠨ ᠵᠢᠯᠣᠭᠤᠳᠴᠤ ᠨᠠᠮ ᠤᠨ ᠡᠯ᠎ᠡ ᠵᠦᠢᠯ ᠤᠨ ᠦᠨᠳᠦᠰᠦᠲᠡᠨ ᠤ ᠲᠦᠷᠦ ᠶᠢᠨ ᠪᠤᠳᠤᠯᠭ᠎ᠠ ᠶᠢ ᠨᠡᠩ ᠭᠦᠨᠵᠡᠭᠡᠢ ᠤᠢᠢᠯᠠᠭᠠᠭᠤᠯᠵᠤ᠂ ᠲᠡᠳᠡᠨ ᠢ ᠬᠠᠪᠰᠤᠷᠤᠨ ᠡᠳᠦᠷ ᠲᠤᠳᠤᠮ ᠤᠨ ᠦᠢᠯᠡᠳᠪᠦᠷᠢᠯᠡᠯ ᠠᠮᠢᠳᠤᠷᠠᠯ ᠤᠨ ᠡᠯ᠎ᠡ ᠵᠦᠢᠯ ᠤᠨ ᠬᠦᠴᠢᠷ ᠠᠰᠠᠭᠤᠳᠠᠯ ᠢ ᠨᠢ ᠰᠢᠢᠳᠪᠦᠷᠢᠯᠡᠵᠦ ᠥᠭᠪᠡ᠃        ᠵᠠᠯᠠᠭᠤ ᠤᠬᠠᠭᠤᠯᠤᠨ ᠲᠠᠶᠢᠯᠪᠤᠷᠢᠯᠠᠭᠴᠢ ᠪᠣᠳᠠᠲᠠᠢ ᠶᠢ ᠡᠷᠬᠢᠮᠯᠡᠬᠦ ᠣᠪᠣᠷ᠂ ᠠᠮᠢᠳᠤᠯᠢᠭ ᠲᠠᠶᠢᠯᠪᠤᠷᠢᠯᠠᠯᠲᠠ ᠪᠠᠷ ᠦᠨᠳᠦᠰᠦᠲᠡᠨ ᠨᠦᠭᠦᠳ ᠤᠨ ᠤᠯᠠᠨ ᠲᠦᠮᠡᠨ ᠤ ᠨᠠᠮ ᠪᠣᠯᠤᠨ ᠤᠯᠤᠰ ᠤᠨ ᠦᠨᠳᠦᠰᠦᠲᠡᠨ ᠤ ᠲᠦᠷᠦ ᠶᠢᠨ ᠪᠤᠳᠤᠯᠭ᠎ᠠ᠂ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠲᠤᠬᠠᠢ ᠣᠶᠢᠯᠠᠭᠠᠯᠲᠠ ᠶᠢ ᠤᠯᠠᠮ ᠴᠢᠨᠠᠭᠰᠢᠳᠠ ᠴᠢᠩᠭᠠᠳᠬᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠡᠨᠡ ᠬᠦ ᠭᠤᠣᠯ ᠰᠢᠵᠢᠮ ᠢ ᠪᠠᠲᠤ ᠡᠵᠡᠮᠳᠡᠬᠦ᠂ ᠳᠤᠮᠳᠠᠳᠤ ᠶᠢᠨ ᠦᠨᠳᠦᠰᠦᠲᠡᠨ ᠨᠢᠭᠡ ᠭᠡᠷ ᠤᠨ ᠬᠥᠮᠦᠨ ᠮᠡᠲᠦ ᠳᠣᠲᠣᠨᠣ ᠤᠶᠤᠨ ᠰᠠᠨᠠᠭᠠᠨ ᠤ ᠳᠦᠷᠰᠦ ᠪᠠᠶᠢᠳᠠᠯ ᠢ ᠢᠯᠡᠷᠡᠭᠦᠯᠬᠦ᠂ ᠦᠨᠳᠦᠰᠦᠲᠡᠨ ᠨᠦᠭᠦᠳ ᠠᠨᠠᠷ ᠤᠨ ᠦᠷ᠎ᠡ ᠰᠢᠭ ᠨᠢᠭᠲᠠᠷᠠᠨ ᠪᠦᠯᠬᠦᠮᠳᠡᠬᠦ ᠪᠠ ᠬᠠᠮᠲᠤ ᠪᠠᠷ ᠪᠦᠯᠬᠦᠮᠳᠡᠨ ᠲᠡᠮᠡᠴᠡᠬᠦ᠂ ᠬᠠᠮᠲᠤ ᠪᠠᠷ ᠴᠡᠴᠡᠭᠯᠡᠨ ᠬᠥᠭᠵᠢᠬᠦ ᠶᠢ ᠠᠬᠢᠭᠤᠯᠬᠤ  ᠳᠤ ᠵᠠᠯᠠᠭᠤ ᠨᠠᠰᠤᠨ ᠤ ᠬᠦᠴᠦᠨ ᠴᠢᠳᠠᠯ ᠢᠶᠠᠨ ᠡᠷᠭᠦᠪᠡ᠃ 
 
ᠢᠷᠡᠯᠲᠡ᠄ ᠪᠣᠭᠳᠠ ᠶᠢᠨ ᠭᠤᠤᠯ ᠰᠤᠮᠤ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号