ᠮᠤᠬᠤᠰᠢ ᠦᠭᠡᠢ ᠵᠤᠷᠢᠭ ᠢ ᠰᠤᠷᠢᠭᠰᠠᠨ ᠮᠤᠩᠭᠤᠯ ᠮᠤᠷᠢᠨ ᠤ ᠬᠤᠯᠪᠤᠭᠠᠲᠦ ᠤᠷᠤᠯᠳᠤᠭᠠᠨ
ᠨᠡᠶᠢᠲᠡᠯᠡᠭᠰᠡᠨ ᠴᠠᠭ᠄
2024/6/13
     6 ᠰᠠᠷ᠎ᠠ ᠶᠢᠨ 8 ᠤ ᠡᠳᠦᠷ᠂ 2024 ᠣᠨ ᠤ ᠰᠢᠯᠢ ᠶᠢᠨ ᠭᠤᠤᠯ ᠤᠨ ᠮᠣᠩᠭᠤᠯ ᠮᠣᠷᠢᠨ ᠤ ᠬᠤᠯᠪᠣᠭᠠᠲᠤ ᠤᠷᠤᠯᠳᠤᠭᠠᠨ ᠤ ᠬᠥᠪᠡᠭᠡᠲᠦ ᠰᠢᠷ᠎ᠠ ᠬᠤᠰᠢᠭᠤᠨ ᠤ ᠪᠣᠭᠳᠠ ᠶᠢᠨ ᠭᠤᠤᠯ ᠰᠤᠮᠤᠨ ᠳᠠᠬᠢ ᠬᠤᠪᠢᠶᠠᠷᠢ ᠲᠠᠯᠠᠪᠠᠢ ᠤᠷᠤᠯᠳᠤᠭᠠᠨ ᠤ ᠡᠬᠢᠯᠡᠯᠲᠡ ᠶᠢᠨ ᠶᠤᠰᠤᠯᠠᠯ ᠬᠠᠶ᠋ᠢᠩᠬᠢᠷᠸ᠎ᠠ ᠨᠠᠭᠠᠳᠤᠮ ᠤᠨ ᠲᠠᠯᠠᠪᠠᠢ ᠳᠤ ᠲᠡᠭᠦᠰ ᠠᠮᠵᠢᠯᠲᠠ ᠲᠠᠢ ᠶᠠᠪᠤᠭᠳᠠᠵᠠᠢ᠃     ᠡᠬᠢᠯᠡᠯᠲᠡ ᠶᠢᠨ ᠶᠣᠰᠣᠯᠠᠯ ᠳᠡᠭᠡᠷ᠎ᠡ᠂ ᠤᠨᠤᠭᠠᠴᠢᠳ ᠤᠯᠣᠰ ᠤᠨ ᠲᠤᠭ ᠢᠶᠠᠨ ᠦᠨᠳᠦᠷ ᠡᠷᠭᠦᠨ ᠵᠢᠭᠰᠠᠭᠠᠯ ᠶᠠᠪᠤᠵᠤ᠂ ᠤᠯᠠᠭᠠᠨᠮᠥ᠋ᠴᠢᠷ ᠤᠨ ᠲᠣᠭᠯᠠᠭᠴᠢᠳ ᠤᠨ ᠭᠤᠶᠢᠳᠠ ᠰᠠᠶᠢᠬᠠᠨ ᠲᠣᠭᠯᠠᠯᠲᠠ ᠨᠢ ᠲᠤᠬᠠᠢ ᠶᠢᠨ ᠲᠠᠯᠠᠪᠠᠢ ᠶᠢᠨ ᠦᠵᠡᠭᠴᠢᠳ ᠤᠨ ᠤᠷᠮ᠎ᠠ ᠵᠣᠷᠢᠭ ᠢ ᠬᠦᠭᠵᠢᠭᠡᠵᠡᠢ᠃ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠤᠰᠢᠭᠤ ᠨᠠᠮ ᠤᠨ ᠬᠤᠷᠢᠶᠠᠨ ᠤ ᠠᠯᠪᠠᠨ ᠭᠡᠷ ᠤᠨ ᠡᠷᠭᠢᠯᠡᠭᠴᠢ ᠲᠠᠪᠰᠢᠯᠳᠤ ᠤᠷᠤᠯᠳᠤᠭᠠᠨ ᠡᠬᠢᠯᠡᠭᠰᠡᠨ ᠢ ᠵᠠᠷᠯᠠᠵᠤ᠂ ᠳᠡᠳ᠋ ᠬᠤᠰᠢᠭᠤ ᠳᠠᠷᠤᠭ᠎ᠠ ᠤᠶᠤᠨᠳᠤ᠂ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠪᠤᠷᠭᠢᠯ᠂ ᠰᠣᠶᠣᠯ ᠲᠠᠮᠢᠷ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ ᠵᠡᠷᠭᠡ ᠬᠠᠮᠢᠶ᠎ᠠ ᠪᠥᠬᠦᠶ ᠰᠠᠯᠠᠭ᠎ᠠ ᠮᠥᠴᠢᠷ ᠨᠢᠭᠡᠴᠡ ᠶᠢᠨ ᠬᠠᠷᠢᠭᠤᠴᠠᠯᠭᠠᠲᠠᠳ ᠡᠬᠢᠯᠡᠯᠲᠡ ᠶᠢᠨ ᠶᠣᠰᠣᠯᠠᠯ ᠳᠤ ᠤᠷᠣᠯᠴᠠᠵᠠᠢ᠃     ᠡᠬᠢᠯᠡᠯᠲᠡ ᠶᠢᠨ ᠶᠤᠰᠤᠯᠠᠯ ᠤᠨ ᠳᠠᠷᠠᠭ᠎ᠠ᠂ ᠮᠣᠩᠭᠤᠯ ᠮᠣᠷᠢᠨ ᠤ ᠬᠤᠯᠪᠣᠭᠠᠲᠤ ᠤᠷᠤᠯᠳᠤᠭᠠᠨ ᠤ ᠬᠥᠪᠡᠭᠡᠲᠦ ᠰᠢᠷ᠎ᠠ ᠬᠤᠰᠢᠭᠤᠨ ᠤ ᠪᠣᠭᠳᠠ ᠶᠢᠨ ᠭᠤᠤᠯ ᠰᠤᠮᠤᠨ ᠳᠠᠬᠢ ᠬᠤᠪᠢᠶᠠᠷᠢ ᠲᠠᠯᠠᠪᠠᠢ ᠤᠷᠤᠯᠳᠤᠭᠠᠨ ᠪᠢᠴᠢᠭᠲᠦ ᠬᠤᠲᠠᠨ ᠳᠤ ᠶᠠᠪᠤᠭᠳᠠᠨ ᠂ ᠤᠨᠤᠭᠰᠠᠨ ᠡᠵᠡᠳ ᠨᠢ ᠤᠷᠤᠯᠳᠤᠭᠠᠨ ᠮᠤᠷᠢᠨ ᠤ ᠪᠠᠨ ᠰᠢᠨᠳᠠᠰᠤ ᠶᠢ ᠰᠤᠷᠢᠨ ᠳᠠᠪᠬᠢᠭᠤᠯᠵᠤ᠂ ᠬᠤᠷᠳᠤᠨ ᠬᠦᠯᠦᠭ ᠨᠢ ᠤᠶᠠᠭᠰᠠᠨ ᠡᠵᠡᠨ ᠤ ᠪᠠᠨ ᠤᠬᠠᠭᠠᠨ ᠢ ᠬᠠᠷᠠᠭᠤᠯᠤᠨ ᠲᠤᠪᠲᠤᠯᠵᠤ ᠪᠠᠶᠢᠯ᠎ᠠ᠃      ᠣᠶᠢᠯᠠᠭᠠᠭᠰᠠᠨ ᠢᠶᠠᠷ᠂ ᠲᠣᠰ ᠤᠳᠠᠭᠠᠨ ᠤ ᠤᠷᠤᠯᠳᠤᠭᠠᠨ ᠳᠤ ᠨᠡᠶᠢᠲᠡ 2 ᠲᠥᠷᠥᠯ ᠤᠨ 4 ᠤᠷᠤᠯᠳᠤᠭᠠᠨ ᠲᠤᠬᠢᠷᠠᠭᠤᠯᠵᠠᠢ᠃ ᠲᠣᠰ ᠲᠣᠰ ᠬᠤᠷᠳᠤᠴᠠ ᠮᠥᠷᠦ᠋ᠢᠴᠡᠬᠦ ᠲᠥᠷᠥᠯ ᠪᠠ ᠪᠤᠰᠤᠳ ᠤᠷᠤᠯᠳᠤᠭᠠᠨ ᠤ ᠲᠥᠷᠥᠯ ᠪᠣᠯᠤᠨ᠎ᠠ᠃ ᠡᠭᠦᠨ ᠳᠤ 60 ᠭᠠᠵᠠᠷ ᠤᠨ ᠠᠯᠣᠰ ᠤᠨ ᠮᠤᠷᠢᠨ ᠤ ᠤᠷᠤᠯᠳᠤᠭᠠᠨ᠂ 30 ᠭᠠᠵᠠᠷ ᠤᠨ ᠳᠤᠭᠤᠶᠢᠯᠠᠩ ᠤᠨ ᠬᠦᠴᠦᠨ ᠵᠠᠯᠭᠠᠬᠤ ᠤᠷᠤᠯᠳᠤᠭᠠᠨ᠂ ᠮᠣᠩᠭᠤᠯ ᠮᠣᠷᠢᠨ ᠤ ᠭᠤᠸ᠎ᠠ ᠰᠢᠯᠭᠠᠷᠠᠭᠤᠯᠬᠤ ᠤᠷᠤᠯᠳᠤᠭᠠᠨ ᠪᠠ ᠠᠳᠤᠭᠤᠨ ᠰᠣᠶᠣᠯ ᠤᠨ ᠰᠤᠨᠢᠷᠬᠠᠯᠲᠤ ᠤᠷᠤᠯᠳᠤᠭᠠᠨ ᠵᠡᠷᠭᠡ ᠪᠠᠭᠲᠠᠨ᠎ᠠ᠃ 60 ᠭᠠᠵᠠᠷ ᠤᠨ ᠠᠯᠣᠰ ᠤᠨ ᠮᠤᠷᠢᠨ ᠤ ᠤᠷᠤᠯᠳᠤᠭᠠᠨ ᠳᠤ ᠰᠡᠬᠦᠵᠢ ᠭᠠᠴᠠᠭᠠᠨ ᠤ ᠴᠡᠩᠭᠡᠯᠲᠦ ᠶᠢᠨ ᠮᠣᠷᠢ ᠠᠵᠢᠨᠠᠢ ᠬᠦᠯᠦᠭ᠂ ᠬᠤᠨᠢᠴᠢᠨ ᠬᠠᠰᠢᠶᠠᠲᠤ ᠭᠠᠴᠠᠭᠠᠨ ᠤ ᠡᠩᠬᠡᠪᠠᠶᠠᠷ ᠤᠨ ᠮᠣᠷᠢ ᠨᠠᠷᠠᠨ ᠮᠠᠨᠳᠤᠯ᠂ ᠪᠣᠯᠲᠤ ᠭᠠᠴᠠᠭᠠᠨ ᠤ ᠬᠥᠭᠵᠢᠯᠲᠦ ᠶᠢᠨ ᠮᠣᠷᠢ ᠰᠤᠮᠤᠨ ᠴᠠᠭᠠᠨ ᠢᠶᠠᠷ ᠲᠤᠰ ᠲᠤᠰ ᠲᠤᠳᠣᠷᠠᠵᠠᠢ︔ 30 ᠭᠠᠵᠠᠷ ᠤᠨ ᠳᠤᠭᠤᠶᠢᠯᠠᠩ ᠤᠨ ᠬᠦᠴᠦᠨ ᠵᠠᠯᠭᠠᠬᠤ ᠤᠷᠤᠯᠳᠤᠭᠠᠨ ᠤ ᠡᠮᠦᠨ᠎ᠡ 3 ᠨᠡᠷᠡᠰ ᠲᠤ ᠱᠠᠩᠨᠠᠯ ᠬᠦᠬᠢᠭᠦᠯᠥᠯ ᠭᠠᠷᠳᠠᠭᠤᠯᠵᠠᠢ᠃     ᠲᠤᠰ ᠣᠳᠠᠭᠠᠨ ᠤ ᠤᠷᠣᠯᠳᠤᠭᠠᠨ ᠨᠢ ᠵᠤᠭᠠᠴᠠᠭᠰᠠᠳ ᠤᠨ ᠠᠩᠬᠠᠷᠤᠯ ᠢ ᠲᠠᠲᠠᠵᠤ᠂ ᠲᠠᠯ᠎ᠠ ᠨᠤᠲᠤᠭ ᠤᠨ ᠰᠣᠶᠣᠯ ᠤᠨ ᠷᠢᠳᠢ ᠰᠢᠳᠢ ᠶᠢ ᠨᠡᠩ ᠤᠯᠠᠨ ᠬᠥᠮᠦᠰ ᠲᠤ ᠤᠢᠢᠯᠠᠭᠠᠭᠤᠯᠤᠭᠰᠠᠨ ᠪᠠᠶᠢᠨ᠎ᠠ᠃ ︽ᠮᠣᠷᠢᠨ ᠤᠷᠤᠯᠳᠤᠭᠠᠨ ᠦᠵᠡᠬᠦ ᠪᠣᠯ ᠮᠢᠨᠦ ᠣᠣᠯ ᠠᠴᠠ ᠪᠠᠨ ᠬᠦᠰᠡᠨ ᠮᠥᠷᠥᠭᠡᠳᠴᠦ ᠪᠠᠶᠢᠭᠰᠠᠨ ᠶᠠᠪᠤᠳᠠᠯ ᠮᠥᠨ︔ ᠬᠦᠰᠡᠨ ᠮᠦᠷᠦᠭᠡᠳᠦᠭᠰᠡᠨ ᠲᠠᠯ᠎ᠠ ᠨᠤᠲᠤᠭ ᠲᠠᠭᠠᠨ ᠢᠷᠡᠵᠦ ᠡᠶᠢᠮᠦ ᠤᠷᠤᠯᠳᠤᠭᠠᠨ ᠢ ᠣᠯᠵᠤ ᠦᠵᠡᠭᠰᠡᠨ ᠳᠡᠭᠡᠨ ᠦᠨᠡᠬᠡᠷ ᠠᠵᠠ ᠵᠠᠪᠰᠢᠶᠠᠨ ᠲᠠᠢ ᠰᠠᠨᠠᠭᠳᠠᠵᠤ ᠪᠠᠶᠢᠨ᠎ᠠ︔ ᠪᠢ ᠮᠣᠷᠢᠨ ᠤᠷᠤᠯᠳᠤᠭᠠᠨ ᠶᠠᠪᠤᠭᠳᠠᠭᠤᠯᠬᠤ ᠮᠡᠳᠡᠭᠡ ᠶᠢ ᠣᠯᠵᠤ ᠦᠵᠡᠮᠡᠭᠴᠡ ᠲᠤᠰᠬᠠᠶᠢᠯᠠᠨ  ᠬᠦᠷᠴᠦ ᠢᠷᠡᠭᠰᠡᠨ ᠶᠤᠮ︾ ᠭᠡᠵᠦ ᠬᠤᠪᠸᠢ ᠮᠤᠵᠢ ᠶᠢᠨ ᠬᠤᠸᠠᠩᠭᠠᠩ ᠬᠤᠲᠠ ᠶᠢᠨ ᠵᠤᠭᠠᠴᠠᠭᠴᠢ ᠸᠧᠨ ᠳ᠋ᠠ ᠬᠠᠨ ᠶᠠᠷᠢᠯ᠎ᠠ᠃
 
ᠢᠷᠡᠯᠲᠡ᠄ ᠬᠥᠪᠡᠭᠡᠲᠦ ᠰᠢᠷ᠎ᠠ ᠬᠤᠰᠢᠭᠤᠨ ᠤ ᠬᠠᠮ ᠵᠠᠭᠤᠴᠢᠯᠠᠭᠤᠷ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号