ᠠᠷᠠᠤᠠ ᠲᠤ ᠪᠠᠨ ᠭᠦᠷᠢᠶᠠᠯᠡᠯ ᠲᠠᠢ ᠰᠠᠶᠢᠠ ᠡᠮᠴᠢ ᠴᠣᠭᠲᠤ
ᠨᠡᠶᠢᠲᠡᠯᠡᠭᠰᠡᠨ ᠴᠠᠭ᠄
2024/5/9
     ᠴᠣᠭᠲᠤ ᠪᠣᠯ ᠬᠥᠪᠡᠭᠡᠲᠦ ᠰᠢᠷ᠎ᠠ ᠬᠤᠰᠢᠭᠤᠨ ᠤ ᠠᠷᠠᠳ ᠤᠨ ᠡᠮᠨᠡᠯᠭᠡ ᠶᠢᠨ ᠬᠤᠷᠢᠶᠠᠨ ᠤ ᠳᠡᠳ᠋ ᠬᠤᠷᠢᠶᠠᠨ ᠳᠠᠷᠤᠭ᠎ᠠ᠂ ᠴᠢᠰᠤ ᠶᠢ ᠨᠡᠪᠴᠢᠭᠦᠯᠥᠡ ᠢᠯᠭᠠᠷᠠᠭᠤᠯᠬᠤ ᠰᠠᠯᠠᠭᠠᠨ ᠤ ᠡᠷᠬᠢᠯᠡᠭᠴᠢ᠂ ᠭᠤᠤᠯ ᠡᠮᠴᠢ ᠪᠣᠯᠤᠨ᠎ᠠ᠃ ᠤᠯᠠᠨ ᠵᠢᠯ ᠤᠨ ᠲᠤᠷᠰᠢ᠂ ᠲᠡᠷᠡ ᠡᠪ ᠬᠠᠮᠲᠤ ᠨᠠᠮ ᠤᠨ ᠭᠡᠰᠢᠭᠦᠨ ᠤ ᠪᠠᠷᠢᠮᠵᠢᠶ᠎ᠠ ᠪᠠᠷ ᠥᠪᠡᠷ ᠢ ᠪᠠᠨ ᠱᠠᠭᠠᠷᠳᠠᠠ᠂ ᠡᠮᠴᠢ ᠬᠦᠮᠦᠨ ᠤ ᠡᠷᠬᠢᠮ ᠳᠡᠭᠡᠳᠦ ᠵᠤᠷᠢᠭ ᠰᠠᠨᠠᠭ᠎ᠠ ᠪᠠᠷ ᠡᠪᠡᠳᠴᠢᠳᠡᠨ ᠪᠤᠯᠭᠠᠨ ᠳᠤ ᠤᠢᠢᠯᠡᠴᠢᠯᠡᠵᠤ᠂ ᠪᠤᠳᠠᠳᠤ ᠠᠵᠢᠯᠯᠠᠭ᠎ᠠ ᠪᠠᠷ ᠢᠶᠠᠨ ᠡᠮᠴᠢᠯᠡᠬᠡᠨ ᠤ ᠠᠵᠢᠯᠳᠠᠨ ᠤ ᠠᠮᠢᠳᠤᠷᠠᠬᠤᠢ ᠶᠢᠨ ᠦᠷᠳᠡᠭ ᠢ ᠢᠯᠡᠷᠡᠭᠦᠯᠵᠥ ᠪᠤᠢ᠃     ᠬᠥᠪᠡᠭᠡᠲᠦ ᠰᠢᠷ᠎ᠠ ᠬᠤᠰᠢᠭᠤᠨ ᠤ ᠠᠷᠠᠳ ᠤᠨ ᠡᠮᠨᠡᠯᠭᠡ ᠶᠢᠨ ᠬᠤᠷᠢᠶᠠᠨ ᠤ ᠴᠢᠰᠤ ᠨᠡᠪᠴᠢᠭᠦᠯᠥᠡ ᠢᠯᠭᠠᠷᠠᠭᠤᠯᠬᠤ ᠲᠠᠰᠤᠭ ᠲᠤ ᠤᠷᠤᠬᠤ ᠳᠤ ᠴᠣᠭᠲᠤ ᠡᠮᠴᠢ ᠰᠤᠪᠢᠯᠠᠭᠴᠢᠳ ᠲᠠᠢ ᠪᠠᠨ ᠡᠪᠡᠳᠴᠢᠲᠡᠨ ᠤ ᠪᠠᠶᠢᠳᠠᠯ ᠤᠨ ᠲᠡᠮᠳᠡᠭᠯᠡᠯ ᠢ ᠨᠢᠮᠪᠠᠢ ᠪᠠᠶᠢᠴᠠᠭᠠᠬᠤ ᠶᠢᠨ ᠳᠠᠭᠠᠤ ᠶᠠᠷᠢᠯᠴᠠᠵᠤ ᠶᠠᠭᠠᠷᠠᠯᠳᠠᠢ ᠠᠵᠢᠯᠯᠠᠵᠤ ᠪᠠᠶᠢᠯ᠎ᠠ᠃ ᠴᠣᠭᠲᠤ ᠡᠮᠴᠢ  ᠵᠠᠰᠠᠭ ᠵᠠᠬᠢᠷᠭᠠᠨ ᠤ ᠲᠠᠯ᠎ᠠ ᠶᠢᠨ ᠲᠤᠬᠠᠶᠢᠯᠠᠭᠰᠠᠨ ᠠᠵᠢᠯ ᠢ ᠬᠢᠬᠦ ᠠᠴᠠ ᠭᠠᠳᠠᠨ᠎ᠠ᠂ ᠡᠳᠦᠷ ᠪᠦᠷᠢ ᠡᠮᠴᠢᠯᠡᠭᠡ ᠬᠢᠬᠦ ᠪᠠᠨ ᠪᠠᠷᠢᠮᠲᠠᠯᠠᠵᠤ᠂ ᠶᠡᠭᠡ ᠪᠠᠭ᠎ᠠ ᠶᠠᠪᠤᠳᠠᠯ ᠳᠤ ᠴᠥᠮ ᠪᠡᠶ᠎ᠡ ᠪᠠᠷ ᠢᠶᠠᠨ ᠤᠷᠤᠯᠴᠠᠵᠤ᠂ ᠡᠪᠡᠳᠴᠢᠲᠡᠨ ᠳᠤ ᠴᠠᠭ ᠢᠮᠬᠠᠳᠠ ᠪᠦᠬᠦ ᠬᠦᠴᠦᠨ ᠢᠶᠠᠷ ᠢᠶᠠᠨ ᠦᠢᠯᠡᠴᠢᠯᠡᠭᠰᠡᠭᠡᠷ ᠢᠷᠡᠵᠠᠢ᠃     ᠴᠣᠭᠲᠤ ᠡᠮᠴᠢ ᠡᠮᠴᠢᠯᠡᠭᠡᠨ ᠤ ᠠᠵᠢᠯ ᠢ ᠬᠤᠷᠢᠭᠠᠤᠠ ᠵᠢᠯ ᠬᠢᠵᠤ᠂ ᠲᠤᠰᠢᠶᠠᠯ ᠬᠠᠷᠢᠭᠤᠴᠠᠯᠭ᠎ᠠ ᠪᠠᠨ ᠨᠠᠷᠢᠨ ᠬᠢᠨᠠᠮᠠᠭᠠᠢ ᠭᠦᠢᠴᠡᠳᠭᠡᠵᠦ᠂ ᠨᠠᠮ ᠤᠨ ᠭᠡᠰᠢᠭᠦᠡ ᠤ ᠵᠢᠱᠢᠶᠡᠴᠢ ᠦᠢᠯᠡᠳᠦᠯ ᠢ ᠪᠠᠳᠠᠷᠠᠭᠤᠯᠵᠤ᠂ ᠠᠷᠠᠳ ᠤᠯᠠᠠ ᠢ ᠰᠡᠥᠡᠬᠢᠯ ᠬᠠᠨᠤᠮᠵᠢᠳᠠᠢ ᠪᠠᠶᠢᠯᠭᠠᠬᠤ ᠶᠢ ᠥᠪᠡᠷ ᠤᠨ ᠡᠮᠴᠢᠯᠡᠭᠡᠨ ᠤ ᠪᠠᠷᠢᠮᠵᠢᠶ᠎ᠠ ᠪᠣᠯᠭᠠᠵᠤ᠂ ᠥᠪᠡᠷ ᠢ ᠪᠠᠨ ᠴᠢᠩᠭ᠎ᠠ ᠱᠠᠭᠠᠷᠳᠠᠵᠤ ᠢᠷᠡᠭᠰᠡᠡ ᠶᠤᠮ᠃ ︽ᠡᠮᠴᠢ ᠪᠣᠯᠤᠭᠰᠠᠨ ᠤ ᠬᠤᠪᠢ ᠳᠤ ᠡᠮᠴᠢ ᠶᠢᠨ ᠡᠭᠦᠷᠭᠡ ᠬᠠᠷᠢᠭᠤᠴᠠᠯᠭ᠎ᠠ ᠲᠠᠢ ᠪᠠᠶᠢᠬᠤ ᠭᠡᠷᠡᠭᠳᠡᠢ︔ ᠡᠪᠡᠳᠴᠢᠲᠡᠨ ᠲᠠᠢ ᠨᠦᠭᠦᠷᠰᠡᠭ  ᠬᠠᠷᠢᠴᠠᠵᠤ᠂ ᠡᠪᠡᠳᠴᠢᠲᠡᠨ ᠤ ᠠᠵᠤ ᠠᠬᠤᠶ ᠪᠠ ᠡᠪᠡᠥᠡᠴᠢᠠ ᠤ ᠲᠠᠯ᠎ᠠ ᠪᠠᠷ ᠵᠦᠪ ᠵᠢᠯᠤᠭᠤᠳᠤᠯᠭ᠎ᠠ ᠦᠭᠴᠥ᠂ ᠡᠮᠴᠢᠯᠡᠭᠡᠨ ᠤ ᠢᠲᠡᠭᠡᠯ ᠵᠤᠷᠢᠭ ᠢ ᠴᠢᠩᠭᠠᠯᠠᠵᠥ᠂ ᠦᠵᠡᠯ ᠰᠠᠨᠠᠭᠠᠠ ᠤ ᠠᠵᠢᠯ ᠬᠢᠵᠥ ᠲᠡᠳᠡᠡ ᠤ ᠡᠪᠡᠥᠡᠴᠢᠡ ᠢᠶᠠᠨ ᠵᠠᠰᠠᠬᠤ ᠵᠤᠷᠢᠭ ᠢ ᠭᠦᠪᠴᠢᠯᠠᠵᠥ ᠦᠭᠭᠦᠨ᠎ᠡ︔ ᠬᠤᠶᠢᠰᠢᠳᠠ ᠪᠢᠳᠡ ᠦᠷᠭᠦᠯᠵᠢᠯᠡᠨ ᠡᠪᠡᠳᠴᠢᠲᠡᠨ ᠢᠶᠠᠷ ᠭᠤᠣᠯ ᠪᠣᠯᠭᠠᠵᠤ᠂ ᠡᠮᠴᠢᠯᠡᠭᠡᠨ ᠤ ᠦᠢᠯᠡᠴᠢᠯᠡᠭᠡᠨ ᠤ ᠬᠢᠷᠢ ᠲᠦᠪᠰᠢᠨ ᠢᠶᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠪᠤᠰᠤᠳ ᠡᠮᠨᠡᠯᠭᠡ ᠶᠢᠨ ᠬᠤᠷᠢᠶ᠎ᠠ ᠂ ᠮᠡᠳᠡᠭᠡᠯᠡᠯ ᠢᠶᠠᠷ ᠲᠠᠮᠵᠢᠵᠤ ᠦᠪᠡᠷ ᠤᠨ ᠬᠢᠷᠢ ᠬᠡᠮᠵᠢᠶ᠎ᠡ ᠪᠠᠨ ᠲᠡᠭᠡᠭᠰᠢᠯᠡᠭᠦᠯᠵᠥ᠂ ᠡᠪᠡᠳᠴᠢᠲᠡᠨ ᠳᠤ ᠪᠠᠨ ᠨᠡᠩ ᠰᠠᠶᠢᠠ ᠴᠢᠨᠠᠷᠳᠠᠢ ᠡᠮᠴᠢᠯᠡᠭᠡ ᠭᠦᠷᠳᠡᠭᠡᠭᠦ ᠶᠢ ᠪᠤᠳᠤᠵᠤ ᠪᠠᠶᠢᠨ᠎ᠠ︾ ᠭᠡᠵᠦ ᠴᠣᠭᠲᠤ ᠡᠮᠴᠢ ᠶᠠᠷᠢᠵᠤ ᠪᠠᠶᠢᠯ᠎ᠠ᠃     ᠡᠳᠦᠷ ᠲᠤᠲᠤᠮ ᠤᠨ ᠣᠨᠣᠰᠢᠯᠠᠨ ᠡᠮᠨᠡᠬᠦ ᠠᠵᠢᠯ ᠤᠨ ᠳᠤᠮᠳᠠ᠂ ᠴᠣᠭᠲᠤ ᠡᠮᠴᠢ ᠤᠯᠤᠰ ᠤᠨ ᠦᠨᠳᠦᠰᠦᠨ ᠡᠮ ᠤᠨ ᠵᠦᠢᠯᠡᠰ ᠤᠨ ᠳᠦᠷᠢᠮ ᠢ ᠴᠢᠩᠭ᠎ᠠ ᠬᠡᠷᠡᠭᠵᠢᠭᠦᠯᠵᠦ᠂ ᠪᠠᠶᠢᠴᠠᠭᠠᠯᠲᠠ ᠠᠴᠠ ᠡᠮᠨᠡᠨ ᠵᠠᠰᠠᠬᠤ ᠶᠠᠪᠤᠴᠠ ᠪᠦᠷᠢ ᠳᠤ ᠡᠪᠡᠳᠴᠢᠲᠡᠨ  ᠤ ᠪᠠᠶᠢᠳᠠᠯ ᠢ ᠪᠤᠳᠤᠯᠬᠢᠯᠠᠵᠤ᠂ ᠬᠢᠮᠳᠠ ᠡᠮ ᠢᠶᠠᠷ ᠵᠠᠰᠠᠬᠤ ᠡᠪᠡᠥᠡᠴᠢᠠ ᠳᠤ ᠦᠨ᠎ᠡ ᠲᠠᠢ ᠡᠮ ᠵᠠᠷᠤᠬᠤ ᠦᠬᠡᠢ ᠪᠠᠶᠢᠵᠤ᠂ ᠪᠠᠭ᠎ᠠ ᠬᠡᠮᠵᠢᠶᠡᠨ ᠤ ᠡᠮ ᠬᠡᠷᠡᠭᠯᠡᠭᠦ ᠡᠪᠡᠥᠡᠴᠢᠠ ᠳᠤ ᠢᠯᠡᠭᠦᠴᠡ ᠡᠮ ᠭᠡᠷᠡᠭᠯᠡᠭᠦ ᠦᠭᠡᠢ ᠪᠠᠶᠢᠳᠠᠭ᠃ ᠴᠣᠭᠲᠤ ᠡᠮᠴᠢ ᠡᠪᠡᠳᠴᠢᠲᠡᠨ ᠨᠢᠭᠡᠪᠦᠷᠢ ᠶᠢᠨ ᠶᠠᠷᠢᠬᠤ ᠶᠢ ᠬᠦᠯᠢᠴᠡᠩᠭᠦᠢ ᠪᠠᠷ ᠰᠣᠨᠣᠰᠴᠤ᠂ ᠡᠪᠡᠳᠴᠢᠨ ᠤ ᠪᠠᠶᠢᠳᠠᠯ ᠢ ᠨᠠᠷᠢᠨ ᠬᠢᠨᠠᠮᠠᠭᠠᠢ ᠵᠠᠳᠠᠯᠵᠤ᠂ ᠡᠪᠡᠳᠴᠢᠲᠡᠨ ᠨᠢᠭᠡᠪᠦᠷᠢ ᠳᠤ ᠴᠢᠨᠠᠷ ᠰᠠᠶᠢᠲᠠᠢ ᠥᠨᠳᠥᠷ ᠪᠦᠲᠦᠮᠵᠢᠲᠡᠢ ᠡᠮᠴᠢᠯᠡᠭᠡᠨ ᠤ ᠦᠢᠯᠡᠴᠢᠯᠡᠭᠡ ᠬᠠᠩᠭᠠᠬᠤ ᠪᠠᠷ ᠴᠢᠷᠮᠠᠶᠢᠠ ᠠᠵᠢᠯᠯᠠᠳᠠᠭ᠃ ︽ᠮᠢᠨᠥ ᠡᠵᠢ ᠶᠢᠨ ᠠᠭᠤᠰᠬᠢ ᠨᠢ ᠮᠠᠭᠤ᠂ ᠴᠢᠰᠤᠨ ᠳᠠᠷᠤᠯᠲᠠ ᠥᠨᠳᠥᠷ ᠪᠠᠶᠢᠳᠠᠭ︔ ᠡᠨᠡ ᠤᠳᠠᠭ᠎ᠠ ᠠᠮᠢᠰᠬᠤᠭ᠎ᠠ ᠴᠢᠬᠤᠯᠳᠠᠬᠤ ᠨᠢ ᠭᠦᠡᠳᠥᠷᠥᠭᠰᠡᠡ ᠠᠴᠠ ᠴᠣᠭᠲᠤ ᠡᠮᠴᠢ ᠶᠢ ᠡᠷᠢᠵᠥ ᠦᠵᠡᠭᠦᠯᠥᠭᠰᠡᠡ︔ ᠡᠨᠡ ᠬᠤᠶᠠᠷ ᠡᠳᠦᠷ ᠨᠡᠯᠢᠶᠡᠥᠡ ᠢᠯᠠᠷᠢᠰᠢᠭᠰᠠᠨ︔ ᠪᠢᠳᠡ ᠦᠷᠭᠦᠯᠵᠢ ᠴᠣᠭᠲᠤ ᠡᠮᠴᠢ ᠶᠢ ᠡᠷᠢᠵᠦ ᠡᠪᠡᠥᠡᠴᠢᠡ ᠦᠵᠡᠭᠦᠯᠳᠡᠭ︔ ᠲᠡᠭᠦᠡ ᠤ ᠡᠪᠡᠥᠡᠴᠢᠡ ᠦᠵᠡᠭᠦ ᠨᠢ ᠮᠠᠰᠢ ᠰᠠᠶᠢᠠ︾ ᠭᠡᠵᠦ  ᠡᠵᠢ ᠪᠠᠨ ᠦᠵᠡᠬᠦᠯᠬᠦ ᠪᠠᠷ ᠢᠷᠡᠭᠰᠡᠨ ᠵᠠᠩ ᠹᠧᠩ ᠯᠢᠩ ᠶᠠᠷᠢᠯ᠎ᠠ᠃
 
ᠢᠷᠡᠯᠲᠡ᠄ ᠬᠦᠪᠡᠭᠡᠲᠦ ᠰᠢᠷ᠎ᠠ ᠬᠣᠰᠢᠭᠣᠨ ᠤ ᠬᠠᠮ ᠵᠠᠭᠤᠴᠢᠯᠠᠭᠤᠷ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号